ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ ᠠᠮᠢ ᠠᠬᠤᠶ ᠵᠢᠨ ᠪᠦᠲᠦᠭᠡᠭᠳᠡᠭᠦᠨ᠎ᠤ ᠶᠡᠷᠦᠩᠬᠡᠶ ᠥᠷᠲᠡᠭ ᠵᠶ᠋ᠠᠨ ᠠᠩᠬ᠎ᠠ ᠤᠳᠠᠭ᠎ᠠ ᠨᠡᠶ᠋ᠢᠲᠡᠯᠡᠪᠡ ᠪᠦ᠋ ᠰᠢᠶᠤᠤ ᠯᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2020-09-28

     9 ᠰᠠᠷ᠎ᠠ ᠵᠢᠨ 25᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠦᠲᠦᠭᠡᠭᠳᠡᠭᠦᠨ᠎ᠤ ᠶᠡᠷᠦᠩᠬᠡᠶ ᠥᠷᠲᠡᠭ (GEP)᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠪᠡᠭᠡᠵᠢᠩ᠎ᠳᠤ ᠶᠠᠪᠤᠭᠳᠠᠪᠠ᠂ ᠡᠨᠡ ᠪᠣᠯ ᠥᠪᠥᠷ ᠮᠣᠩᠭᠤᠯ ᠠᠩᠬ᠎ᠠ ᠤᠳᠠᠭ᠎ᠠ ᠪᠥᠬᠦ ᠣᠷᠣᠨ᠎ᠤ ᠠᠮᠢ ᠠᠬᠤᠶ ᠵᠢᠨ ᠪᠦᠲᠦᠭᠡᠭᠳᠡᠭᠦᠨ᠎ᠤ ᠶᠡᠷᠦᠩᠬᠡᠶ ᠦᠷᠳᠡᠭ ᠵᠶ᠋ᠠᠨ ᠲᠤᠭ᠋ᠠᠴᠠᠭ᠎ᠠ ᠬᠢᠭᠰᠡᠨ ᠦᠷ᠎ᠡ ᠳ᠋ᠦᠩ ᠵᠶ᠋ᠠᠨ ᠭᠠᠳᠠᠬᠰᠢ ᠨᠡᠶ᠋ᠢᠲᠡᠯᠡᠵᠤ ᠪᠠᠶ᠋ᠢᠭ᠎ᠠ ᠪᠣᠯᠤᠨ᠎ᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠣᠤ ᠯᠢᠨ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠨᠠᠷᠢᠨ ᠪᠢᠴᠢᠭ᠎ᠤᠨ ᠳᠠᠷᠤᠭ᠎ᠠ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ ᠵᠧᠤ ᠴᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠵᠤ᠂ ᠥᠪᠥᠷ ᠮᠣᠩᠭᠤᠯ᠎ᠤᠨ ᠠᠮᠢ ᠠᠬᠤᠶ ᠵᠢᠨ ᠪᠦᠲᠦᠭᠡᠭᠳᠡᠭᠦᠨ᠎ᠤ ᠶᠡᠷᠦᠩᠬᠡᠶ ᠥᠷᠲᠡᠭ᠎ᠤᠨ ᠨᠡᠶ᠋ᠢᠳᠡᠯᠡᠯᠳᠡ ᠵᠢ ᠬᠠᠮᠲᠤ᠎ᠪᠠᠷ ᠡᠬᠢᠯᠡᠭᠦᠯᠪᠡ᠃ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠮᠢ ᠠᠬᠤᠶ ᠣᠷᠴᠢᠨ ᠲᠣᠭᠤᠷᠢᠨ᠎ᠤ ᠰᠤᠳᠤᠯᠭ᠋ᠠᠨ᠎ᠤ ᠲᠥᠪ᠎ᠤᠨ ᠡᠷᠬᠢᠯᠡᠭᠴᠢ ᠡᠸᠤ ᠶᠠᠩ ᡁᠢ ᠶᠦᠨ ᠥᠪᠥᠷ ᠮᠣᠩᠭᠤᠯ᠎ᠤᠨ ᠠᠮᠢ ᠠᠬᠤᠢ ᠵᠢᠨ ᠪᠦᠲᠦᠭᠡᠭᠳᠡᠭᠦᠨ᠎ᠤ ᠶᠡᠷᠦᠩᠬᠡᠶ ᠥᠷᠲᠡᠭ᠎ᠲᠤ ᠲᠣᠭ᠋ᠠᠴᠠᠭ᠎ᠠ ᠬᠢᠭᠰᠡᠨ ᠪᠠᠶ᠋ᠢᠳᠠᠯ᠎ᠢ ᠲᠠᠨᠢᠯᠴᠠᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠳᠤᠯᠬᠤ ᠲᠠᠰᠤᠭ᠎ᠤᠨ ᠡᠷᠬᠢᠯᠡᠭᠴᠢ ᠲᠢᠶᠠᠨ ᠳ᠋ᠧ ᡁᠢ ᠭᠤᠣᠯ ᠰᠡᠳᠦᠪᠳᠤ ᠨᠡᠶ᠋ᠢᠲᠡᠯᠡᠯ ᠬᠢᠪᠡ᠃ ᠳᠤᠰ ᠤᠳᠠᠭ᠎ᠠ ᠵᠢᠨ ᠥᠪᠥᠷ ᠮᠣᠩᠭᠤᠯ᠎ᠤᠨ ᠠᠮᠢ ᠠᠬᠤᠢ ᠵᠢᠨ ᠪᠦᠲᠦᠭᠡᠭᠳᠡᠭᠦᠨ᠎ᠤ ᠶᠡᠷᠦᠩᠬᠡᠶ ᠥᠷᠲᠡᠭ᠎ᠤᠨ ᠲᠣᠭ᠋ᠠᠴᠠᠭ᠎ᠠ ᠪᠤᠯ ᠲᠣᠭ᠋ᠠᠴᠠᠭ᠎ᠠ ᠬᠢᠬᠦ ᠣᠨᠣᠯ ᠲᠠᠰᠤᠷᠠᠯᠲᠠ ᠥᠬᠡᠶ ᠲᠡᠭᠦᠯᠳᠡᠷᠵᠢᠭᠰᠡᠨ ᠤᠷᠢᠲᠠᠯ ᠳᠣᠤᠷ᠎ᠠ᠂ ᠠᠮᠢ ᠠᠬᠤᠢ ᠵᠢᠨ ᠪᠦᠲᠦᠭᠡᠭᠳᠡᠭᠦᠨ᠎ᠤ ᠥᠷᠲᠡᠭ᠎ᠤᠨ ᠳᠤᠬᠠᠢ ᠬᠢᠭᠰᠡᠨ ᠨᠢᠭᠡ ᠤᠳᠠᠭ᠋ᠠᠨ᠎ᠤ ᠪᠥᠬᠦ ᠲᠠᠯ᠎ᠠ ᠵᠢᠨ ᠪᠦᠷᠢᠳᠬᠡᠯ ᠪᠣᠯᠤᠨ᠎ᠠ᠃ ᠲᠣᠭ᠋ᠠᠴᠠᠭ᠎ᠠ ᠬᠢᠭᠰᠡᠨ ᠦᠷ᠎ᠠ ᠳ᠋ᠦᠩ᠎ᠳᠤ ᠬᠠᠷᠠᠭᠤᠯᠤᠭᠰᠠᠨ ᠵᠶ᠋ᠠᠷ᠂ 2019 ᠣᠨ᠎ᠤ ᠥᠪᠥᠷ ᠮᠣᠩᠭᠤᠯ᠎ᠤᠨ ᠠᠮᠢ ᠠᠬᠤᠶ ᠵᠢᠨ ᠪᠦᠲᠦᠭᠡᠭᠳᠡᠭᠦᠨ᠎ᠤ ᠶᠡᠷᠦᠩᠬᠡᠶ ᠥᠷᠲᠡᠭ᠎ᠨᠢ 44760.75 ᠳ᠋ᠦᠩᠰᠢᠭᠤᠷ ᠲᠥᠭᠦᠷᠢᠭ᠎ᠲᠤ ᠬᠦᠷᠪᠡ᠃ ᠶᠡᠷᠦᠩᠬᠡᠢ ᠬᠡᠮᠵᠢᠶ᠎ᠡ᠎ᠠᠴᠠ ᠦᠵᠡᠪᠡᠯ᠂ 2019 ᠣᠨ᠎ᠤ ᠣᠷᠣᠨ ᠨᠤᠳᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ 2.6 ᠳᠠᠬᠢᠨ ᠪᠠᠶ᠋ᠢᠵᠤ᠂ ᠥᠪᠥᠷ ᠮᠣᠩᠭᠤᠯ᠎ᠤᠨ ᠠᠮᠢ ᠠᠬᠤᠶ ᠵᠢᠨ ᠴᠢᠳᠠᠮᠵᠢ᠎ᠨᠢ ᠦᠢ᠍ᠯᠡᠳᠪᠦᠷᠢᠯᠡᠯ᠎ᠤᠨ ᠴᠢᠳᠠᠮᠵᠢ᠎ᠠᠴᠠ ᠬᠤᠯᠠ ᠶᠡᠭᠡ ᠪᠠᠶ᠋ᠢᠬᠤ ᠵᠢ ᠭᠦᠢ᠍ᠴᠡᠳ ᠬᠠᠷᠠᠭᠤᠯᠪᠠ; ᠬᠤᠪᠢᠷᠠᠯᠲᠠ ᠵᠢᠨ ᠬᠠᠨᠳᠤᠰᠢ᠎ᠠᠴᠠ ᠦᠵᠡᠪᠡᠯ᠂ 2015 ᠣᠨ᠎ᠠᠴᠠ 2019 ᠣᠨ ᠪᠣᠯᠲᠠᠯ᠎ᠠ᠂ ᠪᠦᠬᠦ ᠣᠷᠣᠨ᠎ᠤ ᠠᠮᠢ ᠠᠬᠤᠢ ᠵᠢᠨ ᠪᠦᠲᠦᠭᠡᠭᠳᠡᠭᠦᠨ᠎ᠤ ᠶᠡᠷᠦᠩᠬᠡᠶ ᠥᠷᠲᠡᠭ 5410.1 ᠳ᠋ᠦᠩᠰᠢᠭᠤᠷ ᠲᠥᠭᠦᠷᠢᠭ ᠨᠡᠮᠡᠭᠳᠡᠵᠦ᠂ ᠬᠠᠷᠢᠴᠠᠭᠤᠯᠵᠤ ᠪᠣᠯᠬᠤ ᠦᠨ᠎ᠡ᠎ᠪᠠᠷ ᠪᠣᠳᠣᠪᠠᠯ᠂ ᠨᠡᠮᠡᠭᠳᠡᠯ᠎ᠤᠨ ᠬᠡᠮᠵᠢᠶ᠎ᠡ᠎ᠨᠢ 13.75%᠎ᠳᠤ ᠬᠦᠷᠴᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠪᠦᠲᠦᠭᠡᠨ ᠪᠠᠶ᠋ᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠠᠵᠤ ᠠᠬᠤᠶ ᠵᠢᠨ ᠬᠥᠭᠵᠢᠯᠲᠡ ᠬᠠᠷᠢᠯᠴᠠᠨ ᠵᠤᠬᠢᠴᠠᠯᠳᠤᠬᠤ ᠵᠢ ᠪᠡᠶᠡᠯᠡᠭᠦᠯᠵᠦ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ᠎ᠢ ᠡᠷᠢᠯᠬᠢᠯᠡᠨ ᠵᠠᠮᠨᠠᠬᠤ ᠲᠠᠯ᠎ᠠ᠎ᠪᠠᠷ ᠯᠠᠪᠳᠠᠭᠤᠨ ᠪᠠᠳᠤᠳᠠᠢ ᠠᠬᠢᠴᠠ᠎ᠲᠠᠢ ᠪᠤᠯᠤᠭᠰᠠᠨ᠎ᠢ ᠬᠠᠷᠠᠭᠤᠯᠵᠤ ᠪᠠᠶ᠋ᠢᠨ᠎ᠠ᠃ ᠵᠧᠤ ᠴᠢ ᠪᠠᠶᠠᠷ᠎ᠤᠨ ᠦᠬᠡ ᠬᠡᠯᠡᠬᠦ᠎ᠳᠡᠭᠡᠨ᠂ ᠥᠪᠥᠷ ᠮᠣᠩᠭᠤᠯ᠎ᠤᠨ ᠠᠮᠢ ᠠᠬᠤᠢ ᠵᠢᠨ ᠪᠦᠲᠦᠭᠡᠭᠳᠡᠭᠦᠨ᠎ᠤ ᠶᠡᠷᠦᠩᠬᠡᠶ ᠥᠷᠲᠡᠭ᠎ᠤᠨ ᠲᠣᠭ᠋ᠠᠴᠠᠭ᠎ᠠ ᠵᠢᠨ ᠦᠷ᠎ᠡ ᠳ᠋ᠦᠩ ᠪᠤᠯ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠪᠣᠯᠤᠨ ᠥᠪᠥᠷ ᠮᠣᠩᠭᠤᠯ᠎ᠤᠨ ᠬᠠᠮᠲᠤ ᠵᠢᠨ ᠴᠢᠷᠮᠠᠶ᠋ᠢᠯᠭ᠎ᠠ᠎ᠪᠠᠷ ᠣᠯᠤᠭᠰᠠᠨ ᠨᠢᠭᠡᠨ ᠴᠢᠬᠤᠯᠠ ᠦᠷ᠎ᠡ ᠪᠦᠲᠦᠭᠡᠯ ᠪᠣᠯᠤᠨ᠎ᠠ᠂ ᠦᠪᠦᠷ ᠮᠤᠩᠭᠤᠯ᠎ᠤᠨ ᠠᠮᠢ ᠠᠬᠤᠢ ᠵᠢᠨ ᠪᠤᠯᠪᠠᠰᠤᠨ᠎ᠤ ᠪᠠᠶ᠋ᠢᠭᠤᠯᠤᠯᠳᠠ ᠵᠢ ᠠᠬᠢᠭᠤᠯᠬᠤ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠵᠤ᠂ ᠬᠥᠬᠡᠮᠳᠦᠭ ᠨᠣᠭᠤᠭ᠋ᠠᠨ ᠠᠭᠤᠯᠠ ᠤᠰᠤ ᠵᠢ ᠠᠯᠲᠠ ᠮᠥᠩᠭᠦᠨ ᠠᠭᠤᠯᠠ ᠪᠣᠯᠭ᠋ᠠᠨ ᠬᠤᠪᠢᠷᠠᠭᠤᠯᠬᠤ ᠵᠢ ᠴᠢᠨᠠᠭᠰᠢᠳᠠ ᠠᠬᠢᠭᠤᠯᠬᠤ᠎ᠳᠤ ᠰᠢᠨᠵᠢᠯᠡᠬᠦ ᠤᠬᠠᠭ᠋ᠠᠨ᠎ᠤ ᠦᠨᠳᠦᠰᠦᠯᠡᠯ ᠬᠠᠩᠭ᠋ᠠᠬᠤ ᠪᠤᠯᠤᠨ᠎ᠠ᠃ ᠬᠤᠶᠠᠷ ᠲᠠᠯ᠎ᠠ᠎ᠪᠠᠷ ᠵᠶ᠋ᠠᠨ ᠦᠷ᠎ᠡ ᠪᠦᠲᠦᠭᠡᠯ ᠵᠶ᠋ᠠᠨ ᠳ᠋ᠦᠩᠨᠡᠬᠦ ᠪᠠ ᠣᠨᠳᠣᠣᠰᠢᠭᠤᠯᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠪᠠᠶ᠋ᠢᠭᠤᠯᠤᠯᠲᠠ ᠵᠢ ᠠᠬᠢᠭᠤᠯᠵᠤ᠂ ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠭ᠋ᠠᠨ ᠪᠦᠲᠦᠭᠡᠨ ᠪᠠᠶ᠋ᠢᠭᠤᠯᠬᠤ ᠵᠢ ᠬᠦᠰᠡᠵᠦ ᠪᠠᠶ᠋ᠢᠨ᠎ᠠ ᠭᠡᠪᠡ᠃ ᠡᠸᠤ ᠶᠠᠩ ᠰᠢᠶᠤᠤ ᠬᠤᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠠᠮᠢ ᠠᠬᠤᠶ ᠵᠢᠨ ᠬᠠᠮᠠᠭ᠋ᠠᠯᠠᠯᠲᠠ ᠪᠥᠲᠥᠭᠡᠨ ᠪᠠᠶ᠋ᠢᠭᠤᠯᠤᠯᠲᠠ ᠵᠢ ᠪᠥᠬᠦ ᠬᠦᠴᠦᠨ ᠵᠶ᠋ᠠᠷ ᠠᠬᠢᠭᠤᠯᠵᠤ ᠪᠠᠶ᠋ᠢᠭ᠎ᠠ ᠪᠠᠶ᠋ᠢᠳᠠᠯ ᠪᠣᠯᠤᠨ ᠣᠯᠤᠭᠰᠠᠨ ᠠᠮᠵᠢᠯᠳᠠ ᠪᠦᠲᠦᠮᠵᠢ ᠵᠢ ᠲᠠᠨᠢᠯᠴᠠᠭᠤᠯᠵᠤ᠂ ᠦᠪᠦᠷ ᠮᠤᠩᠭᠤᠯ ᠲᠥᠪ᠎ᠤᠨ ᠥᠪᠥᠷ ᠮᠣᠩᠭᠤᠯ᠎ᠤᠨ ᠲᠤᠬᠠᠢ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠶᠣᠰᠣᠭ᠋ᠠᠷ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠤᠯᠤᠨ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠵᠤ᠂ ᠠᠮᠢ ᠠᠬᠤᠢ ᠵᠢᠨ ᠥᠷᠲᠡᠭ᠎ᠢ ᠭᠦᠢ᠍ᠴᠡᠳ ᠠᠰᠢᠡᠡᠯᠠᠨ ᠦᠷ᠎ᠡ ᠪᠦᠲᠦᠭᠡᠯ ᠵᠶ᠋ᠠᠨ ᠦᠨᠡᠯᠡᠨ ᠵᠢᠱ᠌ᠢᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠳᠦᠷᠢᠮ ᠵᠶ᠋ᠠᠨ ᠤᠯᠠᠮ ᠴᠢᠨᠠᠭᠰᠢᠳᠠ ᠲᠡᠭᠦᠯᠳᠡᠷᠵᠢᠭᠦᠯᠤᠨ᠂ ᠡᠯ᠎ᠡ ᠲᠥᠷᠥᠯ᠎ᠤᠨ ᠠᠮᠢ ᠠᠬᠤᠶ ᠵᠢᠨ ᠰᠢᠰᠲ᠋ᠧᠮ᠎ᠤᠨ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠠᠮᠢ ᠠᠬᠤᠶ ᠵᠢᠨ ᠬᠥᠷᠥᠩᠭᠡ ᠵᠢ ᠲᠠᠰᠤᠷᠠᠯᠲᠠ ᠤᠢ᠍ᠭᠡᠢ ᠬᠤᠷᠠᠮᠳᠤᠭᠤᠯᠵᠤ᠂ ᠠᠮᠢ ᠠᠬᠤᠶ ᠵᠢᠨ ᠡᠳ᠋ ᠪᠠᠶᠠᠯᠢᠭ᠎ᠢ ᠲᠠᠰᠤᠷᠠᠯᠳᠠ ᠦᠭᠡᠢ ᠡᠭᠦᠳᠴᠤ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ᠎ᠢ ᠨᠡᠭᠡᠭᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠂ ᠪᠦᠬᠦ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ ᠭᠡᠵᠤ ᠢᠯᠡᠳᠭᠡᠪᠠ᠃ ᠣᠶ᠋ᠢᠯᠠᠭ᠋ᠠᠭᠰᠠᠨ ᠵᠶ᠋ᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 2018 ᠣᠨ᠎ᠳᠤ ᠪᠦᠬᠦ ᠣᠷᠣᠨ᠎ᠤ ᠠᠮᠢ ᠠᠬᠤᠶ ᠵᠢᠨ ᠪᠦᠲᠦᠭᠡᠭᠳᠡᠭᠦᠨ᠎ᠤ ᠶᠡᠷᠦᠩᠬᠡᠶ ᠥᠷᠲᠡᠭ᠎ᠢ ᠲᠤᠭ᠋ᠠᠴᠠᠨ ᠪᠤᠳᠤᠬᠤ ᠠᠵᠢᠯ᠎ᠢ ᠪᠦᠬᠦ ᠲᠠᠯ᠎ᠠ᠎ᠪᠠᠷ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠤᠳᠤᠯᠬᠤ ᠲᠠᠰᠤᠭ ᠲᠤᠯᠤᠭ᠋ᠠᠢ᠍ᠢ᠍ᠯᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠵᠤ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠮᠢ ᠠᠬᠤᠶ ᠣᠷᠴᠢᠨ ᠲᠣᠭᠤᠷᠢᠨ᠎ᠤ ᠰᠤᠳᠤᠯᠭ᠋ᠠᠨ᠎ᠤ ᠲᠥᠪ᠂ ᠥᠪᠥᠷ ᠮᠣᠩᠭᠤᠯ᠎ᠤᠨ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠭᠠᠵᠠᠷ ᠵᠦᠶ ᠰᠤᠳᠤᠯᠬᠤ ᠭᠠᠵᠠᠷ ᠬᠠᠮᠳᠤᠷᠠᠨ ᠰᠤᠳᠤᠯᠭ᠋ᠠᠨ᠎ᠤ ᠪᠦᠯᠬᠦᠮ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠤ ᠲᠥᠷᠥᠯ ᠵᠦᠢ᠍ᠯ᠎ᠤᠨ ᠳᠡᠮᠵᠢᠯᠭᠡ ᠳᠣᠣᠷ᠎ᠠ᠂ ᠥᠪᠥᠷ ᠮᠣᠩᠭᠤᠯ᠎ᠤᠨ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠦᠨᠡᠯᠡᠨ ᠵᠢᠱ᠌ᠢᠬᠦ ᠰᠤᠳᠤᠯᠭ᠋ᠠᠨ ᠥᠷᠨᠢᠭᠦᠯᠵᠦ᠂ ᠬᠤᠶᠠᠷ ᠵᠢᠯ ᠭᠠᠷᠤᠢ ᠴᠠᠭ᠎ᠢ ᠬᠡᠷᠡᠭᠰᠡᠨ ᠦᠨᠡᠯᠡᠨ ᠵᠢᠱ᠌ᠢᠬᠦ ᠰᠤᠳᠤᠯᠭ᠋ᠠᠨ᠎ᠤ ᠦᠷ᠎ᠡ ᠪᠦᠲᠦᠭᠡᠯ ᠤᠯᠵᠠᠢ᠃ ᠲᠣᠰ ᠠᠵᠢᠯ᠎ᠢ ᠥᠷᠨᠢᠭᠦᠯᠦᠭᠰᠡᠨ ᠵᠢᠴᠢ ᠦᠷ᠎ᠡ ᠪᠦᠲᠦᠭᠡᠯ᠎ᠢ ᠨᠡᠶ᠋ᠢᠲᠡᠯᠡᠭᠰᠡᠨ᠎ᠨᠢ ᠥᠪᠥᠷ ᠮᠣᠩᠭᠤᠯ᠎ᠤᠨ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠬᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ᠎ᠢ ᠡᠷᠢᠯᠬᠢᠯᠡᠨ ᠵᠠᠮᠨᠠᠬᠤ᠎ᠳᠤ ᠴᠢᠬᠤᠯᠠ ᠦᠢ᠍ᠯᠡᠳᠦᠯ ᠦᠵᠡᠭᠦᠯᠬᠦ ᠪᠣᠯᠤᠨ᠎ᠠ᠃



   
   

ᠢᠷᠡᠯᠲᠡ᠄
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠠᠷᠪᠠᠨ ᠳᠥᠷᠪᠡᠳᠦᠭᠡᠷ ᠤᠳᠠᠭ᠋ᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠥᠭᠡᠷᠡᠴᠢᠯᠡᠯᠲᠡ᠎ᠳᠤ ᠲᠦᠰᠢᠭᠯᠡᠨ ᠬᠤᠪᠢᠷᠠᠯᠲᠠ ᠵᠢ ᠠᠷᠭ᠋ᠠᠴᠠᠭ᠋ᠠᠵᠥ ᠰᠢᠨ᠎ᠡ ᠠᠬᠤᠢ ᠵᠢ ᠨᠡᠭᠡᠭᠡᠵᠤ ᠵᠠᠩᠭᠢᠯᠠᠭ᠎ᠠ ᠵᠢ ᠴᠢᠩᠭ᠎ᠠ ᠠᠳᠬᠤᠨ ᠰᠦᠪᠡᠭᠴᠢᠯᠡᠯᠲᠡ ᠬᠢᠬᠦ ᠵᠢ ᠵᠤᠷᠢᠬ᠍ᠵᠢᠭᠤᠯᠵᠤ ᠪᠣᠳᠠᠲᠤ ᠦᠷ᠎ᠡ ᠪᠦᠲᠦᠮᠵᠢ ᠵᠢ ᠳᠣᠪᠤᠶ᠋ᠢᠯᠭ᠋ᠠᠬᠤ ᠬᠡᠷᠡᠭᠳᠡᠢ ᠭᠡᠵᠦ ᠴᠢᠬᠤᠯᠠᠴᠢᠯᠠᠪᠠ
ᠳᠤᠮᠳᠠᠳᠤ ᠤᠯᠤᠰ᠎ᠤᠨ ᠡᠯᠡᠰᠦ ᠵᠠᠰᠠᠬᠤ ᠨᠤᠮᠢᠨ ᠨᠤᠭᠤᠭ᠋ᠠᠨ 《ᠲᠦᠯᠬᠢᠬᠦᠷ》 ᠳᠡᠯᠡᠭᠡᠢ ᠵᠢᠨ ᠲᠠᠪᠴᠠᠩ᠎ᠳᠤ ᠭᠠᠷᠪᠠ
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠯᠢ ᠪᠢᠩ ᠷᠦᠩ ᠮᠤᠨᠢ ᠠᠭᠤᠯᠠ ᠵᠢᠨ ᠤᠯᠤᠰ᠎ᠤᠨ ᠴᠡᠴᠡᠷᠯᠢᠭ᠎ᠢ ᠡᠭᠦᠳᠦᠨ ᠪᠠᠶ᠋ᠢᠭᠤᠯᠬᠤ ᠠᠵᠢᠯ᠎ᠢ ᠪᠠᠶ᠋ᠢᠴᠠᠭ᠋ᠠᠨ ᠵᠢᠯᠣᠭᠣᠳᠪᠠ
ᠬᠦᠳᠡᠭᠡ ᠲᠤᠰᠬᠤᠨ᠎ᠤ ᠲᠠᠷᠢᠶᠠᠨ ᠭᠠᠵᠠᠷ᠎ᠢ ᠲᠤᠷ᠎ᠠ᠎ᠪᠠᠷ ᠵᠶ᠋ᠠᠨ ᠡᠵᠡᠯᠡᠵᠦ ᠭᠡᠷ ᠪᠠᠶ᠋ᠢᠰᠢᠩ ᠪᠠᠷᠢᠬᠤ ᠠᠰᠠᠭᠤᠳᠠᠯ᠎ᠢ ᠴᠡᠭᠴᠡᠯᠡᠨ ᠵᠠᠰᠠᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠪᠠ
ᠠᠷᠤ ᠬᠣᠷᠴᠢᠨ ᠬᠣᠰᠢᠭᠤ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠥᠪᠥᠷᠢ ᠱᠠᠩᠨᠠᠯ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠪᠠ
 
             蒙ICP备05000248号