ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠮᠢᠲᠠᠨ ᠤᠷᠭᠤᠮᠠᠯ ᠶᠡᠬᠡ᠎ᠪᠠᠷ ᠤᠰᠠᠳᠴᠤ ᠪᠠᠢ᠌ᠨ᠎ᠠ᠂ ᠨᠢᠳᠦ ᠬᠠᠯᠠᠰᠢᠷᠠᠮᠠᠷ ᠡ!
ᠨᠡᠶ᠋ᠢᠲᠡᠯᠡᠭᠰᠡᠨ ᠴᠠᠭ᠄ 2020-09-21

      ᠪᠢᠳᠠ ᠪᠠᠢ᠌ᠭ᠋ᠠᠯᠢ ᠡᠵᠢ ᠵᠢᠨ ᠬᠦᠢ ᠵᠢᠨ ᠬᠣᠯᠪᠣᠭ᠎ᠠ᠎ᠲᠠᠢ ᠦᠷᠡᠰ᠂ ᠬᠠᠷᠢᠨ ᠨᠢᠭᠡ ᠯᠡ ᠮᠡᠳᠡᠬᠦ᠎ᠳᠤ ᠠ᠋ᠬᠡ ᠪᠣᠯᠣᠭᠰᠠᠨ ᠪᠠᠢ᠌ᠭ᠋ᠠᠯᠢ ᠳᠡᠯᠡᠬᠡᠢ ᠮᠠᠨᠢ ᠪᠢᠳᠠᠨ᠎ᠠᠴᠠ ᠨᠢᠭᠤᠷ ᠪᠤᠷᠤᠭᠤᠯᠠᠨ ᠵᠠᠢ᠌ᠳᠠᠨ   ᠵᠢᠭᠤᠲᠠᠬᠤ   ᠪᠣᠯᠵᠤ᠂   ᠬᠡᠳᠦᠨ ᠵᠢᠯ᠎ᠤᠨ ᠠ᠋ᠮᠦᠨ᠎ᠡ ᠦᠵᠡᠭᠳᠡᠵᠦ ᠬᠠᠷᠠᠭᠳᠠᠵᠤ ᠪᠠᠢ᠌ᠭᠰᠠᠨ ᠠᠮᠢᠲᠠᠳ᠎ᠤᠨ ᠮᠠᠨᠢ ᠮᠥᠷ᠎ᠨᠢ ᠯᠡ ᠦᠯᠡᠳᠡᠵᠦ᠂ ᠪᠦᠷ ᠵᠠᠷᠢᠮ᠎ᠤᠨ ᠬᠢᠨᠢ ᠮᠥᠷ᠎ᠨᠢ ᠴᠦ᠍ ᠣᠷᠣ ᠲᠠᠰᠤᠷᠠᠵᠤ᠂ ᠭᠡᠮᠰᠢᠬᠦ ᠰᠡᠳᠬᠢᠯ ᠲᠥᠷᠥᠭᠦᠯᠵᠦ ᠪᠠᠢ᠌ᠨ᠎ᠠ᠃                
      ᠳᠡᠯᠡᠬᠡᠶ ᠵᠢᠨ ᠪᠠᠶ᠋ᠢᠭ᠋ᠠᠯᠢ ᠵᠢᠨ ᠰᠠᠭᠤᠷᠢ ᠮᠥᠩᠭᠥᠨ᠎ᠤ ᠨᠡᠶ᠋ᠢᠭᠡᠮᠯᠢᠭ᠎ᠤᠨ ᠰᠡᠭᠦᠯ᠎ᠤᠨ ᠦᠶ᠎ᠡ   ᠵᠢᠨ ᠮᠡᠳᠡᠭᠦᠯᠦᠯᠲᠡ᠎ᠳᠤ᠂ ᠤᠶ᠋ᠢᠷ᠎ᠠ ᠵᠢᠨ 50 ᠵᠢᠯ᠎ᠤᠨ ᠬᠤᠭᠤᠴᠠᠭ᠋ᠠᠨ᠎ᠳᠤ᠂ ᠪᠦᠬᠦ ᠪᠥᠮᠪᠥᠷᠴᠡᠭ᠎ᠤᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠲᠣᠭ᠎ᠠ 2/3 ᠵᠶ᠋ᠡᠷ ᠴᠦᠭᠡᠷᠡᠪᠡ ᠭᠡᠵᠡᠢ᠃ ᠲᠣᠰ ᠮᠡᠳᠡᠭᠦᠯᠦᠯᠲᠡ᠎ᠳᠤ ᠳᠡᠯᠡᠬᠡᠶ ᠵᠢᠨ ᠡᠯ᠎ᠡ ᠭᠠᠵᠠᠷ᠎ᠤᠨ 4000 ᠭᠠᠷᠤᠶ ᠲᠥᠷᠥᠯ᠎ᠤᠨ  20000 ᠭᠠᠷᠤᠶ ᠠᠮᠢᠲᠠᠨ ᠤᠷᠭᠤᠮᠠᠯ᠎ᠢ ᠰᠤᠳᠤᠯᠵᠠᠶ᠃ 1970 ᠣᠨ᠎ᠠᠴᠠ ᠨᠠᠭ᠋ᠠᠰᠢ᠂ ᠬᠥᠬᠥᠲᠡᠨ   ᠠᠮᠢᠲᠠᠨ᠂ ᠵᠢᠭᠦᠷᠲᠡᠨ᠎ᠤ ᠲᠥᠷᠥᠯ᠂ ᠵᠢᠭ᠋ᠠᠰᠤᠨ᠎ᠤ ᠲᠥᠷᠥᠯ᠂ ᠬᠣᠶᠠᠷ ᠨᠤᠲᠤᠭᠲᠠᠨ ᠪᠠ ᠮᠥᠯᠬᠥᠭᠴᠢ ᠠᠮᠢᠲᠠᠨ᠎ᠤ ᠲᠣᠭ᠎ᠠ ᠳᠤᠮᠳᠠᠴᠢ᠎ᠪᠠᠷ 68%᠎ᠪᠠᠷ ᠪᠠᠭ᠋ᠠᠰᠪᠠ᠃                
      ᠠ᠋ᠶ᠋ᠢᠮᠦᠷᠬᠦᠦ 《ᠭᠠᠮᠰᠢᠭ᠎ᠤᠨ ᠴᠢᠨᠠᠷᠲᠠᠶ ᠪᠠᠭᠤᠷᠠᠯᠲᠠ》᠎ᠨᠢ ᠤᠳᠠᠭ᠋ᠠᠰᠢᠷᠠᠬᠤ ᠰᠢᠨᠵᠢ   ᠲᠥᠯᠥᠪ   ᠦᠭᠡᠢ ᠮᠥᠷᠲᠡᠭᠡᠨ ᠬᠥᠮᠦᠨ ᠲᠥᠷᠥᠯᠬᠢᠲᠡᠨ ᠶᠠᠭ 《ᠤᠷᠢᠳᠤ ᠠ᠋ᠮᠦᠨ᠎ᠡ ᠪᠠᠶ᠋ᠢᠭ᠎ᠠ ᠦᠭᠡᠢ ᠬᠤᠷᠳᠤᠴᠠ》᠎ᠪᠠᠷ ᠠ᠋ᠬᠡ ᠪᠠᠶ᠋ᠢᠭ᠋ᠠᠯᠢ ᠵᠢ ᠡᠪᠳᠡᠵᠦ ᠪᠠᠶ᠋ᠢᠨ᠎ᠠ ᠭᠡᠵᠦ ᠮᠡᠳᠡᠭᠦᠯᠦᠯᠲᠡ᠎ᠳᠤ ᠰᠡᠷᠡᠮᠵᠢᠯᠡᠭᠦᠯᠵᠡᠢ᠃                
      ᠬᠠᠮᠢᠶᠠᠲᠠᠢ ᠲᠤᠰᠬᠠᠢ ᠮᠡᠷᠭᠡᠵᠢᠯᠲᠡᠨ ᠰᠡᠷᠡᠮᠵᠢᠯᠡᠭᠦᠯᠬᠦ᠎ᠳᠡᠭᠡᠨ᠂ ᠬᠡᠷᠪᠡ ᠠ᠋ᠨᠡ ᠶᠠᠩᠵᠤ᠎ᠪᠠᠷ   ᠦᠷᠭᠦᠯᠵᠢᠯᠡᠪᠡᠯ᠂ ᠵᠡᠷᠯᠢᠭ ᠠᠮᠢᠲᠠᠨ ᠠᠷᠢᠶᠠᠲᠠᠨ᠎ᠤ   ᠲᠣᠭ᠎ᠠ   ᠲᠣᠯᠣᠭ᠋ᠠᠢ   ᠦᠷᠭᠦᠯᠵᠢᠯᠡᠨ   ᠴᠥᠭᠡᠷᠡᠵᠦ᠂   ᠵᠠᠷᠢᠮ  ᠎ᠨᠢ   ᠲᠡᠷᠡᠴᠢᠯᠡᠨ   ᠮᠦᠬᠦᠬᠦ   ᠠᠶᠤᠯ᠎ᠳᠤ ᠲᠤᠯᠭ᠋ᠠᠷᠠᠨ᠂ ᠪᠢᠳᠡᠨ᠎ᠤ ᠣᠷᠣᠰᠢᠨ ᠲᠣᠭᠲᠠᠨᠢᠬᠤ ᠠᠮᠢ ᠠᠬᠤᠶ ᠵᠢᠨ ᠰᠢᠰᠲ᠋ᠧᠮ᠎ᠤᠨ ᠪᠦᠷᠢᠨ ᠪᠦᠲᠦᠨ ᠴᠢᠨᠠᠷ ᠴᠤ᠌ ᠰᠦᠷᠳᠡᠭᠦᠯᠦᠯ᠎ᠳᠤ ᠤᠴᠠᠷᠠᠬᠤ ᠪᠤᠯᠤᠨ᠎ᠡ ᠭᠡᠵᠡᠢ᠃                
      ᠠᠢ ᠳ᠋ᠠ᠂ ᠪᠠᠢ᠌ᠭ᠋ᠠᠯᠢ ᠳᠡᠯᠡᠬᠡᠢ ᠠᠩ ᠠᠮᠢᠲᠠᠳ ᠤᠰᠤ ᠤᠷᠭᠤᠮᠠᠯ ᠪᠢᠳᠠᠨ᠎ᠠᠴᠠ ᠠᠯᠤᠰᠠᠷᠠᠠ ᠠᠯᠤᠰᠠᠷᠠᠭᠰᠠᠭ᠋ᠠᠷ᠂᠂              
      ᠬᠥᠮᠥᠰ ᠡ᠂ ᠭᠠᠷ ᠵᠶ᠋ᠠᠨ ᠲᠠᠲᠠ᠂ ᠠᠮᠠ᠎ᠪᠠᠨ ᠪᠠᠷᠢ᠂ ᠰᠢᠨᠤᠯ ᠵᠶ᠋ᠠᠨ ᠬᠣᠷᠢ!

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠭᠤᠷᠪᠠᠳᠡᠬᠢ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠳᠠ ᠵᠢᠨ ᠪᠠᠶᠠᠷ》 ᠬᠦᠷᠴᠤ ᠢᠷᠡᠬᠦ ᠲᠠᠰᠢᠷᠠᠮ᠎ᠳᠤ ᠰᠢ ᠵᠢᠨ ᠫᠢᠩ ᠪᠦᠬᠦ ᠤᠯᠤᠰ᠎ᠤᠨ ᠦᠷᠭᠡᠨ ᠤᠯᠠᠨ ᠲᠠᠷᠢᠶᠠᠴᠢᠨ ᠪᠤᠯᠤᠨ 《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》᠎ᠤ ᠠᠵᠢᠯ᠎ᠤᠨ ᠹᠷᠤᠨᠲ᠎ᠲᠤ ᠠᠵᠢᠯᠯᠠᠵᠤ ᠪᠠᠶ᠋ᠢᠭ᠎ᠠ ᠨᠦᠭᠦᠳ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠤᠨ ᠴᠢᠩ ᠰᠡᠳᠭᠢᠯ᠎ᠠᠴᠠ᠎ᠪᠠᠨ ᠲᠤᠬᠤᠨᠢᠭᠤᠯᠵᠠᠢ
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠦᠨᠡᠯᠡᠨ ᠵᠢᠱ᠌ᠢᠬᠦ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠥᠪᠥᠷ ᠮᠤᠩᠭᠤᠯ᠎ᠤᠨ ᠮᠤᠨᠢ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ᠎ᠳᠤ ᠦᠨᠡᠯᠡᠨ ᠵᠢᠱ᠌ᠢᠯᠲᠡ ᠬᠢᠪᠠ
ᠱ᠌ᠢ᠎ᠲᠠᠢ ᠹᠧᠩ ᠺᠦᠨᠱ᠌ᠠᠨ᠎ᠤ ᠺᠧ ᠳᠧᠩ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠯᠦ᠍ ᠮᠤᠤ ᠯᠦᠩ᠎ᠲᠠᠢ ᠠᠭᠤᠯᠵᠠᠪᠠ
ᠥᠪᠥᠷ ᠮᠣᠩᠭᠤᠯ ᠠᠮᠢ ᠠᠬᠤᠶ ᠵᠢᠨ ᠪᠦᠲᠦᠭᠡᠭᠳᠡᠭᠦᠨ᠎ᠤ ᠶᠡᠷᠦᠩᠬᠡᠶ ᠥᠷᠲᠡᠭ ᠵᠶ᠋ᠠᠨ ᠠᠩᠬ᠎ᠠ ᠤᠳᠠᠭ᠎ᠠ ᠨᠡᠶ᠋ᠢᠲᠡᠯᠡᠪᠡ ᠪᠦ᠋ ᠰᠢᠶᠤᠤ ᠯᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠪᠠ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠠᠷᠪᠠᠨ ᠳᠥᠷᠪᠡᠳᠦᠭᠡᠷ ᠤᠳᠠᠭ᠋ᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠥᠭᠡᠷᠡᠴᠢᠯᠡᠯᠲᠡ᠎ᠳᠤ ᠲᠦᠰᠢᠭᠯᠡᠨ ᠬᠤᠪᠢᠷᠠᠯᠲᠠ ᠵᠢ ᠠᠷᠭ᠋ᠠᠴᠠᠭ᠋ᠠᠵᠥ ᠰᠢᠨ᠎ᠡ ᠠᠬᠤᠢ ᠵᠢ ᠨᠡᠭᠡᠭᠡᠵᠤ ᠵᠠᠩᠭᠢᠯᠠᠭ᠎ᠠ ᠵᠢ ᠴᠢᠩᠭ᠎ᠠ ᠠᠳᠬᠤᠨ ᠰᠦᠪᠡᠭᠴᠢᠯᠡᠯᠲᠡ ᠬᠢᠬᠦ ᠵᠢ ᠵᠤᠷᠢᠬ᠍ᠵᠢᠭᠤᠯᠵᠤ ᠪᠣᠳᠠᠲᠤ ᠦᠷ᠎ᠡ ᠪᠦᠲᠦᠮᠵᠢ ᠵᠢ ᠳᠣᠪᠤᠶ᠋ᠢᠯᠭ᠋ᠠᠬᠤ ᠬᠡᠷᠡᠭᠳᠡᠢ ᠭᠡᠵᠦ ᠴᠢᠬᠤᠯᠠᠴᠢᠯᠠᠪᠠ
 
             蒙ICP备05000248号