ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠦᠨᠡᠯᠡᠨ ᠵᠢᠱ᠌ᠢᠬᠦ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠥᠪᠥᠷ ᠮᠤᠩᠭᠤᠯ᠎ᠤᠨ ᠮᠤᠨᠢ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ᠎ᠳᠤ ᠦᠨᠡᠯᠡᠨ ᠵᠢᠱ᠌ᠢᠯᠲᠡ ᠬᠢᠪᠠ
ᠨᠡᠶ᠋ᠢᠲᠡᠯᠡᠭᠰᠡᠨ ᠴᠠᠭ᠄ 2020-09-25

      ᠠᠮᠢ ᠠᠬᠤᠶ ᠵᠢᠨ ᠣᠷᠴᠢᠨ ᠲᠣᠭᠣᠷᠢᠨ᠎ᠤ ᠶᠠᠮᠤᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠲᠤᠬᠠᠶ ᠮᠡᠳᠡᠭᠳᠡᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ 2020 ᠣᠨ᠎ᠤ 8 ᠰᠠᠷ᠎ᠠ ᠵᠢᠨ 24᠎ᠤ ᠡᠳᠦᠷ᠎ᠠᠴᠠ 26᠎ᠤ ᠡᠳᠦᠷ ᠪᠣᠯᠲᠠᠯ᠎ᠠ᠂ ᠠᠮᠢ ᠠᠬᠤᠶ ᠵᠢᠨ ᠣᠷᠴᠢᠨ ᠨᠥᠬᠥᠴᠡᠯ᠎ᠤᠨ ᠶᠠᠮᠤᠨ ᠳᠤᠮᠳᠠᠳᠤ ᠤᠯᠤᠰ᠎ᠤᠨ ᠣᠷᠴᠢᠨ ᠠᠬᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠦᠨᠡᠯᠡᠨ ᠵᠢᠱ᠌ᠢᠬᠦ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠳᠤ ᠨᠠᠶ᠋ᠢᠳᠠᠵᠤ ᠥᠪᠥᠷ ᠮᠣᠩᠭᠣᠯ᠎ᠤᠨ ᠮᠤᠨᠢ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠲᠤᠬᠠᠶ ᠵᠢᠨ ᠭᠠᠵᠠᠷ᠎ᠲᠤᠨᠢ ᠦᠨᠡᠯᠡᠨ ᠵᠢᠱ᠌ᠢᠯᠲᠡ ᠬᠢᠯᠭᠡᠪᠡ᠃
      ᠲᠣᠰ ᠤᠳᠠᠭ᠋ᠠᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠦᠨᠡᠯᠡᠨ ᠵᠢᠱ᠌ᠢᠯᠲᠡ᠎ᠳᠤ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠥᠪᠡᠰᠦᠪᠡᠨ ᠦᠨᠡᠯᠡᠬᠦ ᠪᠠ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠤᠨ ᠲᠤᠬᠠᠶ ᠵᠢᠨ ᠲᠠᠯᠠᠪᠤᠷ᠎ᠲᠤ ᠦᠨᠡᠯᠡᠨ ᠵᠢᠱ᠌ᠢᠬᠦ ᠵᠢ ᠤᠶᠠᠯᠳᠤᠭᠤᠯᠬᠤ ᠠᠷᠭ᠎ᠠ ᠮᠠᠶᠢᠭ ᠵᠶ᠋ᠡᠷ ᠬᠠᠮᠢᠶᠠᠷᠤᠯᠲᠠ ᠵᠢᠨ ᠦᠨᠳᠦᠰᠦᠯᠡᠯ᠂ ᠬᠠᠮᠢᠶᠠᠷᠤᠯᠳᠠ ᠵᠢᠨ ᠠᠷᠭ᠎ᠠ ᠬᠡᠮᠵᠢᠶ᠎ᠡ᠂ ᠬᠠᠮᠢᠶᠠᠷᠤᠯᠲᠠ ᠵᠢᠨ ᠪᠠᠲᠤᠯᠠᠭ᠎ᠠ᠂ ᠬᠠᠮᠢᠶᠠᠷᠴᠤ ᠬᠠᠮᠠᠭ᠋ᠠᠯᠠᠭᠰᠠᠨ ᠦᠷ᠎ᠡ ᠪᠦᠲᠦᠮᠵᠢ᠂ ᠨᠠᠵᠠᠭ᠋ᠠᠶ ᠨᠥᠯᠥᠭᠡ ᠵᠡᠷᠭᠡ 5 ᠲᠠᠯ᠎ᠠ᠎ᠪᠠᠷ ᠥᠪᠥᠷ ᠮᠣᠩᠭᠣᠯ᠎ᠤᠨ ᠮᠤᠨᠢ ᠠᠭᠤᠯᠠ ᠵᠢᠨ ᠤᠯᠤᠰ᠎ᠤᠨ ᠲᠠᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠦᠨᠡᠯᠡᠨ ᠵᠢᠱ᠌ᠢᠬᠦ ᠠᠵᠢᠯ ᠥᠷᠨᠢᠭᠦᠯᠪᠡ᠃ 8 ᠰᠠᠷ᠎ᠠ ᠵᠢᠨ 25᠎ᠤ ᠡᠳᠦᠷ᠂ ᠦᠨᠡᠯᠡᠨ ᠵᠢᠱ᠌ᠢᠬᠦ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠮᠤᠨᠢ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠹᠧᠩ ᠶᠤᠸᠠᠨ   ᠭᠤᠷᠪᠠᠳᠤᠭ᠋ᠠᠷ ᠠᠭᠤᠷᠬᠠᠶ ᠵᠢᠨ ᠣᠷᠴᠢᠨ᠎ᠢ ᠵᠠᠰᠠᠬᠤ ᠤᠷᠤᠨ᠂ᠤᠮᠠᠷᠠᠲᠤ ᠰᠦᠮ᠎ᠡ ᠠᠵᠢᠯᠯᠠᠬᠤ ᠥᠷᠲᠡᠭᠡ᠂ ᠬᠠᠷ᠎ᠠ ᠠᠭᠤᠯᠠ ᠰᠢᠭᠤᠶ᠋ᠢᠲᠤ ᠣᠷᠣᠨ᠎ᠳᠤ   ᠭᠦᠨᠵᠡᠭᠡᠶ᠋ᠢᠷᠡᠵᠦ᠂ ᠠᠯᠤᠰ ᠰᠡᠷᠡᠯ᠎ᠤᠨ ᠬᠢᠨᠠᠨ ᠬᠡᠮᠵᠢᠯᠲᠡ ᠵᠢᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ ᠪᠣᠯᠤᠨ ᠬᠠᠮᠢᠶᠠᠷᠴᠤ ᠬᠠᠮᠠᠭ᠋ᠠᠯᠠᠬᠤ ᠦᠷᠳᠡᠭᠡᠨ᠎ᠤ ᠲᠤᠨᠤᠭ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠬᠠᠷᠭᠤᠭᠤᠯᠤᠨ ᠪᠠᠶ᠋ᠢᠴᠠᠭ᠋ᠠᠵᠤ᠂ ᠡᠭᠦᠨ᠎ᠤ ᠬᠠᠮᠲᠤ ᠬᠠᠮᠠᠭ᠋ᠠᠯᠠᠯᠲᠠ ᠵᠢᠨ ᠣᠷᠣᠨ᠎ᠤ ᠪᠠᠶ᠋ᠢᠭ᠋ᠠᠯᠢ ᠵᠢᠨ ᠠᠮᠢ ᠠᠬᠤᠢ ᠵᠢᠨ ᠰᠢᠰᠲ᠋ᠧᠮ ᠪᠣᠯᠤᠨ ᠬᠠᠮᠠᠭ᠋ᠠᠯᠠᠭᠳᠠᠬᠤ ᠡᠲᠡᠭᠡᠳ᠎ᠤᠨ ᠬᠤᠪᠢᠷᠠᠯᠲᠠ ᠵᠢᠨ ᠪᠠᠶ᠋ᠢᠳᠠᠯ᠎ᠢ ᠠᠵᠢᠭᠯᠠᠪᠠ᠃
     8 ᠰᠠᠷ᠎ᠠ ᠵᠢᠨ 26᠎ᠤ ᠡᠳᠦᠷ᠎ᠤᠨ ᠦᠳᠡ ᠵᠢᠨ ᠡᠮᠦᠨ᠎ᠡ᠂ ᠦᠨᠡᠯᠡᠨ ᠵᠢᠱ᠌ᠢᠬᠦ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠲᠠᠩᠰᠠ ᠡᠪᠬᠡᠮᠡᠯ᠎ᠤᠨ ᠮᠠᠲ᠋ᠧᠷᠢᠶᠠᠯ᠎ᠢ ᠪᠠᠶ᠋ᠢᠴᠠᠭ᠋ᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠤᠬᠠᠭᠤᠯᠭ᠎ᠠ ᠵᠢᠨ ᠹᠢᠯᠢᠮ᠎ᠢ ᠦᠵᠡᠬᠦ ᠵᠡᠷᠭᠡ ᠠᠷᠭ᠎ᠠ ᠮᠠᠶᠢᠭ ᠵᠶ᠋ᠠᠷ ᠦᠨᠡᠯᠡᠨ ᠵᠢᠱ᠌ᠢᠬᠦ ᠰᠠᠭᠤᠳᠠᠯ᠎ᠤᠨ ᠬᠤᠷᠠᠯ ᠬᠢᠪᠠ᠃ ᠬᠤᠷᠠᠯ ᠳᠡᠭᠡᠷ᠎ᠡ᠂ ᠮᠤᠨᠢ ᠠᠭᠤᠯᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠣᠤᠯ ᠬᠠᠮᠠᠭ᠋ᠠᠯᠠᠬᠤ ᠡᠲᠡᠭᠡᠳ᠎ᠢ ᠬᠢᠨᠠᠨ ᠬᠡᠮᠵᠢᠬᠦ ᠠᠷᠭ᠎ᠠ᠂ ᠣᠶ ᠰᠢᠭᠤᠶ ᠵᠢᠨ ᠠᠮᠢ ᠠᠬᠤᠶ ᠵᠢᠨ ᠰᠢᠰᠲ᠋ᠧᠮ᠎ᠤᠨ ᠬᠢᠨᠠᠨ ᠬᠡᠮᠵᠢᠬᠦ ᠠᠷᠭ᠎ᠠ ᠬᠡᠮᠵᠢᠶ᠎ᠡ ᠪᠠ ᠠᠮᠢ ᠠᠬᠤᠶ ᠵᠢᠨ ᠬᠠᠮᠠᠭ᠋ᠠᠯᠠᠯᠲᠠ ᠵᠢᠨ ᠤᠬᠠᠭᠤᠯᠭ᠎ᠠ ᠬᠥᠮᠦᠵᠢᠯ᠎ᠤᠨ ᠴᠢᠳᠠᠪᠤᠷᠢ ᠵᠢᠴᠢ ᠬᠦᠮᠦᠨ ᠲᠥᠷᠥᠯᠬᠢᠲᠡᠨ᠎ᠤ ᠠᠵᠢᠯᠯᠠᠭ᠎ᠠ ᠵᠢᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ ᠵᠡᠷᠭᠡ ᠵᠢᠨ ᠲᠣᠭᠣᠷᠢᠨ᠎ᠳᠤ ᠭᠣᠤᠯᠳᠠᠯᠭ᠎ᠠ᠎ᠲᠠᠢ ᠨᠠᠷᠢᠨ ᠨᠢᠮᠪᠠᠶ ᠰᠤᠳᠤᠯᠤᠨ ᠶᠠᠷᠢᠯᠴᠠᠪᠠ᠃ ᠡᠭᠦᠨ᠎ᠤ ᠬᠠᠮᠲᠤ᠂ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠪᠣᠳᠠᠲᠠᠶ ᠪᠠᠶ᠋ᠢᠳᠠᠯ᠎ᠲᠠᠢ ᠤᠶᠠᠯᠳᠤᠭᠤᠯᠤᠨ ᠬᠠᠮᠠᠭ᠋ᠠᠯᠠᠯᠲᠠ ᠵᠢᠨ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠢᠨᠠᠨ ᠬᠡᠮᠵᠢᠬᠦ ᠴᠢᠳᠠᠪᠤᠷᠢ ᠵᠢ ᠳᠡᠭᠡᠭᠰᠢᠯᠡᠭᠦᠯᠬᠦ᠂ ᠣᠶ ᠰᠢᠭᠤᠶ ᠵᠢᠨ ᠡᠬᠢ ᠪᠠᠶᠠᠯᠢᠭ᠎ᠤᠨ ᠨᠡᠮᠡᠭᠳᠡᠯ᠎ᠤᠨ ᠬᠤᠪᠢᠷᠠᠯᠲᠠ ᠵᠢᠨ ᠬᠥᠳᠡᠯᠦᠩᠭᠦᠶ ᠬᠢᠨᠠᠨ ᠬᠡᠮᠵᠢᠯᠲᠡ ᠵᠢᠨ ᠲᠤᠭ᠋ᠠᠵᠢᠭᠤᠯᠤᠯᠳᠠ ᠵᠢᠨ ᠬᠥᠮᠥᠷᠭᠡ ᠪᠠᠶ᠋ᠢᠭᠤᠯᠬᠤ᠂ ᠤᠬᠠᠭᠤᠯᠭ᠎ᠠ ᠬᠥᠮᠦᠵᠢᠯ᠎ᠤᠨ ᠪᠦᠷᠬᠦᠴᠡ ᠵᠢᠨ ᠬᠡᠪᠴᠢᠶ᠎ᠡ ᠪᠣᠯᠤᠨ ᠨᠥᠯᠥᠭᠡᠯᠡᠬᠦ ᠬᠦᠴᠦᠨ᠎ᠤ ᠥᠷᠭᠡᠳᠬᠡᠯ ᠵᠢᠴᠢ ᠲᠤᠭ᠋ᠠᠵᠢᠭᠤᠯᠤᠭᠰᠠᠨ ᠳᠠᠩᠰᠠ ᠡᠪᠬᠡᠮᠡᠯ᠎ᠢ ᠲᠡᠭᠦᠯᠳᠡᠷᠵᠢᠭᠦᠯᠬᠦ᠂ ᠠᠮᠢ ᠠᠬᠤᠶ ᠵᠢᠨ ᠬᠢᠨᠠᠨ ᠬᠡᠮᠵᠢᠬᠦ ᠲᠣᠤᠷ ᠰᠦᠯᠵᠢᠶ᠎ᠡ ᠵᠢ ᠪᠠᠢ᠌ᠭᠤᠯᠤᠨ᠎ᠠ᠃ ᠨᠠᠩ ᠣᠨᠴᠠᠯᠢᠭ ᠪᠦᠬᠦᠢ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠬᠤ ᠵᠡᠷᠭᠡ ᠲᠠᠯ᠎ᠠ᠎ᠪᠠᠷ ᠰᠢᠯᠢᠳᠡᠭᠵᠢᠭᠦᠯᠬᠦ ᠰᠠᠨᠠᠯ ᠰᠠᠨᠠᠭᠤᠯᠭ᠎ᠠ ᠳᠤᠷᠠᠳᠴᠤ᠂ ᠲᠡᠷᠡᠴᠢᠯᠡᠨ ᠬᠠᠮᠠᠭ᠋ᠠᠯᠠᠯᠲᠠ ᠵᠢᠨ ᠣᠷᠣᠨ᠎ᠤ ᠵᠠᠭ᠋ᠠᠭ ᠵᠢᠨ ᠪᠠᠷᠢᠮᠵᠢᠶ᠎ᠠ ᠲᠣᠭᠲᠠᠭ᠋ᠠᠬᠤ ᠪᠠ ᠶᠡᠷᠦᠩᠬᠡᠶ ᠲᠦᠯᠦᠪᠵᠢᠬᠦᠯᠭᠡ ᠵᠢ ᠦᠷᠭᠦᠯᠵᠢᠯᠡᠨ ᠨᠠᠶ᠋ᠢᠷᠠᠭᠤᠯᠬᠤ ᠠᠬᠢᠴᠠ ᠵᠢ ᠲᠦᠷᠭᠡᠳᠬᠡᠬᠦ ᠬᠡᠷᠡᠭᠲᠡᠶ ᠭᠡᠵᠦ ᠱᠠᠭ᠋ᠠᠷᠳᠠᠪᠠ᠃
      ᠦᠨᠡᠯᠡᠨ ᠵᠢᠱ᠌ᠢᠯᠲᠡ ᠳᠠᠭᠤᠰᠤᠭᠰᠠᠨ᠎ᠤ ᠳᠠᠷᠠᠭ᠎ᠠ᠂ ᠮᠤᠨᠢ ᠠᠭᠤᠯᠠ ᠪᠣᠯ ᠤᠯᠤᠰ᠎ᠤᠨ ᠭᠣᠤᠯᠳᠠᠯᠭ᠎ᠠ᠎ᠲᠠᠢ ᠠᠮᠢ ᠠᠬᠤᠶ ᠵᠢᠨ ᠴᠢᠳᠠᠮᠵᠢ ᠵᠢᠨ ᠣᠷᠣᠨ᠂ ᠣᠶ᠋ᠢᠷ᠎ᠠ ᠵᠢᠨ ᠵᠢᠯ᠎ᠤᠨ ᠲᠤᠷᠰᠢ ᠬᠠᠮᠠᠭ᠋ᠠᠯᠠᠯᠲᠠ ᠢᠯᠡᠳᠲᠡ ᠠᠮᠵᠢᠯᠲᠠ ᠣᠯᠵᠠᠶ᠃ ᠣᠨᠴᠠᠭ᠋ᠠᠶ᠋ᠢᠯᠠᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠵᠢᠨ ᠰᠦᠷᠳᠡᠭᠦᠯᠦᠯ᠎ᠤᠨ ᠬᠦᠴᠦᠨ ᠵᠦᠢ᠍ᠯ ᠪᠦᠬᠦ ᠲᠠᠯ᠎ᠠ᠎ᠪᠠᠷ ᠪᠦᠲᠦᠮᠵᠢᠲᠡᠢ ᠬᠣᠷᠢᠭᠯᠠᠭᠳᠠᠵᠤ᠂ ᠠᠮᠢ ᠠᠬᠤᠢ ᠵᠢᠨ ᠰᠢᠰᠲ᠋ᠧᠮ ᠪᠣᠯᠤᠨ ᠴᠢᠬᠤᠯᠠ ᠪᠣᠳᠠᠰ᠎ᠤᠨ ᠲᠦᠷᠦᠯ᠎ᠤᠨ ᠤᠷᠤᠰᠢᠬᠤ ᠭᠠᠵᠠᠷ ᠲᠣᠭᠲᠠᠭᠤᠨ ᠪᠠᠶ᠋ᠢᠳᠠᠯ ᠵᠶ᠋ᠠᠨ ᠪᠠᠲᠤᠯᠠᠵᠤ᠂ ᠬᠥᠬᠡᠨᠠᠭᠤᠷ ᠴᠠᠷᠠᠰᠤ ᠵᠡᠷᠭᠡ ᠭᠣᠣᠯ ᠬᠠᠮᠠᠭ᠋ᠠᠯᠠᠬᠤ ᠡᠲᠡᠭᠡᠳ ᠨᠡᠯᠢᠶᠡᠳ ᠰᠠᠢ᠍ᠢ᠍ᠨ ᠬᠠᠮᠠᠭ᠋ᠠᠯᠠᠭᠳᠠᠵᠤ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠳᠦᠷᠰᠦ ᠵᠢᠨ ᠰᠦᠷᠦᠭ᠎ᠤᠨ ᠲᠣᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠠᠮᠢ ᠠᠬᠤᠢ ᠵᠢᠨ ᠰᠢᠰᠲ᠋ᠧᠮ᠎ᠤᠨ ᠦᠢ᠍ᠯᠡᠴᠢᠯᠡᠭᠡᠨ᠎ᠤ ᠴᠢᠳᠠᠮᠵᠢ ᠦᠷᠭᠦᠯᠵᠢᠯᠡᠨ ᠴᠢᠩᠭ᠋ᠠᠷᠠᠵᠤ᠂ ᠤᠯᠠᠨ ᠲᠦᠮᠡᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠤᠬᠠᠮᠰᠠᠷ ᠢᠯᠡᠳᠲᠡ ᠳᠡᠭᠡᠭᠰᠢᠯᠡᠵᠡᠢ᠃
      ᠲᠤᠰ ᠤᠳᠠᠭ᠋ᠠᠨ᠎ᠤ ᠬᠠᠮᠠᠭ᠋ᠠᠯᠠᠯᠲᠠ ᠵᠢᠨ ᠣᠷᠣᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢᠨ ᠦᠨᠡᠯᠡᠨ ᠵᠢᠱ᠌ᠢᠯᠲᠡ᠎ᠪᠠᠷ ᠳᠠᠮᠵᠢᠨ᠂ ᠥᠪᠥᠷ ᠮᠣᠩᠭᠣᠯ᠎ᠤᠨ ᠮᠤᠨᠢ ᠠᠭᠤᠯᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠶ ᠬᠥᠭᠵᠢᠯᠲᠡ ᠵᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠭᠦᠨᠵᠡᠭᠡᠶ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠠᠮᠢ ᠠᠬᠤᠶ ᠵᠢᠨ ᠣᠷᠴᠢᠨ ᠨᠥᠬᠥᠴᠡᠯ᠎ᠤᠨ ᠬᠢᠨᠠᠯᠲᠠ ᠬᠠᠮᠢᠶᠠᠷᠤᠯᠳᠠ ᠵᠢ ᠴᠢᠩᠭ᠋ᠠᠳᠬᠠᠵᠤ᠂ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠲᠠᠰᠤᠷᠠᠯᠲᠠ ᠥᠬᠡᠶ ᠳᠡᠭᠡᠭᠰᠢᠯᠡᠬᠦᠯᠵᠦ᠂   ᠮᠤᠨᠢ ᠠᠭᠤᠯᠠ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠶ ᠵᠢᠨ   ᠴᠢᠨᠠᠷ ᠰᠠᠶ᠋ᠢᠲᠠᠶ ᠬᠥᠭᠵᠢᠯᠲᠡ ᠵᠢ ᠦᠷᠭᠦᠯᠵᠢᠯᠡᠨ ᠠᠬᠢᠭᠤᠯᠬᠤ᠎ᠳᠤ ᠴᠢᠬᠤᠯᠠ ᠠᠴᠢ ᠬᠤᠯᠪᠤᠭᠳᠠᠯ᠎ᠲᠠᠢ ᠶᠤᠮ᠃

ᠢᠷᠡᠯᠲᠡ᠄ ᠊ᠯᠠᠱ᠌ᠠ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠱ᠌ᠢ᠎ᠲᠠᠢ ᠹᠧᠩ ᠺᠦᠨᠱ᠌ᠠᠨ᠎ᠤ ᠺᠧ ᠳᠧᠩ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠯᠦ᠍ ᠮᠤᠤ ᠯᠦᠩ᠎ᠲᠠᠢ ᠠᠭᠤᠯᠵᠠᠪᠠ
ᠥᠪᠥᠷ ᠮᠣᠩᠭᠤᠯ ᠠᠮᠢ ᠠᠬᠤᠶ ᠵᠢᠨ ᠪᠦᠲᠦᠭᠡᠭᠳᠡᠭᠦᠨ᠎ᠤ ᠶᠡᠷᠦᠩᠬᠡᠶ ᠥᠷᠲᠡᠭ ᠵᠶ᠋ᠠᠨ ᠠᠩᠬ᠎ᠠ ᠤᠳᠠᠭ᠎ᠠ ᠨᠡᠶ᠋ᠢᠲᠡᠯᠡᠪᠡ ᠪᠦ᠋ ᠰᠢᠶᠤᠤ ᠯᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠪᠠ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠠᠷᠪᠠᠨ ᠳᠥᠷᠪᠡᠳᠦᠭᠡᠷ ᠤᠳᠠᠭ᠋ᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠥᠭᠡᠷᠡᠴᠢᠯᠡᠯᠲᠡ᠎ᠳᠤ ᠲᠦᠰᠢᠭᠯᠡᠨ ᠬᠤᠪᠢᠷᠠᠯᠲᠠ ᠵᠢ ᠠᠷᠭ᠋ᠠᠴᠠᠭ᠋ᠠᠵᠥ ᠰᠢᠨ᠎ᠡ ᠠᠬᠤᠢ ᠵᠢ ᠨᠡᠭᠡᠭᠡᠵᠤ ᠵᠠᠩᠭᠢᠯᠠᠭ᠎ᠠ ᠵᠢ ᠴᠢᠩᠭ᠎ᠠ ᠠᠳᠬᠤᠨ ᠰᠦᠪᠡᠭᠴᠢᠯᠡᠯᠲᠡ ᠬᠢᠬᠦ ᠵᠢ ᠵᠤᠷᠢᠬ᠍ᠵᠢᠭᠤᠯᠵᠤ ᠪᠣᠳᠠᠲᠤ ᠦᠷ᠎ᠡ ᠪᠦᠲᠦᠮᠵᠢ ᠵᠢ ᠳᠣᠪᠤᠶ᠋ᠢᠯᠭ᠋ᠠᠬᠤ ᠬᠡᠷᠡᠭᠳᠡᠢ ᠭᠡᠵᠦ ᠴᠢᠬᠤᠯᠠᠴᠢᠯᠠᠪᠠ
ᠳᠤᠮᠳᠠᠳᠤ ᠤᠯᠤᠰ᠎ᠤᠨ ᠡᠯᠡᠰᠦ ᠵᠠᠰᠠᠬᠤ ᠨᠤᠮᠢᠨ ᠨᠤᠭᠤᠭ᠋ᠠᠨ 《ᠲᠦᠯᠬᠢᠬᠦᠷ》 ᠳᠡᠯᠡᠭᠡᠢ ᠵᠢᠨ ᠲᠠᠪᠴᠠᠩ᠎ᠳᠤ ᠭᠠᠷᠪᠠ
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠯᠢ ᠪᠢᠩ ᠷᠦᠩ ᠮᠤᠨᠢ ᠠᠭᠤᠯᠠ ᠵᠢᠨ ᠤᠯᠤᠰ᠎ᠤᠨ ᠴᠡᠴᠡᠷᠯᠢᠭ᠎ᠢ ᠡᠭᠦᠳᠦᠨ ᠪᠠᠶ᠋ᠢᠭᠤᠯᠬᠤ ᠠᠵᠢᠯ᠎ᠢ ᠪᠠᠶ᠋ᠢᠴᠠᠭ᠋ᠠᠨ ᠵᠢᠯᠣᠭᠣᠳᠪᠠ
 
             蒙ICP备05000248号