ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠮᠢ ᠠᠬᠤᠶ ᠵᠢ ᠰᠠᠶ᠋ᠢᠲᠤᠷ ᠬᠠᠮᠠᠭ᠋ᠠᠯᠠᠵᠤ ᠠᠮᠢ ᠠᠬᠤᠶ ᠵᠢᠨ ᠳᠠᠪᠠᠭᠤᠯᠢᠭ᠎ᠢ ᠪᠠᠳᠠᠷᠠᠭᠤᠯᠰᠤᠭ᠋ᠠᠢ
ᠨᠡᠶ᠋ᠢᠲᠡᠯᠡᠭᠰᠡᠨ ᠴᠠᠭ᠄ 2020-08-31

      ᠠᠷᠠᠳ᠎ᠤᠨ ᠡᠳᠦᠷ᠎ᠤᠨ ᠰᠣᠨᠢᠨ᠎ᠤ ᠰᠢᠭᠦᠮᠵᠢᠯᠡᠭᠴᠢ
      ᠶᠡᠷᠦᠩᠬᠡᠶ ᠱᠦᠵᠢ ᠰᠢ ᠵᠢᠨ ᠫᠢᠩ 8 ᠰᠠᠷ᠎ᠠ ᠵᠢᠨ 19᠎ᠤ ᠡᠳᠦᠷ᠎ᠤᠨ ᠦᠳᠡ ᠵᠢᠨ ᠡᠮᠦᠨ᠎ᠡ ᠠᠨᠾᠦ᠋ᠢ ᠮᠤᠵᠢ ᠵᠢᠨ ᠮᠠ ᠠᠨ ᠱᠠᠨ ᠬᠣᠲᠠ᠎ᠳᠤ ᠪᠠᠶ᠋ᠢᠴᠠᠭ᠋ᠠᠨ ᠰᠤᠳᠤᠯᠤᠯᠲᠠ ᠬᠢᠬᠦ᠎ᠳᠡᠭᠡᠨ᠂ ᠮᠠ ᠠᠨ ᠱᠠᠨ ᠬᠣᠲᠠ ᠵᠢᠨ ᠬᠥᠬᠡᠮᠥ᠋ᠷᠡᠨ᠎ᠤ ᠡᠷᠭᠢ ᠵᠢᠨ ᠱᠤᠭᠤᠮ᠎ᠢ ᠶᠡᠷᠦᠩᠬᠡᠶ᠋ᠢᠯᠡᠨ ᠴᠡᠭᠴᠡᠯᠡᠨ ᠵᠠᠰᠠᠭᠰᠠᠨ ᠪᠠ   ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠵᠤ ᠰᠡᠷᠭᠦᠭᠡᠨ ᠵᠠᠰᠠᠭᠰᠠᠨ᠂ ᠬᠥᠭᠡᠮᠦ᠋ᠷᠡᠨ᠎ᠤ ᠵᠢᠭ᠋ᠠᠰᠤ ᠠᠡᠭᠨᠠᠬᠤ ᠵᠢ ᠠᠷᠪᠠᠨ ᠵᠢᠯ ᠴᠠᠭ᠋ᠠᠵᠠᠯᠠᠭᠰᠠᠨ ᠵᠡᠷᠭᠡ ᠠᠵᠢᠯ᠎ᠢ ᠨᠠᠢ᠍ᠢ᠍ᠳᠠᠪᠤᠷᠢᠵᠢᠭᠤᠯᠤᠭᠰᠠᠨ ᠪᠠᠶ᠋ᠢᠳᠠᠯ᠎ᠢ ᠨᠠᠷᠢᠨ ᠣᠶ᠋ᠢᠯᠠᠭ᠋ᠠᠬᠤ ᠵᠢᠨ ᠬᠠᠮᠳᠤ ᠮᠦᠷᠡᠨ᠎ᠤ ᠬᠦᠪᠡᠭᠡ᠎ᠳᠤ ᠬᠦᠷᠴᠦ ᠬᠥᠬᠡᠮᠥ᠋ᠷᠡᠨ᠎ᠤ ᠤᠰᠤᠨ᠎ᠤ ᠪᠠᠶ᠋ᠢᠳᠠᠯ ᠪᠣᠯᠤᠨ ᠡᠷᠭᠢ ᠵᠢᠨ ᠱᠤᠭᠤᠮ᠎ᠤᠨ ᠠᠮᠢ ᠠᠬᠤᠶ ᠵᠢᠨ ᠣᠷᠴᠢᠨ ᠲᠣᠭᠣᠷᠢᠨ᠎ᠢ ᠪᠠᠶ᠋ᠢᠴᠠᠭ᠋ᠠᠨ ᠦᠵᠡᠪᠠ᠃ ᠶᠡᠷᠦᠩᠬᠡᠢ ᠱᠦᠵᠢ ᠰᠢ ᠵᠢᠨ ᠫᠢᠩ᠄ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠤᠨ ᠠᠵᠤ ᠠᠬᠤᠢ ᠵᠢᠨ ᠬᠥᠭᠵᠢᠯᠲᠡ᠎ᠨᠢ ᠵᠥᠷᠢᠴᠡᠯᠳᠦᠵᠦ ᠡᠰᠡᠷᠭᠦᠴᠡᠯᠳᠦᠬᠦ ᠬᠠᠷᠢᠴᠠᠭ᠎ᠠ᠎ᠲᠠᠢ ᠪᠢᠰᠢ᠂ ᠬᠠᠷᠢᠨ ᠬᠤᠪᠢᠰᠤᠩᠭᠤᠢ ᠨᠢᠭᠡᠳᠦᠯ᠎ᠤᠨ ᠬᠠᠷᠢᠴᠠᠭ᠎ᠠ᠎ᠲᠠᠢ ᠶᠤᠮ᠃ ᠠᠮᠢ ᠠᠬᠤᠢ ᠵᠢ ᠰᠠᠶ᠋ᠢᠲᠤᠷ ᠬᠠᠮᠠᠭ᠋ᠠᠯᠠᠵᠤ᠂ ᠠᠮᠢ ᠠᠬᠤᠢ ᠵᠢᠨ ᠳᠠᠪᠠᠭᠤᠯᠢᠭ᠎ᠢ ᠪᠠᠳᠠᠷᠠᠭᠤᠯᠪᠠᠯ ᠰᠠᠶᠢ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠵᠦ ᠴᠢᠳᠠᠨ᠎ᠠ ᠭᠡᠵᠦ ᠴᠢᠬᠤᠯᠠᠴᠢᠯᠠᠪᠠ᠃        

      ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠬᠥᠭᠵᠢᠯᠲᠡ᠎ᠲᠠᠢ ᠬᠣᠯᠪᠣᠭᠳᠠᠬᠤ ᠮᠢᠩᠭ᠋ᠠᠨ ᠵᠢᠯ᠎ᠤᠨ ᠶᠡᠬᠡ ᠪᠤᠳᠤᠯᠭ᠎ᠠ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠬᠰᠠᠨ ᠨᠠᠮ᠎ᠤᠨ ᠲᠥᠪ ᠬᠤᠷᠢᠶ᠎ᠠ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠪᠣᠬᠢᠷᠲᠤᠯ᠎ᠢ ᠵᠠᠰᠠᠬᠰᠠᠠ ᠡᠷᠴᠢᠮ᠎ᠤᠨ ᠶᠡᠬᠡ᠂ ᠲᠦᠷᠢᠮ ᠲᠤᠬᠳᠠᠭ᠋ᠠᠬᠰᠠᠨ ᠳᠠᠪᠲᠠᠮᠵᠢ ᠵᠢᠨ ᠨᠢᠭᠲᠠ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠦᠭᠰᠡᠨ ᠪᠠᠷᠢᠮᠵᠢᠶ᠎ᠠ ᠵᠢᠨ ᠴᠢᠩᠭ᠎ᠠ᠂ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠤᠬᠰᠠᠨ ᠬᠤᠷᠳᠤᠴᠠ ᠵᠢᠨ ᠲᠦᠷᠭᠡᠨ᠎ᠨᠢ ᠤᠷᠢᠳ ᠡᠮᠦᠨ᠎ᠡ ᠪᠠᠶ᠋ᠢᠭ᠎ᠠ ᠦᠭᠡᠢ ᠶᠤᠮ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠲᠡᠦᠬᠡᠲᠦ ᠴᠢᠨᠠᠷᠲᠠᠶ᠂   ᠡᠷᠭᠢᠯᠲᠡ ᠵᠢᠨ ᠴᠢᠨᠠᠷᠲᠠᠶ᠂ ᠪᠦᠬᠦ ᠲᠠᠯ᠎ᠠ ᠵᠢᠨ ᠴᠢᠨᠠᠷᠲᠠᠶ ᠬᠤᠪᠢᠷᠠᠯᠲᠠ ᠭᠠᠷᠭ᠋ᠠᠬᠤ ᠵᠢ ᠠᠬᠢᠭᠤᠯᠬᠤ ᠵᠢᠨ ᠬᠠᠮᠲᠤ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ᠎ᠳᠤ ᠬᠦᠴᠦᠷᠬᠡᠭ ᠶᠡᠬᠡ ᠬᠦᠴᠦᠨ ᠨᠡᠮᠡᠷᠢᠯᠡᠪᠡ᠃ ᠬᠥᠮᠦᠰ᠎ᠤᠨ ᠲᠤᠯᠤᠭ᠋ᠠᠢ ᠲᠡᠭᠡᠷᠡᠭᠢ ᠤᠬᠳᠠᠷᠭᠤᠢ ᠨᠡᠡᠭ ᠬᠦᠭᠡ ᠪᠣᠯᠵᠤ᠂ ᠳᠡᠷᠭᠡᠳᠡᠬᠢ ᠡᠬᠡ ᠭᠠᠵᠠᠷ ᠤᠯᠠᠮ ᠨᠣᠭᠣᠭ᠋ᠠᠷᠠᠵᠤ᠂ ᠭᠣᠤᠯ ᠮᠥᠷᠡᠨ ᠤᠯᠠᠮ ᠲᠤᠩᠭ᠋ᠠᠯᠠᠭ ᠪᠣᠯᠵᠤ᠂ ᠰᠠᠢ᠍ᠢ᠍ᠨ ᠰᠠᠶ᠋ᠢᠬᠠᠨ ᠠᠮᠢ ᠠᠬᠤᠢ ᠵᠢᠨ ᠣᠷᠴᠢᠨ ᠲᠣᠭᠣᠷᠢᠨ᠎ᠨᠢ ᠶᠠᠭ ᠴᠢᠨᠡᠭᠡᠯᠢᠭ ᠨᠡᠢ᠍ᠢ᠍ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠭᠦ ᠵᠢᠨ ᠴᠢᠬᠤᠯᠠ ᠢᠯᠡᠷᠡᠯ ᠪᠤᠯᠵᠤ ᠪᠠᠶ᠋ᠢᠨ᠎ᠠ᠃ ᠠᠵᠤ ᠠᠬᠤᠢ ᠵᠢ ᠬᠦᠭᠵᠢᠭᠦᠯᠭᠦ᠎ᠳᠤ ᠠᠮᠢ ᠠᠬᠤᠶ ᠵᠢ ᠡᠪᠳᠡᠬᠦ᠎ᠪᠠᠷ   ᠦᠨ᠎ᠡ ᠲᠥᠯᠥᠪᠦᠷᠢ ᠪᠣᠯᠭ᠋ᠠᠵᠤ ᠪᠣᠯᠬᠤ ᠦᠭᠡᠢ᠂ ᠠᠮᠢ ᠠᠬᠤᠶ ᠵᠢᠨ ᠲᠤᠰ ᠪᠡᠶ᠎ᠡ᠎ᠨᠢ ᠳᠠᠷᠤᠶ ᠠᠵᠤ ᠠᠬᠤᠶ ᠮᠥᠨ᠂ ᠠᠮᠢ ᠠᠬᠤᠶ ᠵᠢᠨ ᠣᠷᠴᠢᠨ ᠲᠤᠭᠤᠷᠢᠨ᠎ᠢ ᠬᠠᠮᠠᠭ᠋ᠠᠯᠠᠵᠤ ᠪᠠᠢ᠍ᠢ᠍ᠭ᠎ᠠ᠎ᠨᠢ ᠳᠠᠷᠤᠶ ᠪᠠᠶ᠋ᠢᠭ᠋ᠠᠯᠢ ᠵᠢᠨ ᠦᠷᠳᠡᠭ᠎ᠢ ᠬᠠᠮᠠᠭ᠋ᠠᠯᠠᠬᠤ ᠪᠠ ᠪᠠᠶ᠋ᠢᠭ᠋ᠠᠯᠢ ᠵᠢᠨ ᠬᠦᠷᠦᠨᠭᠭᠡ ᠵᠢᠨ ᠦᠷᠲᠡᠭ᠎ᠢ ᠨᠡᠮᠡᠭᠳᠡᠭᠦᠯᠵᠦ ᠪᠠᠢ᠍ᠢ᠍ᠭ᠎ᠠ ᠶᠠᠪᠤᠳᠠᠯ ᠮᠥᠨ᠂ ᠳᠠᠷᠤᠶ ᠠᠵᠤ ᠠᠬᠤᠶ ᠨᠡᠢ᠍ᠢ᠍ᠭᠡᠮ᠎ᠤᠨ ᠬᠥᠭᠵᠢᠯᠲᠡ ᠵᠢᠨ ᠳᠠᠯᠳᠠ ᠬᠦᠴᠦᠨ ᠪᠠ ᠰᠡᠯᠭᠦᠬᠦ ᠬᠦᠴᠦᠨ᠎ᠢ ᠬᠠᠮᠠᠭ᠋ᠠᠯᠠᠵᠤ᠂ ᠬᠦᠬᠡᠮᠳᠦᠭ ᠨᠣᠭᠣᠭ᠋ᠠᠨ ᠠᠭᠤᠯᠠ ᠤᠰᠤ᠎ᠪᠠᠷ ᠠᠮᠢ ᠠᠬᠤᠶ ᠵᠢᠨ ᠦᠷ᠎ᠡ ᠠᠰᠢᠭ   ᠪᠠ ᠠᠵᠤ ᠠᠬᠤᠶ ᠨᠡᠢ᠍ᠢ᠍ᠭᠡᠮ᠎ᠤᠨ ᠦᠷ᠎ᠡ ᠠᠰᠢᠭ᠎ᠢ ᠦᠷᠭᠦᠯᠵᠢᠯᠡᠨ ᠪᠠᠳᠠᠷᠠᠭᠤᠯᠬᠤ ᠶᠠᠪᠤᠳᠠᠯ ᠪᠤᠯᠤᠨ᠎ᠠ᠃        

      ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠤᠨ ᠠᠵᠤ ᠠᠬᠤᠢ ᠵᠢᠨ ᠬᠥᠭᠵᠢᠯᠲᠡ ᠵᠢᠨ ᠬᠠᠷᠢᠴᠠᠭ᠎ᠠ ᠵᠢ ᠵᠥᠪ ᠵᠶ᠋ᠠᠷ ᠰᠠᠶ᠋ᠢᠲᠤᠷ ᠰᠢᠢ᠍ᠳᠪᠦᠷᠢᠯᠡᠬᠦ ᠪᠤᠯ ᠦᠷᠭᠦᠯᠵᠢᠯᠡᠬᠦᠢ᠍ᠢ᠍ᠴᠡ ᠬᠥᠭᠵᠢᠯᠲᠡ ᠵᠢ   ᠪᠡᠶᠡᠯᠡᠭᠦᠯᠬᠦ ᠵᠢᠨ ᠳᠣᠲᠣᠭ᠋ᠠᠳᠤ ᠱᠠᠭ᠋ᠠᠷᠳᠠᠯᠭ᠎ᠠ ᠪᠤᠯᠬᠤ ᠪᠦᠭᠡᠳ ᠪᠠᠰᠠ ᠴᠤ᠌ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠵᠢᠨ ᠴᠢᠬᠤᠯᠠ ᠶᠡᠬᠡ ᠵᠠᠷᠴᠢᠮ ᠮᠥᠨ᠃ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠲᠠᠷᠤᠢ ᠠᠯᠲᠠ ᠮᠥᠩᠭᠥᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠨᠢ ᠠᠮᠢ ᠠᠬᠤᠶ ᠵᠢᠨ ᠣᠷᠴᠢᠨ ᠲᠤᠭᠤᠷᠢᠨ᠎ᠤ ᠬᠠᠮᠠᠭ᠋ᠠᠯᠠᠯᠲᠠ ᠪᠠ ᠠᠵᠤ ᠠᠬᠤᠶ ᠵᠢᠨ ᠬᠥᠭᠵᠢᠯᠲᠡ ᠵᠢᠨ ᠬᠠᠷᠢᠴᠠᠭ᠎ᠠ ᠵᠢ   ᠢᠯᠡᠷᠡᠭᠦᠯᠵᠦ᠂ ᠬᠥᠭᠵᠢᠯᠲᠡ ᠪᠠ ᠬᠠᠮᠠᠭ᠋ᠠᠯᠠᠯᠲᠠ ᠵᠢᠨ ᠬᠠᠮᠵᠢᠯᠴᠠᠨ ᠬᠠᠮᠲᠤ ᠣᠷᠣᠰᠢᠬᠤ ᠵᠢ ᠪᠡᠶᠡᠯᠡᠭᠦᠯᠭᠦ   ᠰᠢᠨ᠎ᠡ ᠠᠷᠭ᠎ᠠ ᠵᠠᠮ᠎ᠢ ᠵᠢᠭ᠋ᠠᠨ ᠲᠤᠳᠤᠷᠬᠠᠢ᠍ᠢ᠍ᠯᠠᠵᠠᠢ᠃ ᠪᠢᠳᠡ ᠡᠷᠬᠡᠪᠰᠢ ᠠᠮᠢ ᠠᠬᠤᠶ ᠵᠢᠨ ᠣᠷᠴᠢᠨ ᠲᠤᠭᠤᠷᠢᠨ᠎ᠤ ᠬᠠᠮᠠᠭ᠋ᠠᠯᠠᠯᠲᠠ ᠪᠠ ᠠᠵᠤ ᠠᠬᠤᠶ ᠵᠢᠨ ᠬᠥᠭᠵᠢᠯᠲᠡ ᠵᠢᠨ ᠬᠤᠪᠢᠰᠤᠩᠭᠤᠶ ᠨᠢᠭᠡᠳᠦᠯᠲᠦ ᠴᠢᠨᠠᠷ᠎ᠢ ᠭᠦᠨᠵᠡᠭᠡᠶ ᠲᠠᠨᠢᠵᠤ᠂   ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠪᠠᠶ᠋ᠢᠭ᠋ᠠᠯᠢ ᠵᠢᠨ ᠡᠳ᠋ ᠪᠠᠶᠠᠯᠢᠭ᠂ ᠠᠮᠢ ᠠᠬᠤᠶ ᠵᠢᠨ ᠡᠳ᠋ ᠪᠠᠶᠠᠯᠢᠭ ᠪᠣᠯᠬᠤ ᠮᠥᠷᠲᠡᠭᠡᠨ ᠪᠠᠰᠠ ᠴᠤ᠌ ᠨᠡᠢ᠍ᠢ᠍ᠭᠡᠮ᠎ᠤᠨ ᠡᠳ᠋ ᠪᠠᠶᠠᠯᠢᠭ᠂ ᠠᠵᠤ ᠠᠬᠤᠶ ᠵᠢᠨ ᠡᠳ᠋ ᠪᠠᠶᠠᠯᠢᠭ ᠪᠣᠯᠬᠤ ᠶᠣᠰᠣ ᠤᠴᠢᠷ᠎ᠢ ᠭᠦᠨᠵᠡᠭᠡᠶ ᠡᠵᠡᠮᠰᠢᠬᠦ ᠬᠡᠷᠡᠭᠲᠡᠶ᠃ ᠬᠥᠬᠡᠮᠳᠦᠭ ᠨᠣᠭᠣᠭ᠋ᠠᠨ   ᠠᠭᠤᠯᠠ ᠤᠰᠤ᠎ᠪᠠᠷ ᠠᠵᠤ ᠠᠬᠤᠶ ᠨᠡᠢ᠍ᠢ᠍ᠭᠡᠮ᠎ᠤᠨ ᠦᠷ᠎ᠡ ᠠᠰᠢᠭ᠎ᠢ ᠭᠦᠢ᠍ᠴᠡᠳ ᠪᠠᠳᠠᠷᠠᠭᠤᠯᠵᠤ᠂ ᠠᠵᠤ   ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠤᠷᠢᠳᠠᠪᠠᠷ ᠪᠣᠬᠢᠷᠲᠤᠭᠤᠯᠵᠤ ᠳᠠᠷᠠᠭ᠎ᠠ᠎ᠨᠢ ᠵᠠᠰᠠᠬᠤ ᠬᠠᠭᠤᠴᠢᠨ ᠵᠠᠮ ᠵᠶ᠋ᠠᠷ ᠲᠠᠬᠢᠨ ᠶᠠᠪᠤᠵᠤ ᠤᠭᠲᠤ ᠪᠣᠯᠬᠤ ᠦᠭᠡᠢ᠂ ᠡᠷᠬᠡᠪᠰᠢ ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠵᠢ ᠪᠠᠷᠢᠮᠲᠠᠯᠠᠵᠤ᠂ ᠦᠢ᠍ᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠶ ᠰᠠᠢ᠍ᠢ᠍ᠵᠢᠷᠠᠬᠰᠠᠨ ᠪᠣᠯᠪᠠᠰᠤᠨ ᠬᠥᠭᠵᠢᠯᠲᠡ ᠵᠢᠨ ᠵᠠᠮ ᠵᠶ᠋ᠠᠷ ᠡᠷᠡᠰ ᠵᠠᠮᠨᠠᠬᠤ ᠬᠡᠷᠡᠭᠲᠡᠢ᠃        

      ᠣᠳᠣᠬᠠᠨ᠎ᠳᠤ ᠠᠵᠤ ᠠᠬᠤᠶ ᠵᠢᠨ ᠪᠠᠶ᠋ᠢᠳᠠᠯ ᠮᠥᠨ ᠯᠡ ᠨᠠᠷᠢᠨ ᠪᠤᠳᠤᠯᠢᠶᠠᠨᠲᠠᠶ ᠬᠦᠨᠳᠦ ᠬᠡᠴᠡᠭᠦᠤ   ᠪᠠᠶ᠋ᠢᠵᠤ᠂ᠲᠣᠭᠲᠠᠭᠤᠨ ᠪᠤᠰᠤ ᠴᠢᠨᠠᠷ ᠲᠣᠭᠲᠠᠪᠤᠷᠢᠳᠤ ᠪᠤᠰᠤ ᠴᠢᠨᠠᠷ ᠨᠡᠯᠢᠶᠡᠳ ᠶᠡᠬᠡ ᠪᠠᠶ᠋ᠢᠨ᠎ᠠ᠃ ᠬᠥᠭᠵᠢᠯᠲᠡ᠎ᠳᠤ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠲᠤᠯᠭ᠋ᠠᠷᠠᠬᠤ ᠲᠤᠲᠤᠮ ᠪᠣᠬᠢᠷᠲᠤᠯ ᠦᠭᠡᠢ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠤᠯᠠᠮ ᠲᠤᠤᠱᠯᠠᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠪᠠᠳᠤ ᠬᠦᠴᠦᠨ ᠵᠶ᠋ᠠᠨ ᠴᠢᠡᠭᠭ᠋ᠠᠷᠠᠭᠤᠯᠵᠤ᠂ ᠠᠮᠢ ᠠᠬᠤᠶ ᠵᠢ ᠰᠠᠶ᠋ᠢᠲᠤᠷ ᠬᠠᠮᠠᠭ᠋ᠠᠯᠠᠵᠤ᠂ ᠠᠮᠢ ᠠᠬᠤᠢ ᠵᠢᠨ ᠳᠠᠪᠠᠭᠤᠯᠢᠭ᠎ᠢ ᠪᠠᠳᠠᠷᠠᠭᠤᠯᠵᠤ᠂ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠡᠷᠡᠰ ᠭᠤᠶ᠋ᠢᠪᠢᠰᠢ ᠦᠭᠡᠢ ᠠᠬᠢᠭᠤᠯᠬᠤ ᠬᠡᠷᠡᠭᠲᠡᠢ᠃ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠲᠠᠷᠤᠢ ᠠᠯᠲᠠ ᠮᠥᠩᠭᠥᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠠᠭᠤᠯᠠ ᠤᠰᠤ ᠣᠢ ᠰᠢᠭᠤᠶ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠤᠨ ᠰᠢᠰᠲ᠋ᠧᠮ᠎ᠤᠨ ᠵᠠᠰᠠᠯᠲᠠ ᠵᠢ ᠨᠢᠭᠡᠳᠦᠯᠲᠡᠶ ᠲᠥᠯᠥᠪᠯᠡᠨ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢ ᠨᠡᠭᠡᠭᠡᠨ ᠬᠥᠭᠵᠢᠭᠦᠯᠬᠦ   ᠪᠠᠶ᠋ᠢᠷᠢᠰᠢᠯ᠎ᠢ ᠰᠢᠯᠢᠳᠡᠭᠵᠢᠭᠦᠯᠵᠦ᠂ ᠬᠦᠬᠡ ᠣᠭᠲᠠᠷᠭᠤᠢ᠂ ᠬᠦᠬᠡᠮᠳᠦᠭ ᠤᠰᠤ᠂ ᠠᠷᠢᠭᠤᠨ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠦᠷᠭᠦᠯᠵᠢᠯᠡᠨ ᠰᠠᠶ᠋ᠢᠲᠤᠷ ᠬᠢᠭᠦ ᠬᠡᠷᠡᠭᠲᠡᠢ᠃ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ ᠭᠡᠬᠦ ᠡᠨᠡ ᠬᠦ᠌ ᠵᠢᠯᠣᠭᠣᠳᠬᠤ ᠳᠣᠬᠢᠭᠤᠷ᠂ ᠤᠯᠠᠭ᠋ᠠᠨ ᠨᠣᠭᠣᠭ᠋ᠠᠨ ᠳ᠋ᠧᠩ᠎ᠢ ᠰᠠᠶ᠋ᠢᠲᠤᠷ ᠠᠰᠢᠭᠯᠠᠵᠤ᠂ ᠡᠬᠢ ᠪᠠᠶᠠᠯᠢᠭ᠎ᠤᠨ ᠬᠣᠷᠣᠭᠳᠠᠭᠤᠯᠤᠯ᠂ ᠣᠷᠴᠢᠨ ᠲᠣᠭᠣᠷᠢᠨ᠎ᠤ ᠬᠣᠬᠢᠷᠠᠭᠤᠯᠤᠯ᠂ ᠠᠮᠢ ᠠᠬᠤᠢ ᠵᠢᠨ ᠦᠷ᠎ᠡ ᠠᠰᠢᠭ ᠵᠡᠷᠭᠡ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠠᠶ᠋ᠢᠳᠠᠯ᠎ᠢ ᠢᠯᠡᠷᠡᠭᠦᠯᠦᠭᠰᠡᠨ ᠭᠦᠢ᠍ᠴᠡᠳᠬᠡᠯ ᠲᠣᠭ᠎ᠠ ᠵᠢ ᠠᠵᠤ ᠠᠬᠤᠢ ᠨᠡᠢ᠍ᠢ᠍ᠭᠡᠮ᠎ᠤᠨ ᠬᠥᠭᠵᠢᠯᠲᠡ ᠵᠢᠨ ᠦᠨᠡᠯᠡᠯᠲᠡ ᠵᠢᠨ   ᠰᠢᠰᠲ᠋ᠧᠮ᠎ᠳᠤ ᠣᠷᠣᠭᠤᠯᠬᠤ   ᠬᠡᠷᠡᠭᠲᠡᠢ᠃ ᠵᠥᠪ   ᠣᠨᠣᠪᠴᠢᠲᠠᠶ ᠬᠥᠭᠵᠢᠯᠲᠡ ᠵᠢᠨ ᠰᠡᠳᠬᠢᠮᠵᠢ ᠵᠢ ᠪᠤᠢ ᠪᠣᠯᠭ᠋ᠠᠵᠤ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠤᠬᠢᠷᠠᠭᠤᠯᠤᠨ ᠠᠵᠤ ᠦᠢ᠍ᠯᠡᠰ᠎ᠢ ᠰᠠᠶ᠋ᠢᠲᠤᠷ ᠰᠣᠩᠭᠣᠵᠤ᠂ ᠠᠵᠤ ᠠᠬᠤᠶ ᠵᠢᠨ ᠦᠷ᠎ᠡ ᠠᠰᠢᠭ᠂   ᠨᠡᠢ᠍ᠢ᠍ᠭᠡᠮ᠎ᠤᠨ ᠦᠷ᠎ᠡ ᠠᠰᠢᠭ᠂ ᠠᠮᠢ ᠠᠬᠤᠶ ᠵᠢᠨ ᠦᠷ᠎ᠡ ᠠᠰᠢᠭ᠎ᠢ ᠵᠡᠷᠭᠡᠪᠡᠷ ᠳᠡᠭᠡᠭᠰᠢᠯᠡᠭᠦᠯᠬᠦ ᠵᠢ ᠦᠨᠡᠨᠬᠦ ᠪᠡᠶᠡᠯᠡᠭᠦᠯᠵᠦ᠂ ᠠᠷᠠᠳ ᠢᠷᠭᠡᠳ᠎ᠢ ᠪᠠᠶᠠᠵᠢᠭᠤᠯᠬᠤ ᠪᠠ ᠠᠮᠢ ᠠᠬᠤᠶ ᠵᠢ ᠦᠵᠡᠰᠬᠦᠯᠡᠩᠲᠦ ᠰᠠᠶ᠋ᠢᠬᠠᠨ ᠪᠤᠯᠭ᠋ᠠᠬᠤ ᠵᠢ ᠣᠷᠭ᠋ᠠᠨᠢᠭ ᠵᠶ᠋ᠠᠷ ᠨᠢᠭᠡᠳᠬᠡᠭᠦ ᠬᠡᠷᠡᠭᠲᠡᠢ᠃ ᠦᠷᠭᠦᠯᠵᠢᠯᠡᠬᠦᠢ᠍ᠢ᠍ᠴᠡ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠠᠮᠢ ᠠᠬᠤᠶ ᠵᠢ ᠲᠡᠷᠢᠭᠦᠨ᠎ᠳᠤ ᠲᠠᠯᠪᠢᠬᠤ ᠪᠠ ᠪᠣᠬᠢᠷᠲᠤᠯ ᠦᠭᠡᠶ ᠬᠦᠭᠵᠢᠭᠦᠯᠭᠦ ᠵᠢ ᠵᠤᠬᠢᠴᠠᠭᠤᠯᠤᠨ ᠠᠬᠢᠭᠤᠯᠬᠤ ᠰᠢᠨ᠎ᠡ ᠵᠠᠮ᠎ᠢ ᠰᠦᠪᠡᠭᠴᠢᠯᠡᠵᠦ᠂ ᠬᠥᠭᠵᠢᠭᠦᠯᠭᠦ ᠳᠤᠮᠳᠠ ᠬᠠᠮᠠᠭ᠋ᠠᠯᠠᠬᠤ᠂ ᠬᠠᠮᠠᠭ᠋ᠠᠯᠠᠬᠤ ᠳᠤᠮᠳᠠ ᠬᠥᠭᠵᠢᠭᠦᠯᠬᠦ ᠵᠢ ᠪᠠᠷᠢᠮᠳᠠᠯᠠᠵᠤ᠂ ᠬᠥᠬᠡᠮᠳᠦᠭ ᠨᠣᠭᠣᠭ᠋ᠠᠨ ᠠᠭᠤᠯᠠ ᠤᠰᠤ ᠵᠢ ᠨᠡᠩ ᠦᠵᠡᠰᠬᠦᠯᠡᠩᠲᠦ ᠰᠠᠶ᠋ᠢᠬᠠᠨ ᠪᠣᠯᠭ᠋ᠠᠨ ᠪᠦᠳᠦᠭᠡᠨ ᠪᠠᠶ᠋ᠢᠭᠤᠯᠵᠤ᠂ ᠠᠯᠲᠠ ᠮᠥᠩᠭᠥᠨ ᠠᠭᠤᠯᠠ ᠵᠢ ᠨᠡᠩ ᠶᠡᠬᠡ ᠪᠣᠯᠭ᠋ᠠᠨ ᠪᠦᠳᠦᠭᠡᠨ ᠪᠠᠶ᠋ᠢᠭᠤᠯᠬᠤ ᠬᠡᠷᠡᠭᠲᠡᠢ᠃        

      ᠶᠡᠷᠦᠩᠬᠡᠢ ᠱᠦᠵᠢ ᠰᠢ ᠵᠢᠨ ᠫᠢᠩ᠄ 《ᠮᠠᠨ᠎ᠤ ᠤᠯᠤᠰ ᠴᠢᠨᠠᠷ ᠰᠠᠶ᠋ᠢᠲᠠᠢ ᠬᠥᠭᠵᠢᠯᠲᠡ ᠵᠢᠨ ᠱᠠᠲᠤᠨ᠎ᠳᠤ ᠣᠷᠣᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠲᠤᠯᠭ᠋ᠠᠭᠤᠷᠢᠯᠠᠬᠤ ᠦᠢ᠍ᠯᠡᠳᠦᠯ ᠤᠯᠠᠮ᠎ᠠᠴᠠ ᠤᠯᠠᠮ ᠢᠯᠡᠷᠬᠡᠢ ᠪᠤᠯᠵᠠᠢ》 ᠭᠡᠵᠦ ᠵᠢᠭ᠋ᠠᠵᠤ ᠭᠠᠷᠭ᠋ᠠᠪᠠ᠃ ᠡᠬᠢ ᠪᠠᠶᠠᠯᠢᠭ᠎ᠢ ᠠᠷᠪᠢᠯᠠᠬᠤ ᠪᠠ ᠣᠷᠴᠢᠨ   ᠲᠣᠭᠣᠷᠢᠨ᠎ᠢ ᠬᠠᠮᠠᠭ᠋ᠠᠯᠠᠬᠤ ᠤᠯᠤᠰ᠎ᠤᠨ ᠦᠨᠳᠦᠰᠦᠨ ᠪᠣᠳᠣᠯᠭ᠎ᠠ ᠵᠢ ᠪᠠᠷᠢᠮᠲᠠᠯᠠᠵᠤ᠂ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠠᠶᠠᠨᠳᠠᠭ᠋ᠠᠨ ᠰᠡᠷᠭᠦᠬᠦ᠎ᠪᠠᠷ ᠭᠣᠤᠯ ᠪᠣᠯᠭ᠋ᠠᠬᠤ ᠴᠢᠭᠯᠡᠯᠲᠡ ᠵᠢ ᠪᠠᠷᠢᠮᠲᠠᠯᠠᠵᠤ᠂ ᠠᠮᠢ ᠠᠬᠤᠢ ᠵᠢᠨ ᠪᠣᠯᠪᠠᠰᠤᠨ᠎ᠢ ᠪᠠᠶ᠋ᠢᠭᠤᠯᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠵᠤ᠂ ᠠᠭᠤᠯᠠ ᠤᠰᠤ ᠵᠢ ᠵᠠᠰᠠᠬᠤ᠂ ᠠᠭᠤᠯᠠ ᠤᠰᠤᠨ᠎ᠤ ᠦᠡᠭᠭᠡ ᠲᠦᠷᠭᠦ ᠵᠢ ᠢᠯᠡᠷᠡᠭᠦᠯᠭᠦ ᠠᠵᠢᠯ᠎ᠢ ᠰᠠᠶ᠋ᠢᠲᠤᠷ ᠬᠢᠪᠡᠯ ᠪᠢᠳᠡ ᠯᠠᠪᠲᠠᠢ ᠠᠵᠤ ᠠᠬᠤᠢ ᠵᠢᠨ ᠬᠥᠭᠵᠢᠯᠲᠡ ᠪᠣᠯᠤᠨ ᠠᠮᠢ ᠠᠬᠤᠢ ᠵᠢᠨ ᠪᠣᠯᠪᠠᠰᠤᠨ᠎ᠤ ᠬᠢᠷᠢ ᠲᠦᠪᠰᠢᠨ᠎ᠤ ᠳᠡᠭᠡᠭᠰᠢᠯᠡᠯᠲᠡ ᠬᠠᠷᠢᠯᠴᠠᠨ ᠨᠥᠬᠥᠴᠡᠯᠳᠦᠵᠦ   ᠬᠠᠷᠢᠯᠴᠠᠨ ᠨᠦᠬᠦᠪᠦᠷᠢᠯᠡᠭᠰᠡᠨ ᠵᠠᠮ᠎ᠢ ᠭᠠᠷᠭ᠋ᠠᠵᠤ᠂ ᠰᠠᠢ᠍ᠢ᠍ᠨ ᠰᠠᠶ᠋ᠢᠬᠠᠨ ᠠᠮᠢ ᠠᠬᠤᠢ ᠵᠢᠨ ᠣᠷᠴᠢᠨ ᠲᠣᠭᠣᠷᠢᠨ᠎ᠢ ᠠᠷᠠᠳ ᠲᠦᠮᠡᠨ᠎ᠤ   ᠵᠣᠯ ᠵᠢᠷᠭ᠋ᠠᠯᠲᠤ   ᠠᠮᠢᠳᠤᠷᠠᠯ᠎ᠤᠨ ᠨᠡᠮᠡᠭᠳᠡᠯ᠎ᠤᠨ ᠴᠡᠭ ᠪᠣᠯᠭ᠋ᠠᠵᠤ᠂ ᠠᠵᠤ ᠠᠬᠤᠢ ᠨᠡᠢ᠍ᠢ᠍ᠭᠡᠮ᠎ᠤᠨ ᠦᠷᠭᠦᠯᠵᠢᠯᠡᠨ   ᠡᠷᠡᠭᠦᠯ ᠵᠶ᠋ᠠᠷ   ᠬᠥᠭᠵᠢᠬᠦ ᠵᠢᠨ ᠲᠤᠯᠭ᠋ᠠᠭᠤᠷᠢᠯᠠᠯ᠎ᠤᠨ ᠴᠡᠭ ᠪᠤᠯᠭ᠋ᠠᠵᠤ ᠴᠢᠳᠠᠨ᠎ᠠ᠃

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠰᠢ ᠵᠢᠨ ᠫᠢᠩ᠎ᠤᠨ ᠠᠶᠤᠯ ᠲᠦᠭᠰᠢᠬᠦᠷᠢ ᠦᠷᠢᠰᠤᠯᠳᠤᠬᠡᠨ᠎ᠢ ᠰᠡᠷᠬᠡᠶ᠋ᠢᠯᠠᠵᠤ ᠬᠡᠨᠡᠳᠳᠡ ᠡᠭᠦᠰᠦᠭᠰᠡᠨ ᠭᠡᠷᠡᠭ᠎ᠢ ᠠᠷᠭ᠋ᠠᠴᠠᠭ᠋ᠠᠬᠤ ᠲᠤᠬᠠᠢ ᠦᠬᠦᠯᠠᠯᠳᠠ ᠵᠢᠨ ᠲᠡᠬᠦᠪᠤᠷᠢ》 ᠵᠢ ᠬᠡᠪᠯᠡᠨ ᠲᠠᠷᠬᠠᠭ᠋ᠠᠵᠠᠢ
ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠦᠨᠡᠯᠡᠯᠲᠡ ᠬᠢᠭᠡᠳ ᠪᠤᠬᠢᠷᠲᠤᠯ᠎ᠢ ᠭᠠᠲᠠᠭᠰᠢᠯᠠᠭᠤᠯᠬᠤ ᠵᠦᠪᠰᠢᠶᠡᠷᠡᠯ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠎ᠪᠠᠷ ᠪᠠᠢ᠌ᠨ᠎ᠠ
ᠠᠮᠢᠲᠠᠨ ᠤᠷᠭᠤᠮᠠᠯ ᠶᠡᠬᠡ᠎ᠪᠠᠷ ᠤᠰᠠᠳᠴᠤ ᠪᠠᠢ᠌ᠨ᠎ᠠ᠂ ᠨᠢᠳᠦ ᠬᠠᠯᠠᠰᠢᠷᠠᠮᠠᠷ ᠡ!
ᠭᠤᠷᠪᠠᠳᠡᠬᠢ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠳᠠ ᠵᠢᠨ ᠪᠠᠶᠠᠷ》 ᠬᠦᠷᠴᠤ ᠢᠷᠡᠬᠦ ᠲᠠᠰᠢᠷᠠᠮ᠎ᠳᠤ ᠰᠢ ᠵᠢᠨ ᠫᠢᠩ ᠪᠦᠬᠦ ᠤᠯᠤᠰ᠎ᠤᠨ ᠦᠷᠭᠡᠨ ᠤᠯᠠᠨ ᠲᠠᠷᠢᠶᠠᠴᠢᠨ ᠪᠤᠯᠤᠨ 《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》᠎ᠤ ᠠᠵᠢᠯ᠎ᠤᠨ ᠹᠷᠤᠨᠲ᠎ᠲᠤ ᠠᠵᠢᠯᠯᠠᠵᠤ ᠪᠠᠶ᠋ᠢᠭ᠎ᠠ ᠨᠦᠭᠦᠳ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠤᠨ ᠴᠢᠩ ᠰᠡᠳᠭᠢᠯ᠎ᠠᠴᠠ᠎ᠪᠠᠨ ᠲᠤᠬᠤᠨᠢᠭᠤᠯᠵᠠᠢ
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠦᠨᠡᠯᠡᠨ ᠵᠢᠱ᠌ᠢᠬᠦ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠥᠪᠥᠷ ᠮᠤᠩᠭᠤᠯ᠎ᠤᠨ ᠮᠤᠨᠢ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ᠎ᠳᠤ ᠦᠨᠡᠯᠡᠨ ᠵᠢᠱ᠌ᠢᠯᠲᠡ ᠬᠢᠪᠠ
 
             蒙ICP备05000248号