9 ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠡᠷᠬᠢᠯᠡᠭᠴᠢ ᠱ᠌ᠢ᠎ᠲᠠᠢ ᠹᠧᠩ ᠬᠥᠬᠡᠬᠤᠲᠠ᠎ᠳᠤ ᠺᠦᠨᠱ᠌ᠠᠨᠤ ᠺᠧ ᠲᠧᠩ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠯᠦ᠍ ᠮᠤᠤ ᠯᠦᠩ᠎ᠲᠠᠢ ᠠᠭᠤᠯᠵᠠᠪᠠ᠃ ᠱ᠌ᠢ᠎ᠲᠠᠢ ᠹᠧᠩ ᠯᠦ᠍ ᠮᠤᠤ ᠯᠦᠩ ᠨᠡᠷ᠎ᠤᠨ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ᠎ᠪᠠᠷ ᠢᠷᠡᠭᠰᠡᠨ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠭᠰᠡᠨ ᠪᠥᠭᠡᠳ ᠥᠪᠥᠷ ᠮᠣᠩᠭᠤᠯ᠎ᠤᠨ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠡᠷᠭᠡ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠪᠣᠯ ᠮᠠᠨ᠎ᠤ ᠤᠯᠤᠰ ᠤᠨ ᠪᠣᠬᠢᠷᠲᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠦᠨ ᠪᠤᠯᠪᠠᠰᠤᠷᠠᠭᠤᠯᠵᠤ ᠭᠠᠷᠭ᠋ᠠᠬᠤ ᠴᠢᠬᠤᠯᠠ ᠰᠠᠭᠤᠷᠢᠨ ᠮᠥᠨ᠂ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠳᠠᠯᠳᠠ ᠬᠦᠴᠦᠨ ᠯᠤᠲᠤ ᠶᠡᠭᠡ ᠪᠠᠶ᠋ᠢᠨ᠎ᠠ᠂ ᠪᠢᠳᠡ ᠺᠧ ᠲᠧᠩ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠤᠨ ᠺᠣᠮᠫᠠᠨᠢ᠎ᠲᠠᠢ ᠭᠦᠨᠵᠡᠭᠡᠶ ᠵᠣᠯᠭ᠋ᠠᠯᠴᠠᠬᠤᠪᠠᠨ ᠴᠢᠩᠭ᠋ᠠᠳᠬᠠᠠ᠂ ᠬᠠᠮᠲᠤᠷᠠᠯᠴᠠᠭ᠋ᠠᠨ᠎ᠤ ᠬᠡᠪ ᠵᠠᠭᠪᠤᠷ ᠵᠶ᠋ᠠᠨ ᠰᠢᠨᠡᠴᠢᠯᠡᠵᠥ᠂ ᠣᠨᠴᠠᠭ᠋ᠠᠶ᠋ᠢᠯᠠᠨ ᠬᠤᠵᠢᠷ᠎ᠢ ᠡᠰᠡᠷᠭᠦᠴᠡᠬᠦ ᠲᠠᠷᠢᠮᠠᠯ᠎ᠤᠨ ᠡᠭᠦᠯᠳᠡᠷ᠎ᠢ ᠰᠠᠶ᠋ᠢᠵᠢᠷᠠᠭᠤᠯᠬᠤ᠂ ᠰᠢᠨ᠎ᠡ ᠡᠭᠦᠯᠳᠡᠷ᠎ᠢ ᠪᠤᠶ᠋ᠢᠵᠢᠭᠤᠯᠤᠨ ᠳᠡᠯᠭᠡᠷᠡᠭᠦᠯᠬᠦ ᠵᠡᠷᠭᠡ ᠲᠠᠯ᠎ᠠ᠎ᠪᠠᠷ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠬᠦ ᠵᠢ ᠬᠦᠰᠡᠵᠥ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ᠎ᠤᠨ᠎ᠬᠢᠨ ᠰᠠᠨᠠᠭ᠋ᠠᠴᠢᠯᠠᠭ᠎ᠠ᠎ᠠᠴᠠ᠎ᠪᠠᠨ ᠰᠠᠶ᠋ᠢᠲᠤᠷ ᠦᠢ᠍ᠯᠡᠴᠢᠯᠡᠵᠥ᠂ ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠢ ᠪᠤᠢ ᠪᠣᠯᠭ᠋ᠠᠵᠤ᠂ ᠪᠣᠳᠠᠲᠠᠶ ᠬᠠᠮᠲᠤᠷᠠᠯᠴᠠᠭ᠋ᠠᠨ᠎ᠤ ᠶᠠᠪᠤᠳᠠᠯ᠎ᠢ ᠨᠠᠷᠢᠯᠢᠭᠵᠢᠭᠤᠯᠤᠨ ᠪᠤᠳᠠᠳᠠᠶ᠋ᠢᠵᠢᠭᠤᠯᠬᠤ ᠬᠡᠷᠡᠭᠳᠡᠢ ᠬᠡᠪᠡ᠃ ᠺᠧ ᠲᠧᠩ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠤᠨ ᠬᠢᠵᠠᠭ᠋ᠠᠷᠳᠤ ᠺᠣᠮᠫᠠᠨᠢ ᠪᠣᠯ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠮᠢᠳᠤ ᠪᠣᠳᠠᠰ᠎ᠤᠨ ᠲᠠᠷᠢᠶᠠᠯᠠᠩ᠎ᠤᠨ ᠠᠵᠤ ᠠᠬᠤᠶ᠋ᠢᠯᠠᠯ ᠪᠠᠶ᠋ᠢᠵᠤ᠂ ᠳᠡᠯᠡᠬᠡᠶ᠎ᠳᠤ ᠣᠷᠦ᠋ᠢ᠍ᠯᠠᠭᠰᠠᠨ ᠣᠳᠣ ᠦᠶ᠎ᠡ ᠵᠢᠨ ᠠᠮᠢᠳᠤ ᠪᠣᠳᠠᠰ᠎ᠤᠨ ᠦᠷ᠎ᠡ ᠪᠤᠶ᠋ᠢᠵᠢᠭᠤᠯᠬᠤ ᠮᠡᠷᠭᠡᠵᠢᠯ᠎ᠲᠠᠢ᠃ ᠯᠦ᠍ ᠮᠤᠤ ᠯᠦᠩ᠂ ᠺᠧ ᠲᠧᠩ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠤᠨ ᠬᠢᠵᠠᠭ᠋ᠠᠷᠳᠤ ᠺᠣᠮᠫᠠᠨᠢ ᠵᠢᠨ ᠥᠪᠥᠷ ᠮᠣᠩᠭᠤᠯ᠎ᠤᠨ ᠣᠯᠠᠨ ᠭᠠᠵᠠᠷ᠎ᠲᠤ ᠥᠷᠨᠢᠭᠦᠯᠦᠭᠰᠡᠨ ᠬᠤᠵᠢᠷ᠎ᠢ ᠡᠰᠡᠷᠭᠦᠴᠡᠬᠦ ᠲᠠᠷᠢᠮᠠᠯ᠎ᠤᠨ ᠲᠥᠷᠥᠯ ᠵᠦᠢ᠍ᠯ᠎ᠤᠨ ᠲᠤᠷᠰᠢᠯᠲᠠ ᠮᠠᠰᠢ ᠠᠮᠵᠢᠯᠲᠠ᠎ᠲᠠᠢ᠂ ᠲᠠᠷᠠᠭ᠋ᠠᠴᠢ ᠵᠢᠨ ᠠᠯᠬᠤᠮ᠎ᠳᠤ ᠨᠠᠩ ᠶᠡᠭᠡ ᠬᠡᠪᠴᠢᠶᠡᠨ᠎ᠳᠤ ᠲᠤᠷᠰᠢᠯᠳᠠ ᠬᠢᠵᠦ ᠳᠡᠯᠭᠡᠷᠡᠭᠦᠯᠤᠨ᠂ ᠡᠭᠦᠯᠳᠡᠷ᠎ᠢ ᠰᠤᠳᠤᠯᠤᠨ ᠨᠡᠭᠡᠭᠡᠬᠦ ᠵᠢ ᠴᠢᠩᠭ᠋ᠠᠳᠬᠠᠬᠤ ᠪᠠ ᠵᠤᠬᠢᠷᠠᠬᠤ ᠮᠡᠷᠭᠡᠵᠢᠯ᠎ᠢ ᠬᠡᠷᠡᠭᠯᠡᠬᠦ ᠵᠢ ᠤᠶᠠᠯᠳᠤᠭᠤᠯᠬᠤ᠎ᠪᠠᠷ ᠳᠠᠮᠵᠢᠭᠤᠯᠤᠨ᠂ ᠲᠠᠷᠢᠮᠠᠯ᠎ᠤᠨ ᠬᠤᠷᠢᠶᠠᠯᠲᠠ ᠵᠢ ᠨᠡᠮᠡᠭᠳᠡᠭᠦᠯᠵᠥ᠂ ᠲᠠᠷᠢᠶᠠᠯᠠᠩ ᠮᠠᠯ ᠠᠵᠤ ᠠᠬᠤᠶ ᠵᠢᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠪᠤᠯᠤᠨ᠎ᠠ ᠬᠡᠵᠥ ᠢᠯᠡᠳᠬᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠵᠠᠩ ᠱᠣᠤ ᠴᠦᠨ ᠵᠢᠴᠢ ᠬᠤᠯᠪᠣᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠠᠭᠤᠯᠵᠠᠯᠲᠠ᠎ᠳᠤ ᠣᠷᠣᠯᠴᠠᠪᠠ᠃
![]()