ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
9 ᠠᠵᠢᠯ ᠲᠥᠷᠥᠯ᠎ᠤᠨ ᠨᠡᠶ᠋ᠢᠭᠡᠮᠯᠢᠭ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠤᠯᠢ ᠪᠤᠰᠤ᠎ᠪᠠᠷ ᠠᠷᠠᠯᠵᠢᠶᠠᠯᠠᠬᠤ ᠵᠢ ᠬᠣᠷᠢᠭᠯᠠᠬᠤ ᠰᠠᠨᠠᠭ᠋ᠠᠴᠢᠯᠠᠭ᠎ᠠ ᠵᠢᠨ ᠪᠢᠴᠢᠭ᠎ᠲᠤ ᠭᠠᠷ᠎ᠤᠨ ᠥᠰᠥᠭ ᠵᠢᠷᠤᠪᠠ
ᠨᠡᠶ᠋ᠢᠲᠡᠯᠡᠭᠰᠡᠨ ᠴᠠᠭ᠄ 2020-08-04

     7 ᠰᠠᠷ᠎ᠠ ᠵᠢᠨ 30᠎ᠤ ᠡᠳᠦᠷ᠂ ᠪᠡᠭᠡᠵᠢᠩ᠎ᠳᠤ ᠳᠤᠮᠳᠠᠳᠤ ᠤᠯᠤᠰ᠎ᠤᠨ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠨᠡᠶ᠋ᠢᠭᠡᠮᠯᠢᠭ᠂ ᠳᠤᠮᠳᠠᠳᠤ ᠤᠯᠤᠰ᠎ᠤᠨ ᠬᠡᠭᠡᠷ᠎ᠡ ᠵᠢᠨ ᠤᠷᠭᠤᠮᠠᠯ᠎ᠤᠨ ᠬᠠᠮᠠᠭ᠋ᠠᠯᠠᠯᠲᠠ ᠵᠢᠨ ᠨᠡᠶ᠋ᠢᠭᠡᠮᠯᠢᠭ᠂ ᠳᠤᠮᠳᠠᠳᠤ ᠤᠯᠤᠰ᠎ᠤᠨ ᠴᠡᠴᠡᠭ ᠡᠪᠡᠰᠦᠨ᠎ᠤ ᠨᠡᠢ᠌ᠭᠡᠮᠯᠢᠭ᠂ ᠳᠤᠮᠳᠠᠳᠤ ᠤᠯᠤᠰ᠎ᠤᠨ ᠮᠢᠬᠠᠨ᠎ᠤ ᠲᠦᠷᠦᠯ᠎ᠤᠨ ᠨᠡᠶ᠋ᠢᠭᠡᠮᠯᠢᠭ᠂ ᠳᠤᠮᠳᠠᠳᠤ ᠤᠯᠤᠰ᠎ᠤᠨ ᠢᠳᠡᠭᠡᠨ᠎ᠤ ᠦᠢ᠍ᠯᠡᠰ᠎ᠤᠨ ᠨᠡᠶ᠋ᠢᠭᠡᠮᠯᠢᠭ᠂ ᠳᠤᠮᠳᠠᠳᠤ ᠤᠯᠤᠰ᠎ᠤᠨ ᠢᠳᠡᠭᠡᠨ ᠤᠮᠳᠠᠭ᠋ᠠᠨ᠎ᠤ ᠰᠤᠶᠤᠯ᠎ᠤᠨ ᠨᠡᠶ᠋ᠢᠭᠡᠮᠯᠢᠭ᠂ ᠳᠤᠮᠳᠠᠳᠤ ᠤᠯᠤᠰ᠎ᠤᠨ ᠲᠦᠷᠭᠡᠨ ᠬᠦᠷᠭᠡᠬᠦ ᠨᠡᠶ᠋ᠢᠭᠡᠮᠯᠢᠭ᠂ ᠳᠤᠮᠳᠠᠳᠤ ᠤᠯᠤᠰ᠎ᠤᠨ ᠤᠰᠤᠨ ᠭᠠᠷᠤᠯᠲᠠ ᠵᠢᠨ   ᠭᠦᠢ᠍ᠯᠭᠡᠭᠡ ᠪᠠ ᠪᠣᠯᠪᠠᠰᠤᠷᠠᠭᠤᠯᠬᠤ ᠨᠡᠶ᠋ᠢᠭᠡᠮᠯᠢᠭ᠂ ᠳᠤᠮᠳᠠᠳᠤ ᠤᠯᠤᠰ᠎ᠤᠨ ᠬᠢᠲᠠᠳ ᠡᠮ᠎ᠤᠨ ᠨᠡᠶ᠋ᠢᠭᠡᠮᠯᠢᠭ ᠵᠡᠷᠭᠡ 9 ᠠᠵᠢᠯ ᠲᠥᠷᠥᠯ᠎ᠤᠨ ᠨᠡᠶ᠋ᠢᠭᠡᠮᠯᠢᠭ᠎ᠠᠴᠠ 《ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠤᠯᠢ ᠪᠤᠰᠤ᠎ᠪᠠᠷ ᠠᠷᠠᠯᠵᠢᠶᠠᠯᠠᠬᠤ ᠠᠵᠢᠯ ᠲᠥᠷᠥᠯ᠎ᠤᠨ ᠵᠢᠷᠤᠮᠵᠢᠯ᠎ᠤᠨ ᠨᠡᠶ᠋ᠢᠲᠡ ᠵᠢᠨ ᠭᠡᠷ᠎ᠡ ᠵᠢᠨ ᠰᠠᠨᠠᠭ᠋ᠠᠴᠢᠯᠠᠭ᠎ᠠ ᠵᠢᠨ ᠪᠢᠴᠢᠭ》᠎ᠲᠤ ᠭᠠᠷ᠎ᠤᠨ ᠥᠰᠥᠭ ᠵᠢᠷᠤᠭᠰᠠᠨ ᠪᠥᠭᠡᠳ ᠠᠵᠢᠯ ᠲᠥᠷᠥᠯ᠎ᠤᠨ   ᠵᠢᠷᠤᠮᠵᠢᠯ᠎ᠤᠨ ᠬᠣᠯᠪᠣᠭ᠎ᠠ ᠪᠠᠶ᠋ᠢᠭᠤᠯᠬᠤ᠎ᠪᠠᠷ ᠠᠮᠠᠯᠠᠭᠰᠠᠨ ᠪᠠᠶ᠋ᠢᠨ᠎ᠠ᠃ ᠠᠵᠢᠯ ᠲᠥᠷᠥᠯ᠎ᠤᠨ   ᠵᠢᠷᠤᠮᠵᠢᠯ᠎ᠢ ᠲᠣᠭᠲᠠᠭ᠋ᠠᠵᠤ᠂ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠤᠯᠢ ᠪᠤᠰᠤ᠎ᠪᠠᠷ ᠠᠷᠠᠯᠵᠢᠶᠠᠯᠠᠬᠤ ᠵᠢ ᠢᠳᠡᠪᠬᠢᠲᠡᠶ᠎ᠪᠠᠷ ᠡᠰᠡᠷᠭᠦᠴᠡᠨ ᠬᠣᠷᠢᠭᠯᠠᠨ᠎ᠠ᠃
      ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠤᠯᠢ ᠪᠤᠰᠤ ᠠᠷᠠᠯᠵᠢᠶ᠎ᠠ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠦᠨᠳᠦ ᠨᠣᠴᠢᠲᠠᠶ ᠵᠥᠷᠢᠴᠡᠵᠦ᠂ ᠬᠡᠪ᠎ᠤᠨ ᠠᠷᠠᠯᠵᠢᠶᠠᠨ᠎ᠤ ᠡᠮᠬᠢ ᠵᠢᠷᠤᠮ᠎ᠢ ᠰᠠᠮᠠᠭᠤᠷᠠᠭᠤᠯᠵᠤ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠣᠷᠣᠰᠢᠨ ᠲᠣᠭᠲᠠᠨᠢᠬᠤ ᠵᠢ ᠴᠤ᠌ ᠬᠦᠨᠳᠦ ᠨᠣᠴᠢᠲᠠᠶ ᠰᠦᠷᠳᠡᠭᠦᠯᠵᠦ ᠪᠠᠶ᠋ᠢᠨ᠎ᠠ᠃ 《ᠰᠠᠨᠠᠭ᠋ᠠᠴᠢᠯᠠᠭ᠎ᠠ ᠵᠢᠨ ᠪᠢᠴᠢᠭ》᠎ᠲᠤ ᠳᠤᠷᠠᠳᠤᠭᠰᠠᠨ᠎ᠨᠢ᠂ ᠡᠯ᠎ᠡ ᠠᠵᠢᠯ ᠲᠥᠷᠥᠯ᠎ᠤᠨ ᠨᠡᠶ᠋ᠢᠭᠡᠮᠯᠢᠭ᠎ᠤᠳ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠡᠯ᠎ᠡ   ᠵᠦᠢ᠍ᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠣᠯᠠᠨ ᠤᠯᠤᠰ᠎ᠤᠨ ᠨᠡᠢ᠍ᠢ᠍ᠲᠡ ᠵᠢᠨ ᠭᠡᠷ᠎ᠡ ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠨ᠂ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠤᠯᠢ ᠪᠤᠰᠤ᠎ᠪᠠᠷ ᠠᠷᠠᠯᠵᠢᠶᠠᠯᠠᠬᠤ ᠦᠢ᠍ᠯᠡ ᠠᠵᠢᠯᠯᠠᠭ᠎ᠠ᠎ᠳᠤ ᠴᠢᠩᠭ᠎ᠠ ᠴᠤᠬᠢᠯᠳᠠ ᠦᠭᠬᠦ ᠬᠡᠷᠡᠭᠲᠡᠶ᠃ ᠠᠵᠢᠯ ᠲᠥᠷᠥᠯ᠎ᠤᠨ᠎ᠬᠢᠨ᠎ᠲᠠᠢ ᠪᠦᠯᠬᠦᠮᠳᠡᠵᠦ᠂ ᠬᠡᠭᠡᠷ᠎ᠡ ᠵᠢᠨ ᠠᠮᠢᠲᠠᠨ ᠤᠷᠭᠤᠮᠠᠯ ᠬᠠᠤᠯᠢ ᠪᠤᠰᠤ᠎ᠪᠠᠷ ᠠᠷᠠᠯᠵᠢᠶᠠᠯᠠᠬᠤ ᠵᠢ ᠬᠣᠷᠢᠭᠯᠠᠬᠤ ᠠᠵᠢᠯ ᠲᠥᠷᠥᠯ᠎ᠤᠨ ᠵᠢᠷᠤᠮᠵᠢᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠶ ᠦᠷᠨᠢᠬᠦᠯᠦᠨ᠎ᠡ᠃ ᠠᠵᠢᠯ ᠲᠥᠷᠥᠯ᠎ᠤᠨ ᠳᠣᠲᠣᠭ᠋ᠠᠳᠤ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠤᠯᠢ ᠪᠤᠰᠤ᠎ᠪᠠᠷ ᠠᠷᠠᠯᠵᠢᠶᠠᠯᠠᠬᠤ ᠠᠵᠢᠯᠯᠠᠭ᠎ᠠ ᠵᠢ ᠬᠢᠨᠠᠬᠤ᠎ᠳᠤ ᠰᠣᠨᠣᠷ ᠰᠡᠷᠡᠮᠵᠢ᠎ᠪᠠᠨ ᠳᠡᠭᠡᠭᠰᠢᠯᠡᠬᠦᠯᠵᠦ᠂ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠤᠯᠢ ᠪᠤᠰᠤ᠎ᠪᠠᠷ ᠠᠷᠠᠯᠵᠢᠶᠠᠯᠠᠬᠤ ᠵᠢ ᠢᠯᠭ᠋ᠠᠨ ᠲᠠᠨᠢᠬᠤ ᠪᠠ ᠡᠰᠡᠷᠭᠦᠴᠡᠨ ᠬᠣᠷᠢᠭᠯᠠᠬᠤ ᠴᠢᠳᠠᠪᠤᠷᠢ᠎ᠪᠠᠨ ᠨᠡᠮᠡᠭᠳᠡᠭᠦᠯᠬᠦ ᠬᠡᠷᠡᠭᠲᠡᠶ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠠᠵᠢᠯ ᠵᠶ᠋ᠠᠨ ᠥᠷᠨᠢᠭᠦᠯᠬᠦ ᠵᠢ ᠢᠳᠡᠪᠬᠢᠲᠡᠢ ᠳᠡᠮᠵᠢᠬᠦ ᠪᠠ ᠬᠠᠮᠵᠢᠯᠴᠠᠵᠤ᠂ ᠬᠡᠭᠡᠷ᠎ᠡ ᠵᠢᠨ ᠠᠮᠢᠲᠠᠨ ᠤᠷᠭᠤᠮᠠᠯ ᠬᠠᠤᠯᠢ ᠪᠤᠰᠤ᠎ᠪᠠᠷ ᠠᠷᠠᠯᠵᠢᠶᠠᠯᠠᠬᠤ᠎ᠳᠤ ᠴᠣᠬᠢᠯᠲᠠ ᠦᠭᠬᠦ ᠵᠢᠷᠤᠮᠵᠢᠯ᠎ᠢ ᠲᠣᠭᠲᠠᠭ᠋ᠠᠬᠤ ᠬᠡᠷᠡᠭᠲᠡᠶ᠃ ᠨᠡᠶ᠋ᠢᠭᠡᠮ᠎ᠤᠨ ᠬᠢᠨᠠᠯᠲᠠ ᠵᠢ ᠬᠦᠯᠢᠶᠡᠵᠦ᠂ ᠣᠯᠠᠨ ᠨᠡᠶ᠋ᠢᠲᠡ ᠵᠢᠨ ᠲᠤᠰᠬᠠᠭᠰᠠᠨ ᠠᠵᠢᠯ ᠲᠥᠷᠥᠯ᠎ᠤᠨ ᠳᠣᠲᠣᠷᠠᠬᠢ ᠠᠰᠠᠭᠤᠳᠠᠯ᠎ᠢ ᠬᠢᠨᠠᠮᠠᠭ᠋ᠠᠶ ᠴᠡᠭᠴᠡᠯᠡᠨ ᠰᠠᠶ᠋ᠢᠵᠢᠷᠠᠭᠤᠯᠤᠨ᠎ᠠ᠃ ᠪᠣᠬᠢᠷᠲᠤᠯ ᠦᠭᠡᠢ ᠬᠡᠷᠡᠭᠯᠡᠭᠡ ᠪᠠ ᠡᠷᠡᠭᠦᠯ ᠮᠡᠨᠳᠦ ᠵᠢᠨ ᠬᠡᠷᠡᠭᠯᠡᠭᠡ ᠵᠢ ᠰᠠᠨᠠᠭ᠋ᠠᠴᠢᠯᠠᠵᠤ᠂ ᠠᠮᠢ ᠠᠬᠤᠢ ᠵᠢᠨ ᠪᠤᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠤᠨ᠎ᠠ᠃ (ᠳᠤᠮᠳᠠᠳᠤ ᠤᠯᠤᠰ᠎ᠤᠨ ᠨᠤᠭᠤᠭ᠋ᠠᠨᠯᠢᠭ ᠴᠠᠭ᠎ᠤᠨ ᠰᠣᠨᠢᠨ᠎ᠤ ᠰᠤᠷᠪᠤᠯᠵᠢᠯᠠᠭᠴᠢ ᠰᠦᠨ ᠹᠸᠩ)

ᠢᠷᠡᠯᠲᠡ᠄ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠦᠪᠴᠢ ᠵᠢᠨ ᠠ᠋ᠯᠡᠰᠦᠨ᠎ᠳᠤ 5000 ᠲᠦᠮᠡᠨ ᠪᠣᠰᠣᠭ᠎ᠠ ᠳᠥᠷᠪᠡᠯᠵᠢᠨ ᠮᠸᠲᠷ ᠤᠰᠤ ᠨᠦᠭᠦᠨ᠎ᠠ
ᠨᠣᠲᠤᠭ ᠪᠡᠯᠴᠢᠭᠡᠷ ᠰᠡᠷᠭᠦᠵᠦ ᠠᠷᠠᠳ᠎ᠤᠨ ᠮᠠᠩᠨᠠᠢ ᠲᠡᠨᠢᠢ᠍ᠯ᠎ᠡ
ᠠᠮᠢ ᠠᠬᠤᠶ ᠵᠢ ᠰᠠᠶ᠋ᠢᠲᠤᠷ ᠬᠠᠮᠠᠭ᠋ᠠᠯᠠᠵᠤ ᠠᠮᠢ ᠠᠬᠤᠶ ᠵᠢᠨ ᠳᠠᠪᠠᠭᠤᠯᠢᠭ᠎ᠢ ᠪᠠᠳᠠᠷᠠᠭᠤᠯᠰᠤᠭ᠋ᠠᠢ
《ᠰᠢ ᠵᠢᠨ ᠫᠢᠩ᠎ᠤᠨ ᠠᠶᠤᠯ ᠲᠦᠭᠰᠢᠬᠦᠷᠢ ᠦᠷᠢᠰᠤᠯᠳᠤᠬᠡᠨ᠎ᠢ ᠰᠡᠷᠬᠡᠶ᠋ᠢᠯᠠᠵᠤ ᠬᠡᠨᠡᠳᠳᠡ ᠡᠭᠦᠰᠦᠭᠰᠡᠨ ᠭᠡᠷᠡᠭ᠎ᠢ ᠠᠷᠭ᠋ᠠᠴᠠᠭ᠋ᠠᠬᠤ ᠲᠤᠬᠠᠢ ᠦᠬᠦᠯᠠᠯᠳᠠ ᠵᠢᠨ ᠲᠡᠬᠦᠪᠤᠷᠢ》 ᠵᠢ ᠬᠡᠪᠯᠡᠨ ᠲᠠᠷᠬᠠᠭ᠋ᠠᠵᠠᠢ
ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠦᠨᠡᠯᠡᠯᠲᠡ ᠬᠢᠭᠡᠳ ᠪᠤᠬᠢᠷᠲᠤᠯ᠎ᠢ ᠭᠠᠲᠠᠭᠰᠢᠯᠠᠭᠤᠯᠬᠤ ᠵᠦᠪᠰᠢᠶᠡᠷᠡᠯ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠎ᠪᠠᠷ ᠪᠠᠢ᠌ᠨ᠎ᠠ
 
             蒙ICP备05000248号