ᠠᠷᠠᠳ᠎ᠤᠨ ᠡᠳᠣᠷ᠎ᠤᠨ ᠰᠤᠨᠢᠨ᠎ᠤ ᠪᠡᠭᠡᠵᠢᠩ᠎ᠤᠨ 9 ᠰᠠᠷ᠎ᠠ ᠵᠢᠨ 13᠎ᠤ ᠡᠲᠦᠷ᠎ᠤᠨ ᠮᠡᠲᠡᠭᠡ (ᠰᠤᠷᠪᠤᠯᠵᠢᠯᠠᠬ᠍ᠴᠢ ᠺᠸᠦ ᠵᠢᠶᠠᠩ ᠽᠸ) ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠦᠨᠡᠯᠡᠯᠲᠡ ᠬᠢᠭᠡᠳ ᠪᠤᠬᠢᠷᠲᠤᠯ᠎ᠢ ᠭᠠᠲᠠᠭᠰᠢᠯᠠᠭᠤᠯᠬᠤ ᠵᠦᠪᠰᠢᠶᠡᠷᠡᠯ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠳᠬᠠᠬᠤ᠂ ᠬᠢᠨᠠᠯᠲᠠ ᠬᠠᠮᠢᠶᠠᠷᠤᠯᠲᠠ ᠵᠢ ᠲᠦᠷᠢᠮᠵᠢᠬᠦᠯᠬᠦ᠂ ᠪᠠᠢ᠌ᠩᠭᠤᠵᠢᠭᠤᠯᠬᠤ ᠵᠢᠨ ᠲᠦᠯᠦᠭᠡ᠂ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠶᠠᠮᠤᠨ ᠤᠢ᠌ᠷ᠎ᠠ᠎ᠳᠤ《ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠦᠨᠡᠯᠡᠯᠲᠡ ᠬᠢᠭᠡᠳ ᠪᠤᠬᠢᠷᠲᠤᠯ᠎ᠢ ᠭᠠᠲᠠᠭᠰᠢᠯᠠᠭᠤᠯᠬᠤ ᠵᠦᠪᠰᠢᠶᠡᠷᠡᠯ ᠬᠢᠨᠠᠯᠲᠠ ᠬᠠᠮᠢᠶᠠᠷᠤᠯᠲᠠ ᠵᠢᠨ ᠠᠵᠢᠯᠯᠠᠭ᠎ᠠ ᠵᠢᠨ ᠲᠦᠯᠦᠪᠯᠡᠯᠭᠡ (2021—2023)》ᠲᠠᠷᠤᠮᠠᠯᠯᠠᠨ ᠲᠠᠷᠬᠠᠭ᠋ᠠᠵᠤ᠂ ᠡᠯ᠎ᠡ ᠱᠠᠳᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠦᠴᠢᠷ᠎ᠤᠨ᠎ᠬᠢ ᠵᠢ ᠲᠡᠭᠡᠲᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭ᠋ᠠᠢ ᠪᠠᠢ᠌ᠷᠢᠰᠢᠭᠤᠯᠤᠨ᠂ ᠲᠤᠰ ᠵᠠᠰᠠᠭ ᠵᠠᠬᠢᠷᠭ᠋ᠠᠨ᠎ᠤ ᠤᠷᠤᠨ ᠪᠦᠰᠡ ᠵᠢᠨ ᠬᠢᠨᠠᠯᠲᠠ ᠬᠠᠮᠢᠶᠠᠷᠤᠯᠲᠠ ᠵᠢᠨ ᠠᠵᠢᠯᠯᠠᠭ᠎ᠠ ᠵᠢᠨ ᠲᠦᠯᠦᠪᠯᠡᠯᠭᠡ ᠪᠠ 2021 ᠤᠨ᠎ᠤ ᠲᠤᠷᠰᠢ ᠵᠢᠨ ᠠᠵᠢᠯ᠎ᠤᠨ ᠲᠦᠰᠦᠪ ᠵᠢᠡᠨ ᠲᠤᠭᠲᠠᠭ᠋ᠠᠬᠤ ᠪᠠ ᠬᠡᠷᠡᠭᠵᠢᠬᠦᠯᠲᠦᠭᠡᠢ ᠭᠡᠵᠦ ᠱᠠᠭ᠋ᠠᠷᠲᠠᠪᠠ᠃
《ᠠᠵᠢᠯᠯᠠᠭ᠎ᠠ ᠵᠢᠨ ᠲᠦᠯᠦᠪᠯᠡᠯᠭᠡ》 ᠳᠤ ᠱᠠᠭ᠋ᠠᠷᠲᠠᠬᠤ᠎ᠳᠠᠭᠠᠨ᠄ ᠡᠯ᠎ᠡ ᠱᠠᠳᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠦᠴᠢᠷ᠎ᠤᠳ ᠭᠤᠤᠯᠲᠠᠯᠭ᠎ᠠ ᠪᠤᠯᠬᠤ ᠤᠷᠤᠨ ᠪᠦᠰᠡ ᠪᠠ ᠭᠤᠤᠯᠲᠠᠯᠭ᠎ᠠ ᠪᠤᠯᠬᠤ ᠠᠵᠢᠯ ᠲᠦᠷᠦᠯ᠎ᠤᠨ ᠲᠤᠪᠤᠢ᠌ᠬᠰᠠᠨ ᠠᠰᠠᠭᠤᠲᠠᠯ᠎ᠳᠤ ᠬᠠᠷᠠᠭ᠋ᠠᠰᠤ᠎ᠪᠠᠨ ᠲᠦᠪᠯᠡᠷᠡᠬᠦᠯᠦᠨ᠂ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠦᠨᠡᠯᠡᠯᠲᠡ ᠵᠢᠨ ᠲᠦᠷᠢᠮ᠎ᠢ ᠨᠦᠯᠦᠭᠡᠯᠡᠵᠦ ᠪᠦᠬᠦᠢ ᠡᠬᠢ ᠦᠨᠲᠦᠰᠦ ᠵᠢᠨ ᠰᠡᠷᠭᠡᠢ᠌ᠯᠡᠯᠲᠡ ᠵᠢᠨ ᠦᠷ᠎ᠡ ᠳ᠋ᠦᠩ᠎ᠢ ᠨᠦᠯᠦᠭᠡᠯᠡᠭᠰᠡᠨ᠂ ᠲᠤᠭᠲᠠᠮᠠᠯ ᠪᠤᠬᠢᠷᠲᠤᠯ᠎ᠤᠨ ᠡᠬᠢ ᠦᠨᠲᠦᠰᠦ ᠵᠢ ᠭᠠᠲᠠᠭᠰᠢᠯᠠᠭᠤᠯᠬᠤ ᠵᠦᠪᠰᠢᠶᠡᠷᠡᠯ᠎ᠢ ᠪᠦᠬᠦᠲᠡ ᠪᠦᠷᠬᠦᠭᠦᠯᠬᠦ᠂ ᠤᠯᠠᠨ ᠲᠦᠮᠡᠨ᠎ᠳᠤ ᠲᠤᠰᠬᠠᠯ ᠲᠦᠪᠯᠡᠷᠡᠵᠦ ᠪᠠᠢ᠌ᠬᠤ ᠬᠠᠤᠯᠢ ᠲᠦᠷᠢᠮ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠲᠡᠭᠡᠷ᠎ᠡ ᠬᠠᠷᠠᠭ᠋ᠠᠰᠤ᠎ᠪᠠᠨ ᠲᠦᠪᠯᠡᠷᠡᠬᠦᠯᠦᠨ᠂ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠦᠨᠡᠯᠡᠯᠲᠡ᠎ᠳᠤ ᠬᠤᠲᠠᠯ ᠬᠡᠯᠡᠵᠦ ᠬᠠᠭᠤᠷᠮᠠᠬᠯᠠᠨ ᠦᠢ᠍ᠯᠡᠳᠬᠦ᠂ ᠬᠠᠰᠢ ᠶᠠᠰᠢ ᠬᠢᠵᠤ ᠠᠮᠠ ᠬᠠᠰᠢᠬᠤ᠂ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠦᠨᠡᠯᠡᠯᠲᠡ ᠵᠢᠨ ᠱᠠᠭ᠋ᠠᠷᠲᠠᠯᠭ᠎ᠠ ᠵᠢ ᠦᠯᠦ ᠨᠠᠢ᠌ᠲᠠᠪᠤᠷᠢᠵᠢᠭᠤᠯᠬᠤ᠂ ᠭᠡᠷᠡᠴᠢᠯᠡᠯ ᠦᠭᠡᠢ᠎ᠪᠠᠷ ᠪᠤᠬᠢᠷᠲᠤᠯ ᠭᠠᠲᠠᠭᠰᠢᠯᠠᠭᠤᠯᠬᠤ᠂ ᠭᠡᠷᠡᠴᠢᠯᠠᠯ ᠶᠤᠰᠤᠭ᠋ᠠᠷ ᠪᠤᠬᠢᠷᠲᠤᠯ ᠭᠠᠲᠠᠭᠰᠢᠯᠠᠭᠤᠯᠬᠤ ᠦᠭᠡᠢ ᠪᠠᠢ᠌ᠬᠤ ᠮᠡᠲᠦ ᠵᠢᠨ ᠬᠠᠤᠯᠢ ᠵᠦᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ᠎ᠪᠠᠷ ᠴᠢᠩᠲᠠᠯᠠᠨ ᠰᠢᠢ᠍ᠳᠪᠦᠷᠢᠯᠡᠨ᠂ ᠬᠦᠴᠦᠲᠡᠢ ᠴᠤᠬᠢᠯᠲᠠ ᠦᠭᠬᠦ ᠪᠡ ᠬᠤᠷᠢᠬᠯᠠᠨ ᠵᠤᠬᠰᠤᠭ᠋ᠠᠬᠤ ᠬᠡᠷᠡᠭᠲᠡᠢ᠃ ᠡᠯ᠎ᠡ ᠭᠠᠵᠠᠷ᠎ᠤᠨ᠎ᠬᠢᠨ ᠲᠤᠰ ᠵᠠᠰᠠᠭ ᠵᠠᠬᠢᠷᠭ᠋ᠠᠨ᠎ᠤ ᠤᠷᠤᠨ ᠪᠦᠰᠡ ᠵᠢᠨ ᠵᠢᠡᠨ 2021 — 2023 ᠤᠨ᠎ᠤ ᠬᠢᠨᠠᠯᠲᠠ ᠬᠠᠮᠢᠶᠠᠷᠤᠯᠲᠠ ᠵᠢᠨ ᠠᠵᠢᠯᠯᠠᠭ᠎ᠠ ᠵᠢᠨ ᠲ᠋ᠦᠯᠦᠪᠯᠡᠯᠭᠡᠪᠠᠨ ᠲᠤᠭᠲᠠᠭ᠋ᠠᠬᠤ ᠪᠦᠭᠡᠳ ᠤᠨ ᠵᠢᠡᠷ ᠨᠠᠢ᠌ᠷᠠᠭᠤᠯᠤᠨ ᠵᠤᠬᠢᠶᠠᠬᠰᠠᠨ ᠲᠤᠭᠲᠠᠭ᠋ᠠᠯ ᠵᠢᠡᠷ ᠵᠢᠡᠨ ᠤᠨ ᠲᠤᠰᠤᠮ᠎ᠤᠨ ᠠᠵᠢᠯ᠎ᠤᠨ ᠲᠦᠰᠦᠪ ᠵᠢᠡᠨ ᠬᠡᠷᠡᠭᠵᠢᠬᠦᠯᠪᠡᠯ ᠵᠤᠬᠢᠨ᠎ᠠ᠃ ᠡᠯ᠎ᠡ ᠱᠠᠳᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠦᠴᠢᠷ᠎ᠤᠳ 《ᠶᠠᠰᠤ ᠴᠢᠨᠠᠷ》 ᠪᠠ 《ᠨᠠᠢ᠌ᠲᠠᠪᠤᠷᠢᠵᠵᠢᠭᠤᠯᠤᠯᠲᠠ》 ᠵᠢᠨ ᠲᠤᠭᠤᠷᠢᠨ᠎ᠳᠤ ᠬᠢᠨᠠᠯᠲᠠ ᠬᠠᠮᠢᠶᠠᠷᠤᠯᠲᠠ ᠦᠷᠨᠢᠬᠦᠯᠦᠨ᠂ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ᠎ᠤᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠦᠨᠡᠯᠡᠯᠲᠡ᠎ᠳᠤ ᠴᠢᠭᠯᠡᠬᠦᠯᠦᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠦᠨᠡᠯᠡᠯᠲᠡ ᠵᠢᠨ ᠪᠢᠴᠢᠭ ᠮᠠᠲᠸᠷᠢᠶᠠᠯ᠎ᠳᠤ ᠬᠠᠷᠭᠤᠯᠤᠯᠲᠠ ᠪᠠᠢ᠌ᠴᠠᠭ᠋ᠠᠯᠲᠠ ᠬᠢᠵᠤ᠂ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠦᠨᠡᠯᠡᠯᠲᠡ ᠵᠢᠨ ᠪᠢᠴᠢᠭ ᠮᠠᠲᠸᠷᠢᠶᠠᠯ ᠵᠢᠴᠢ ᠵᠦᠪᠰᠢᠶᠡᠷᠡᠯ᠎ᠤᠨ ᠱᠠᠭ᠋ᠠᠷᠲᠠᠯᠭ᠎ᠠ ᠵᠢ ᠨᠠᠢ᠌ᠲᠠᠪᠤᠷᠢᠵᠢᠭᠤᠯᠤᠬᠰᠠᠨ ᠪᠠᠢ᠌ᠲᠠᠯ᠎ᠳᠤ ᠰᠤᠭᠤᠴᠢᠨ ᠪᠠᠢ᠌ᠴᠠᠭ᠋ᠠᠯᠲᠠ ᠬᠢᠬᠦ᠂ ᠤᠷᠴᠢᠨ ᠲᠤᠭᠤᠷᠢᠨ᠎ᠤ ᠨᠦᠯᠦᠭᠡᠯᠡᠯ᠎ᠤᠨ ᠲᠠᠩᠰᠠᠯᠠᠬᠰᠠᠨ ᠲᠦᠷᠦᠯ ᠵᠦᠢ᠍ᠯ᠎ᠤᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠦᠨᠡᠯᠡᠯᠲᠡ᠎ᠤᠨ ᠬᠠᠤᠯᠢ ᠲᠦᠷᠢᠮ᠎ᠳᠤ ᠨᠡᠢ᠌ᠴᠡᠬᠦ ᠡᠰᠡᠬᠦ ᠪᠠᠢ᠌ᠲᠠᠯ᠎ᠳᠤ ᠰᠤᠭᠤᠴᠢᠨ ᠪᠠᠢ᠌ᠴᠠᠭ᠋ᠠᠯᠲᠠ ᠬᠢᠨ᠎ᠡ; ᠵᠢᠷᠤᠭ ᠲᠦᠯᠦᠪᠯᠡᠭᠡ ᠵᠢᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠦᠨᠡᠯᠡᠯᠲᠡ᠎ᠳᠤ ᠴᠢᠭᠯᠡᠬᠦᠯᠦᠨ᠂ ᠭᠤᠤᠯᠲᠠᠯᠭ᠎ᠠ ᠪᠤᠯᠬᠤ ᠬᠦᠷᠢᠶ᠎ᠡ ᠴᠠᠷ᠎ᠠ ᠵᠢᠨ ᠵᠢᠷᠤᠭ ᠲᠦᠯᠦᠪᠯᠡᠭᠡ ᠵᠢᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠦᠨᠡᠯᠡᠯᠲᠡ ᠵᠢᠨ ᠮᠡᠲᠡᠬᠦᠯᠦᠯᠲᠡ ᠵᠢᠨ ᠪᠢᠴᠢᠭ᠎ᠤᠨ ᠨᠠᠢ᠌ᠲᠠᠪᠤᠷᠢᠵᠢᠬᠰᠠᠨ ᠪᠠᠢ᠌ᠲᠠᠯ᠎ᠳᠤ ᠰᠤᠭᠤᠴᠢᠨ ᠪᠠᠢ᠌ᠴᠠᠭ᠋ᠠᠯᠲᠠ ᠬᠢᠨ᠎ᠡ; ᠪᠤᠬᠢᠷᠲᠤᠯ ᠭᠠᠲᠠᠭᠰᠢᠯᠠᠭᠤᠯᠬᠤ ᠵᠦᠪᠰᠢᠶᠡᠷᠡᠯ᠎ᠳᠤ ᠴᠢᠭᠯᠡᠬᠦᠯᠦᠨ᠂ ᠪᠤᠬᠢᠷᠲᠤᠯ ᠭᠠᠲᠠᠭᠰᠢᠯᠠᠭᠤᠯᠬᠤ ᠵᠦᠪᠰᠢᠶᠡᠷᠡᠯ᠎ᠤᠨ ᠭᠡᠷᠡᠴᠢᠯᠡᠯ ᠬᠠᠷᠭᠤᠭᠤᠯᠤᠨ ᠵᠦᠪᠰᠢᠶᠡᠷᠡᠵᠦ ᠤᠯᠭᠤᠬᠰᠠᠨ᠂ ᠲᠠᠩᠰᠠᠯᠠᠬᠰᠠᠨ ᠪᠠᠢ᠌ᠲᠠᠯ ᠪᠠ ᠬᠡᠷᠡᠭᠵᠢᠬᠦᠯᠦᠭᠰᠡᠨ ᠪᠠᠢ᠌ᠲᠠᠯ᠎ᠳᠤ ᠰᠤᠭᠤᠴᠢᠨ ᠪᠠᠢ᠌ᠴᠠᠭ᠋ᠠᠯᠲᠠ ᠬᠢᠨ᠎ᠡ᠃