ᠯᠢ ᠺᠧ ᠴᠢᠶᠠᠩ ᠸᠠᠩ ᠬᠤ᠌ ᠨᠢᠩ ᠬᠤᠷᠠᠯ᠎ᠳᠤ ᠣᠷᠣᠯᠴᠠᠪᠠ ᠰᠢᠨᠬᠤᠸᠠ ᠬᠤᠷᠢᠶᠠᠨ᠎ᠤ ᠪᠡᠭᠡᠵᠢᠩ᠎ᠤᠨ 6 ᠰᠠᠷ᠎ᠠ ᠵᠢᠨ 30᠎ᠤ ᠡᠳᠦᠷ᠎ᠤᠨ ᠴᠠᠬᠢᠯᠭ᠋ᠠᠨ ᠮᠡᠳᠡᠭᠡ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ᠂ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠡᠷᠬᠢᠯᠡᠭᠴᠢ ᠰᠢ ᠵᠢᠨ ᠫᠢᠩ 6 ᠰᠠᠷ᠎ᠠ ᠵᠢᠨ 30᠎ᠤ ᠡᠳᠦᠷ᠎ᠤᠨ ᠦᠳᠡ ᠵᠢᠨ ᠬᠤᠶ᠋ᠢᠨ᠎ᠠ᠂ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠠᠷᠪᠠᠨ ᠳᠥᠷᠪᠡᠳᠦᠭᠡᠷ ᠤᠳᠠᠭ᠋ᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠬᠤ ᠵᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠭᠤᠣᠯ ᠬᠠᠷᠠᠯᠲᠠ ᠡᠭᠦᠷᠭᠡ ᠵᠢ ᠠᠮᠵᠢᠯᠲᠠ᠎ᠲᠠᠢ ᠪᠡᠶᠡᠯᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢ᠍ᠳᠪᠦᠷᠢᠲᠦ ᠢᠯᠠᠯᠲᠠ ᠵᠢ ᠣᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠬᠦᠯᠵᠤ᠂ ᠢᠯᠠᠯᠲᠠ ᠵᠢᠨ ᠡᠷᠴᠢᠨ ᠳᠡᠭᠡᠷ᠎ᠡ ᠤᠷᠤᠬᠰᠢᠯᠠᠨ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ ᠵᠶ᠋ᠠᠨ ᠡᠬᠢᠯᠡᠭᠦᠯᠬᠦ᠎ᠳᠤ ᠡᠷᠬᠡᠪᠰᠢ ᠥᠭᠡᠷᠡᠴᠢᠯᠡᠯᠲᠡ ᠵᠢᠨ ᠰᠢᠪᠲᠤᠯᠤᠯᠲᠠ ᠪᠠ ᠵᠠᠮᠴᠢ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠥᠭᠡᠷᠡᠴᠢᠯᠡᠯᠲᠡ᠎ᠳᠤ ᠲᠦᠰᠢᠭᠯᠡᠨ ᠬᠤᠪᠢᠷᠠᠯᠲᠠ ᠵᠢ ᠠᠷᠭ᠋ᠠᠴᠠᠭ᠋ᠠᠵᠤ᠂ ᠰᠢᠨ᠎ᠡ ᠪᠠᠶ᠋ᠢᠳᠠᠯ᠎ᠢ ᠨᠡᠭᠡᠭᠡᠵᠦ᠂ ᠬᠠᠷᠠᠯᠲᠠ᠎ᠪᠠᠷ ᠬᠥᠲᠥᠯᠥᠨ ᠳᠠᠭ᠋ᠠᠭᠤᠯᠬᠤ ᠪᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠬᠦᠴᠦ ᠬᠤᠷᠠᠮᠳᠤᠭᠤᠯᠬᠤ ᠬᠦᠴᠦ ᠬᠠᠳᠠᠭ᠋ᠠᠯᠠᠬᠤ ᠬᠦᠴᠦ ᠲᠦᠯᠦᠪᠵᠢᠬᠦᠯᠬᠦ᠎ᠳᠡᠭᠡᠨ ᠴᠢᠳᠠᠮᠠᠭ᠋ᠠᠶ ᠪᠠᠶ᠋ᠢᠬᠤ᠎ᠪᠠᠷ ᠪᠠᠷᠠᠬᠤ ᠦᠬᠡᠢ ᠪᠠᠰᠠ ᠬᠤᠪᠢᠷᠠᠯᠲᠠ ᠵᠢ ᠲᠠᠨᠢᠵᠤ ᠬᠤᠪᠢᠷᠠᠯᠳᠠ ᠵᠢ ᠡᠷᠢᠯᠬᠢᠯᠡᠵᠤ ᠬᠤᠪᠢᠷᠠᠯᠳᠠ ᠵᠢ ᠠᠷᠭ᠋ᠠᠴᠠᠭ᠋ᠠᠬᠤ᠎ᠳᠠᠭᠠᠨ ᠴᠢᠳᠠᠮᠠᠭ᠋ᠠᠢ ᠪᠠᠶ᠋ᠢᠵᠥ᠂ ᠵᠠᠩᠭᠢᠯᠠᠭ᠎ᠠ ᠵᠢ ᠴᠢᠩᠭ᠎ᠠ ᠠᠳᠬᠤᠵᠤ᠂ ᠰᠦᠪᠡᠭᠴᠢᠯᠡᠯᠲᠡ ᠬᠢᠬᠦ ᠵᠢ ᠢᠳᠡᠪᠬᠢᠲᠡᠶ᠎ᠪᠠᠷ ᠵᠣᠷᠢᠭᠵᠢᠭᠤᠯᠤᠨ᠂ ᠥᠭᠡᠷᠡᠴᠢᠯᠡᠯᠲᠡ ᠵᠢᠨ ᠪᠣᠳᠠᠲᠤ ᠦᠷ᠎ᠡ ᠪᠦᠲᠦᠮᠵᠢ ᠵᠢ ᠳᠣᠪᠤᠶ᠋ᠢᠯᠭ᠋ᠠᠵᠤ᠂ ᠥᠭᠡᠷᠡᠴᠢᠯᠡᠯᠲᠡ ᠵᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠨᠠᠩ ᠰᠠᠶ᠋ᠢᠨ ᠦᠢ᠍ᠯᠡᠴᠢᠯᠡᠭᠦᠯᠬᠦ ᠬᠡᠷᠡᠭᠳᠡᠢ ᠬᠡᠵᠥ ᠴᠢᠬᠤᠯᠠᠴᠢᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠳᠡᠳ᠋ ᠡᠷᠬᠢᠯᠡᠭᠴᠢ ᠯᠢ ᠺᠧ ᠴᠢᠶᠠᠩ᠂ ᠸᠠᠩ ᠬᠤ᠌ ᠨᠢᠩ ᠬᠤᠷᠠᠯ᠎ᠳᠤ ᠣᠷᠣᠯᠴᠠᠪᠠ᠃ ᠬᠤᠷᠠᠯ᠎ᠠᠴᠠ 《ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢᠨ ᠲᠥᠰᠦᠯ (2020 — 2022 ᠣᠨ)》᠂ 《ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠬᠢᠭᠡᠳ ᠦᠢ᠍ᠯᠡᠳᠬᠦ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠭᠦᠨᠵᠡᠭᠡᠶ᠋ᠢᠷᠡᠭᠦᠯᠬᠦ ᠲᠤᠬᠠᠶ ᠵᠢᠯᠣᠭᠤᠳᠬᠤ ᠰᠠᠨᠠᠯ》᠂ 《ᠬᠥᠳᠡᠭᠡ ᠲᠣᠰᠬᠤᠨ᠎ᠤ ᠬᠡᠷ ᠪᠠᠶ᠋ᠢᠰᠢᠩ᠎ᠤᠨ ᠰᠠᠭᠤᠷᠢ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠷᠰᠢᠯᠲᠠ ᠵᠢᠨ ᠴᠡᠭ᠎ᠤᠨ ᠲᠥᠰᠦᠯ》᠂ 《ᠵᠠᠭᠤᠴᠢᠯᠠᠭᠤᠷ᠎ᠤᠨ ᠭᠦᠨᠵᠡᠭᠡᠶ ᠠᠭᠤᠰᠤᠯᠴᠠᠨ ᠬᠥᠭᠵᠢᠬᠦ ᠵᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ》᠂ 《ᠰᠢᠨ᠎ᠡ ᠴᠠᠭ ᠡᠷᠡᠨ᠎ᠤ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠶᠡᠷᠦᠩᠬᠡᠶ ᠲᠥᠰᠦᠯ》᠂ 《ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ》᠎ᠢ ᠬᠢᠨᠠᠨ ᠵᠥᠪᠯᠡᠵᠦ ᠪᠠᠲᠤᠯᠠᠪᠠ᠃ ᠬᠤᠷᠠᠯ᠎ᠠᠴᠠ ᠪᠠᠰᠠ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠠᠴᠠ ᠨᠠᠭ᠋ᠠᠰᠢᠬᠢ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠠᠬᠢᠴᠠ ᠵᠢᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠠᠢ᠃ ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠴᠢᠬᠤᠯᠠ ᠪᠣᠳᠠᠰ᠎ᠤᠨ ᠰᠠᠭᠤᠷᠢ ᠪᠠ ᠤᠯᠤᠰ ᠲᠦᠷᠦ ᠵᠢᠨ ᠰᠠᠭᠤᠷᠢ ᠮᠥᠨ᠂ ᠨᠠᠮ᠎ᠤᠨ ᠲᠦᠷᠦ ᠪᠠᠷᠢᠵᠤ ᠤᠯᠤᠰ ᠵᠶ᠋ᠠᠨ ᠮᠠᠨᠳᠤᠭᠤᠯᠬᠤ ᠵᠢᠨ ᠴᠢᠬᠤᠯᠠ ᠲᠤᠯᠭ᠋ᠠᠭᠤᠷᠢ ᠪᠠ ᠲᠦᠰᠢᠭᠯᠡᠬᠦ ᠬᠦᠴᠦᠨ ᠮᠥᠨ᠃ ᠡᠨᠡ ᠤᠳᠠᠭ᠋ᠠᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠠᠷᠭ᠋ᠠᠴᠠᠭ᠋ᠠᠬᠤ ᠶᠠᠪᠤᠴᠠ᠎ᠳᠤ᠂ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ ᠬᠦᠨᠳᠦ ᠡᠭᠦᠷᠭᠡ ᠵᠢ ᠵᠣᠷᠢᠭᠲᠠᠶ ᠡᠭᠦᠷᠭᠡᠯᠡᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠠᠩᠭ᠋ᠠᠯᠭ᠎ᠠ ᠵᠢ ᠪᠠᠲᠤᠯᠠᠬᠤ᠂ ᠡᠮ ᠡᠮᠨᠡᠯᠭᠡ ᠵᠢᠨ ᠲᠤᠰᠠᠯᠠᠮᠵᠢ ᠦᠵᠡᠭᠦᠯᠬᠦ᠂ ᠠᠵᠢᠯ ᠦᠢ᠍ᠯᠡᠳᠪᠦᠷᠢᠯᠡᠯ ᠵᠶ᠋ᠠᠨ ᠰᠡᠷᠭᠦᠭᠡᠬᠦ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠲᠣᠭᠲᠠᠪᠤᠷᠢᠵᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠦᠵᠡᠭᠦᠯᠪᠡ᠃ ᠬᠤᠶ᠋ᠢᠰᠢᠳᠠ ᠵᠢᠨ 3 ᠵᠢᠯ ᠪᠣᠯ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠵᠠᠩᠭᠢᠯᠠᠭ᠎ᠠ ᠵᠢᠨ ᠱᠠᠲᠤ ᠦᠶ᠎ᠡ ᠪᠣᠯᠤᠨ᠎ᠠ᠂ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠠᠵᠤ ᠠᠬᠤᠶ ᠵᠢᠨ ᠦᠨᠳᠦᠰᠦᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠥ᠂ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠥᠭᠡᠷᠡᠴᠢᠯᠡᠯᠲᠡ ᠵᠢᠨ ᠴᠢᠭᠯᠡᠯ᠎ᠢ ᠪᠠᠷᠢᠮᠲᠠᠯᠠᠵᠤ᠂ ᠭᠤᠤᠯᠳᠠᠯᠭ᠎ᠠ ᠵᠢ ᠠᠳᠬᠤᠨ᠂ ᠲᠤᠲᠠᠭᠳᠠᠯ᠎ᠢ ᠨᠥᠬᠦᠪᠥᠷᠢᠯᠡᠵᠦ᠂ ᠪᠠᠭᠤᠷᠠᠶ ᠲᠠᠯ᠎ᠠ ᠵᠢ ᠬᠦᠴᠦᠷᠬᠡᠭᠵᠢᠭᠦᠯᠵᠦ᠂ ᠤᠯᠤᠰ᠎ᠤᠨ ᠦᠮᠴᠢᠯᠡᠯᠲᠦ ᠠᠵᠤ ᠠᠬᠤᠶ ᠵᠢᠨ ᠪᠠᠶ᠋ᠢᠷᠢᠰᠢᠭᠤᠯᠤᠯ᠎ᠢ ᠰᠢᠯᠢᠳᠡᠭᠵᠢᠬᠦᠯᠬᠦ ᠪᠤᠯᠤᠨ ᠪᠦᠲᠦᠴᠡ ᠵᠢᠨ ᠲᠣᠬᠢᠷᠠᠭᠤᠯᠤᠯᠲᠠ ᠵᠢ ᠠᠬᠢᠭᠤᠯᠵᠤ᠂ ᠤᠯᠤᠰ᠎ᠤᠨ ᠦᠮᠴᠢᠯᠡᠯᠲᠦ ᠠᠵᠤ ᠠᠬᠤᠶ ᠵᠢᠨ ᠥᠷᠢᠰᠥᠯᠳᠦᠬᠦ ᠬᠦᠴᠦᠨ᠂ ᠰᠢᠨ᠎ᠡ ᠵᠢ ᠡᠭᠦᠳᠬᠦ ᠬᠦᠴᠦᠨ᠂ ᠡᠵᠡᠮᠳᠡᠬᠦ ᠬᠦᠴᠦᠨ᠂ ᠨᠥᠯᠥᠭᠡᠯᠡᠬᠦ ᠬᠦᠴᠦᠨ᠂ ᠠᠶᠤᠯ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ ᠵᠢ ᠴᠢᠩᠭ᠋ᠠᠷᠠᠭᠤᠯᠬᠤ ᠬᠡᠷᠡᠭᠳᠡᠢ ᠭᠡᠪᠡ᠃ ᠬᠤᠷᠠᠯ᠎ᠠᠴᠠ᠂ ᠰᠢᠨ᠎ᠡ ᠴᠠᠭ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠪᠠ ᠦᠢ᠍ᠯᠡᠳᠬᠦ ᠦᠢ᠍ᠯᠡᠰ᠎ᠤᠨ ᠠᠭᠤᠰᠤᠯᠴᠠᠨ ᠬᠦᠭᠵᠢᠬᠦ ᠵᠢ ᠲᠦᠷᠭᠡᠳᠭᠡᠨ ᠠᠬᠢᠭᠤᠯᠬᠤ᠎ᠳᠤ᠂ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠠ ᠠᠵᠤ ᠦᠢ᠍ᠯᠡᠰ᠎ᠤᠨ ᠬᠤᠪᠢᠰᠤᠯᠲᠠ ᠵᠢᠨ ᠬᠠᠨᠳᠤᠰᠢᠯᠤᠭᠠ ᠵᠤᠬᠢᠴᠠᠵᠤ᠂ ᠬᠠᠨᠭ᠌ᠭ᠋ᠠᠯᠭ᠎ᠠ ᠵᠢᠨ ᠲᠠᠯ᠎ᠡ ᠵᠢᠨ ᠪᠦᠳᠦᠴᠠ ᠵᠢᠨ ᠴᠢᠨᠠᠷᠳᠠᠢ ᠦᠭᠡᠷᠡᠴᠢᠯᠡᠯᠳᠠ᠎ᠪᠠᠷ ᠭᠤᠤᠯ ᠱᠤᠭᠤᠮ ᠪᠤᠯᠭ᠋ᠠᠵᠤ᠂ ᠤᠶᠤᠨᠳᠤ ᠦᠢ᠍ᠯᠡᠳᠬᠦ ᠦᠢ᠍ᠯᠡᠰ ᠵᠶ᠋ᠠᠷ ᠭᠤᠤᠯ ᠬᠦᠴᠤᠯᠠᠬᠦ ᠴᠢᠭᠯᠡᠯ ᠪᠤᠯᠭ᠋ᠠᠨ᠂ ᠠᠵᠤ ᠦᠢ᠍ᠯᠡᠳᠪᠤᠷᠢ ᠵᠢᠨ ᠢᠨᠲ᠋ᠧᠷ ᠰᠦᠯᠵᠢᠶ᠎ᠡ᠎ᠪᠠᠷ ᠰᠢᠨ᠎ᠡ ᠵᠢ ᠡᠬᠦᠳᠦᠨ ᠬᠦᠭᠵᠢᠬᠦ ᠵᠢ ᠲᠦᠷᠭᠡᠳᠭᠡᠵᠤ᠂ ᠦᠢ᠍ᠯᠡᠳᠬᠦ ᠦᠢ᠍ᠯᠡᠰ᠎ᠤᠨ ᠦᠢ᠍ᠯᠡᠳᠪᠤᠷᠢᠯᠡᠯ᠎ᠤᠨ ᠠᠷᠭ᠎ᠠ ᠬᠡᠯᠪᠡᠷᠢ ᠪᠠ ᠠᠵᠤ ᠠᠬᠤᠢ᠍ᠢ᠍ᠯᠠᠯ᠎ᠤᠨ ᠬᠡᠯᠪᠡᠷᠢ ᠪᠠᠶ᠋ᠢᠳᠠᠯ᠎ᠤᠨ ᠦᠨᠳᠤᠰᠤᠨ ᠴᠢᠨᠠᠷᠳᠠᠢ ᠬᠤᠪᠢᠰᠤᠯᠳᠠ ᠵᠢ ᠲᠦᠷᠭᠡᠳᠭᠡᠨ᠂ ᠠᠭᠤᠰᠤᠯᠴᠠᠨ ᠬᠦᠭᠵᠢᠬᠦ ᠰᠠᠭᠤᠷᠢ ᠲᠤᠯᠭ᠋ᠠᠭᠤᠷᠢᠯᠡᠯᠢ ᠪᠠᠬᠢᠵᠢᠬᠦᠯᠵᠤ᠂ ᠬᠠᠤᠯᠢ ᠴᠠᠭ᠋ᠠᠵᠠ ᠬᠠᠤᠯᠢ ᠲᠤᠬᠳᠠᠭ᠋ᠠᠯ᠎ᠢ ᠪᠦᠷᠢᠨᠰᠢᠬᠦᠯᠤᠨ᠂ ᠦᠢ᠍ᠯᠡᠳᠬᠦ ᠦᠢ᠍ᠯᠡᠰ᠎ᠤᠨ ᠲᠤᠭ᠋ᠠᠴᠢᠯᠠᠬᠰᠨᠨ᠂ ᠲᠤᠤᠷ ᠰᠦᠯᠵᠢᠶᠠᠵᠢᠭᠰᠡᠨ᠂ ᠤᠶᠤᠨᠴᠢᠯᠠᠬᠰᠡᠨ ᠬᠦᠭᠵᠢᠯᠳᠠ ᠵᠢᠨ ᠲᠦᠪᠰᠢᠨ᠎ᠢ ᠲᠡᠭᠡᠭᠰᠢᠯᠡᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃ ᠬᠤᠷᠠᠯ᠎ᠠᠴᠠ᠂ ᠬᠦᠳᠡᠭᠡ ᠲᠤᠰᠬᠤᠨ᠎ᠤ ᠭᠡᠷ ᠪᠠᠶ᠋ᠢᠰᠢᠩ᠎ᠤᠨ ᠰᠠᠭᠤᠷᠢ ᠭᠠᠵᠠᠷ᠎ᠤᠨ ᠲᠦᠷᠢᠮ᠎ᠤᠨ ᠦᠭᠡᠷᠡᠴᠢᠯᠡᠯᠳᠠ ᠵᠢ ᠬᠦᠨᠵᠡᠭᠡᠶ᠋ᠢᠷᠠᠬᠦᠯᠵᠤ᠂ ᠭᠡᠷ ᠪᠠᠶ᠋ᠢᠰᠢᠩ᠎ᠤᠨ ᠰᠠᠭᠤᠷᠢ ᠵᠢᠨ ᠬᠠᠮᠳᠤ ᠵᠢᠨ ᠦᠮᠴᠢᠯᠡᠯ᠎ᠤᠨ ᠡᠷᠭᠡ ᠵᠢ ᠨᠠᠶ᠋ᠢᠲᠠᠪᠤᠷᠢᠵᠢᠭᠤᠯᠬᠤ᠂ ᠭᠡᠷ ᠪᠠᠶ᠋ᠢᠰᠢᠩ᠎ᠤᠨ ᠰᠠᠭᠤᠷᠢ ᠵᠢᠨ ᠲᠡᠷᠢᠶᠠᠴᠢᠨ ᠡᠷᠦᠭᠡ ᠵᠢᠨ ᠬᠢᠷᠢ ᠬᠡᠮ᠎ᠤᠨ ᠡᠷᠭᠡ ᠪᠠ ᠲᠡᠷᠢᠶᠠᠴᠢᠨᠤ ᠭᠡᠷ ᠪᠠᠶ᠋ᠢᠰᠢᠩ ᠡᠳ᠋ ᠬᠦᠷᠤᠩᠭᠡ ᠵᠢᠨ ᠡᠷᠭᠡ ᠵᠢ ᠪᠠᠲᠤᠯᠠᠬᠤ᠂ ᠭᠡᠷ ᠪᠠᠶ᠋ᠢᠰᠢᠩ᠎ᠤᠨ ᠰᠠᠭᠤᠷᠢ ᠪᠠ ᠲᠡᠷᠢᠶᠠᠴᠢᠳ᠎ᠤᠨ ᠭᠡᠷ ᠪᠠᠶ᠋ᠢᠰᠢᠩ᠎ᠤᠨ ᠭᠡᠷᠡᠭᠯᠡᠬᠦ ᠡᠷᠭᠡ ᠵᠢ ᠵᠤᠬᠢᠰᠳᠠᠢ ᠴᠢᠯᠦᠭᠡᠳᠠᠢ ᠲᠠᠯᠪᠢᠬᠤ ᠪᠤᠳᠠᠳᠠᠢ ᠠᠷᠭ᠎ᠠ ᠵᠠᠮ ᠪᠠ ᠠᠷᠭ᠎ᠠ ᠬᠡᠮᠵᠢᠶ᠎ᠡ ᠵᠢ ᠢᠳᠡᠪᠬᠢᠳᠠᠢ ᠬᠠᠶ᠋ᠢᠨ ᠰᠦᠪᠡᠭᠴᠢᠯᠡᠵᠤ᠂ ᠭᠠᠵᠠᠷ ᠰᠢᠷᠤᠢ ᠵᠢᠨ ᠨᠡᠶ᠋ᠢᠳᠠ ᠵᠢᠨ ᠦᠮᠴᠢᠯᠡᠯ᠎ᠤᠨ ᠰᠢᠨᠵᠢ ᠴᠢᠨᠠᠷ᠎ᠢ ᠬᠤᠪᠢᠷᠠᠭᠤᠯᠬᠤ ᠦᠭᠡᠢ᠂ ᠲᠡᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠲᠠᠪᠠᠭ᠍ᠤ ᠦᠭᠡᠢ᠂ ᠲᠡᠷᠢᠶᠠᠴᠢᠳ᠎ᠤᠨ ᠠᠰᠢᠭ ᠲᠤᠰᠠ ᠵᠢ ᠬᠤᠬᠢᠷᠠᠭᠤᠯᠬᠤ ᠦᠭᠡᠢ ᠡᠨᠡ ᠬᠦ᠌ ᠭᠤᠷᠪᠡᠨ ᠵᠤᠷᠪᠤᠰ ᠬᠤᠷᠢᠭ᠎ᠠ ᠱᠤᠭᠤᠮ᠎ᠢ ᠡᠷᠡᠰ ᠰᠠᠬᠢᠵᠤ᠂ ᠲᠡᠷᠢᠶᠠᠴᠢᠳ᠎ᠤᠨ ᠡᠷᠭᠡ ᠠᠰᠢᠭ᠎ᠢ ᠰᠠᠶ᠋ᠢᠳᠤᠷ ᠪᠡᠶᠡᠯᠡᠬᠦᠯᠤᠨ᠂ ᠰᠠᠶ᠋ᠢᠳᠤᠷ ᠬᠠᠮᠠᠭ᠋ᠠᠯᠠᠵᠤ᠂ ᠰᠠᠶ᠋ᠢᠳᠤᠷ ᠬᠦᠭᠵᠢᠬᠦᠯᠬᠦ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃ ᠬᠤᠷᠠᠯ᠎ᠠᠴᠠ᠂ ᠵᠠᠭᠤᠴᠢᠯᠠᠭᠤᠷ᠎ᠤᠨ ᠠᠭᠤᠰᠤᠯᠴᠠᠯ ᠬᠦᠨᠵᠡᠭᠡᠶ᠋ᠢᠷᠠᠨ ᠬᠦᠭᠵᠢᠬᠦ ᠵᠢ ᠠᠬᠢᠭᠤᠯᠵᠤ᠂ ᠪᠠᠶ᠋ᠢᠭᠤᠯᠤᠮᠵᠢ ᠲᠤᠬᠳᠠᠴᠠ ᠵᠢᠨ ᠦᠭᠡᠷᠡᠴᠢᠯᠡᠯᠳᠠ ᠵᠢ ᠬᠦᠨᠵᠡᠭᠡᠶ᠋ᠢᠷᠠᠬᠦᠯᠤᠨ᠂ ᠪᠦᠷᠢᠨ ᠵᠠᠭᠤᠴᠢᠯᠠᠭᠤᠷ᠎ᠤᠨ ᠴᠢᠳᠠᠪᠤᠷᠢᠳᠠᠨ᠎ᠢ ᠬᠦᠮᠦᠵᠢᠬᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠨᠢᠭᠡ ᠪᠦᠯᠦᠭ ᠬᠦᠴᠦᠷᠭᠡᠭ ᠶᠡᠭᠡ ᠨᠦᠯᠤᠭᠡᠯᠡᠬᠦ ᠬᠦᠴᠤᠨ ᠪᠠ ᠦᠷᠢᠰᠦᠯᠳᠦᠬᠦ ᠬᠦᠴᠤᠨ᠎ᠲᠠᠢ ᠰᠢᠨ᠎ᠡ ᠮᠠᠶ᠋ᠢᠭ᠎ᠤᠨ ᠭᠤᠤᠯ ᠵᠠᠭᠤᠴᠢᠯᠠᠭᠤᠷ᠎ᠢ ᠴᠤᠬ᠍ᠴᠠᠯᠠᠨ᠂ ᠰᠦᠯᠵᠢᠶᠠᠨ ᠲᠡᠭᠡᠷᠡᠬᠢ ᠪᠠ ᠰᠦᠯᠵᠢᠶᠠᠨ ᠭᠠᠳᠠᠨᠠᠬᠢ ᠵᠢ ᠨᠢᠭᠡ ᠴᠤᠬ᠍ᠴᠠᠵᠢᠭᠤᠯᠬᠤ᠂ ᠲᠤᠳᠤᠭ᠋ᠠᠳᠤ ᠤᠬᠠᠭᠤᠯᠭ᠎ᠠ ᠭᠠᠳᠠᠭ᠋ᠠᠳᠤ ᠤᠬᠠᠭᠤᠯᠭ᠎ᠠ ᠬᠤᠯᠪᠤᠭ᠋ᠠᠯᠠᠨ ᠬᠦᠳᠡᠯᠦᠯᠴᠡᠬᠦ ᠭᠤᠤᠯ ᠤᠷᠤᠰᠬᠠᠯ ᠶᠠᠷᠢᠶ᠎ᠡ ᠬᠡᠯᠡᠯᠴᠡᠭᠡ ᠵᠢᠨ ᠪᠠᠶ᠋ᠢᠷᠢᠰᠢᠯ᠎ᠢ ᠲᠦᠷᠭᠡᠳᠭᠡᠨ ᠪᠠᠶ᠋ᠢᠭᠤᠯᠵᠤ᠂ ᠠᠭᠤᠯᠭ᠎ᠠ ᠵᠢᠨ ᠪᠠᠶ᠋ᠢᠭᠤᠯᠤᠯᠳᠠ᠎ᠪᠠᠷ ᠦᠨᠳᠤᠰᠤ ᠪᠤᠯᠭ᠋ᠠᠬᠰᠡᠨ᠂ ᠲᠡᠷᠢᠬᠦᠨ᠎ᠤ ᠮᠡᠷᠭᠡᠵᠢᠯ ᠵᠶ᠋ᠠᠷ ᠲᠤᠯᠭ᠋ᠠᠭᠤᠷᠢᠯᠠᠯ ᠪᠤᠯᠭ᠋ᠠᠬᠰᠡᠨ᠂ ᠰᠢᠨ᠎ᠡ ᠵᠢ ᠡᠬᠦᠳᠬᠦ ᠬᠠᠮᠢᠶᠡᠷᠤᠯᠳᠠ᠎ᠪᠠᠷ ᠪᠠᠳᠤᠯᠠᠭ᠎ᠠ ᠪᠤᠯᠭ᠋ᠠᠬᠰᠡᠨ ᠪᠦᠷᠢᠨ ᠵᠠᠭᠤᠴᠢᠯᠠᠭᠤᠷ᠎ᠤᠨ ᠲᠠᠮᠵᠢᠭᠤᠯᠭ᠎ᠠ ᠵᠢᠨ ᠰᠢᠰᠲ᠋ᠧᠮ᠎ᠢ ᠪᠠᠶ᠋ᠢᠭᠤᠯᠵᠤ᠂ ᠶᠠᠷᠢᠶ᠎ᠡ ᠬᠡᠯᠡᠯᠴᠡᠭᠡ ᠵᠢ ᠬᠦᠲᠦᠯᠦᠨ ᠲᠠᠭ᠋ᠠᠭᠤᠯᠬᠤ᠂ ᠦᠵᠡᠯ ᠰᠠᠨᠠᠭ᠎ᠠ ᠵᠢᠨ ᠵᠢᠯᠤᠭᠤᠳᠤᠯᠭ᠎ᠠ ᠬᠢᠬᠦ᠂ ᠰᠤᠶᠤᠯ᠎ᠤᠨ ᠤᠯᠠᠮᠵᠢᠯᠠᠯ᠂ ᠠᠷᠠᠳ ᠲᠦᠮᠡᠨ᠎ᠳᠤ ᠦᠢ᠍ᠯᠡᠴᠢᠯᠡᠬᠦ ᠲᠠᠮᠵᠢᠭᠤᠯᠭ᠎ᠠ ᠵᠢᠨ ᠦᠨᠳᠦᠷᠯᠢᠭ ᠭᠠᠵᠠᠷ᠎ᠢ ᠪᠠᠳᠤ ᠡᠵᠡᠯᠡᠬᠦ ᠭᠡᠷᠡᠭᠳᠠᠢ ᠭᠡᠵᠤ ᠴᠢᠬᠤᠯᠠᠴᠢᠯᠠᠪᠠ᠃ ᠬᠤᠷᠠᠯ᠎ᠠᠴᠠ᠂ ᠰᠤᠷᠭ᠋ᠠᠨ ᠬᠦᠮᠦᠵᠢᠯ᠎ᠤᠨ ᠦᠨᠡᠯᠡᠯᠳᠠ᠎ᠨᠢ ᠰᠤᠷᠭ᠋ᠠᠨ ᠬᠦᠮᠦᠵᠢᠯ᠎ᠤᠨ ᠬᠦᠭᠵᠢᠯᠳᠠ ᠵᠢᠨ ᠴᠢᠭᠯᠡᠯ᠎ᠲᠠᠢ ᠬᠤᠯᠪᠤᠬᠳᠠᠵᠤ ᠪᠠᠶ᠋ᠢᠳᠠᠭ᠂ ᠨᠠᠮ᠎ᠤᠨ ᠰᠤᠷᠭ᠋ᠠᠨ ᠬᠦᠮᠦᠵᠢᠯ᠎ᠤᠨ ᠲᠤᠬᠠᠢ ᠴᠢᠭᠯᠡᠯᠳᠠ ᠵᠢ ᠪᠦᠬᠦ ᠲᠠᠯ᠎ᠡ᠎ᠪᠠᠷ ᠲᠤᠤᠱᠯᠠᠭᠤᠯᠵᠤ᠂ ᠨᠡᠶ᠋ᠢᠭᠡᠮ ᠵᠢᠷᠤᠮ᠎ᠤᠨ ᠰᠤᠷᠭ᠋ᠠᠭᠤᠯᠢ ᠡᠷᠬᠢᠯᠡᠬᠦ ᠴᠢᠭᠯᠡᠯ᠎ᠢ ᠪᠠᠷᠢᠮᠳᠠᠯᠠᠨ᠂ ᠶᠤᠰᠤ ᠰᠤᠷᠳᠠᠬᠤᠨ ᠵᠶ᠋ᠠᠷ ᠬᠦᠮᠦᠨ ᠬᠦᠮᠦᠵᠢᠬᠦᠯᠬᠦ ᠦᠨᠳᠤᠰᠤᠨ ᠡᠬᠦᠷᠭᠡ ᠵᠢ ᠨᠠᠶ᠋ᠢᠳᠠᠪᠤᠷᠢᠵᠢᠭᠤᠯᠵᠤ᠂ ᠰᠤᠷᠭ᠋ᠠᠨ ᠬᠦᠮᠦᠵᠢᠯ᠎ᠤᠨ ᠵᠢᠮ᠎ᠡ ᠶᠤᠰᠤ ᠵᠢ ᠵᠢᠷᠤᠮᠯᠠᠨ᠂ ᠠᠳᠠᠯᠢ ᠪᠤᠰᠤ ᠭᠤᠤᠯ ᠴᠤᠬ᠍ᠴᠠ ᠪᠠ ᠠᠳᠠᠯᠢ ᠪᠤᠰᠤ ᠰᠤᠷᠤᠯᠭ᠎ᠠ ᠵᠢᠨ ᠬᠤᠭᠤᠴᠠᠭ᠎ᠠ᠂ ᠠᠳᠠᠯᠢ ᠪᠤᠰᠤ ᠲᠦᠷᠦᠯ᠎ᠤᠨ ᠰᠤᠷᠭ᠋ᠠᠨ ᠬᠦᠮᠦᠵᠢᠯ᠎ᠤᠨ ᠤᠨᠴᠠᠯᠢᠭᠲᠤ ᠴᠢᠭᠯᠡᠬᠦᠯᠵᠤ᠂ ᠦᠷ᠎ᠡ ᠳ᠋ᠦᠩ᠎ᠤᠨ ᠦᠨᠡᠯᠡᠯᠳᠠ ᠵᠢ ᠦᠭᠡᠷᠡᠴᠢᠯᠡᠨ ᠰᠠᠶ᠋ᠢᠵᠢᠷᠠᠭᠤᠯᠵᠤ᠂ ᠶᠠᠪᠤᠴᠠ ᠵᠢᠨ ᠦᠨᠡᠯᠡᠯᠳᠠ ᠵᠢ ᠴᠢᠩᠭ᠋ᠠᠳᠬᠠᠵᠤ᠂ ᠦᠷᠳᠡᠭ ᠨᠡᠮᠡᠭᠳᠡᠯ᠎ᠤᠨ ᠦᠨᠡᠯᠡᠯᠳᠠ ᠵᠢ ᠬᠠᠶ᠋ᠢᠨ ᠰᠦᠪᠡᠭᠴᠢᠯᠡᠨ᠂ ᠶᠡᠷᠤᠩᠭᠡᠶ᠋ᠢᠯᠡᠭᠰᠡᠨ ᠦᠨᠡᠯᠡᠯᠳᠠ ᠵᠢ ᠪᠦᠷᠢᠨᠰᠢᠬᠦᠯᠵᠤ᠂ ᠬᠤᠪᠢ ᠵᠢ ᠯᠡ ᠬᠦᠭᠡᠭᠡᠴᠡᠯᠳᠦᠬᠦ᠂ ᠰᠤᠷᠭ᠋ᠠᠭᠤᠯᠢ ᠲᠠᠪᠰᠢᠬᠦ᠎ᠪᠠᠷ ᠯᠡ ᠭᠤᠤᠯ ᠪᠤᠯᠭ᠋ᠠᠬᠤ᠂ ᠰᠤᠷᠤᠯᠭ᠎ᠠ ᠵᠢᠨ ᠦᠨᠡᠮᠯᠡᠯ᠎ᠢ ᠯᠡ ᠴᠢᠬᠤᠯᠠᠴᠢᠯᠠᠬᠤ᠂ ᠦᠬᠦᠯᠡᠯᠢ ᠯᠡ ᠴᠢᠬᠤᠯᠠᠴᠢᠯᠠᠬᠤ᠂ ᠵᠡᠷᠭᠡ ᠴᠤᠯᠠ ᠵᠢ ᠯᠡ ᠡᠷᠬᠢᠮᠯᠡᠬᠦ ᠠᠷᠬᠠᠭ ᠬᠡᠮ᠎ᠢ ᠬᠦᠴᠤᠯᠠᠨ ᠠᠷᠢᠯᠭ᠋ᠠᠵᠤ᠂ ᠰᠢᠨᠵᠢᠯᠡᠬᠦ ᠤᠬᠠᠭ᠋ᠠᠨᠴᠢ᠂ ᠴᠠᠭ ᠦᠶ᠎ᠡ ᠵᠢᠨ ᠱᠠᠭ᠋ᠠᠷᠳᠠᠯᠭ᠎ᠠ᠎ᠯᠤᠭ᠎ᠠ ᠵᠤᠬᠢᠴᠠᠬᠰᠡᠨ ᠰᠤᠷᠭ᠋ᠠᠨ ᠬᠦᠮᠦᠵᠢᠯ᠎ᠤᠨ ᠦᠨᠡᠯᠡᠯᠳᠠ ᠵᠢᠨ ᠲᠦᠷᠢᠮ ᠪᠠ ᠲᠤᠬᠳᠠᠴᠠ ᠵᠢ ᠪᠠᠶ᠋ᠢᠭᠤᠯᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃ ᠬᠤᠷᠠᠯ᠎ᠠᠴᠠ᠂ ᠤᠯᠤᠰ᠎ᠤᠨ ᠦᠮᠴᠢᠯᠡᠯ᠎ᠤᠨ ᠤᠳᠬ᠎ᠠ ᠤᠷᠠᠯᠢᠭ᠎ᠤᠨ ᠬᠦᠷᠢᠶᠠᠯᠠᠩ ᠪᠦᠯᠬᠦᠮ ᠪᠤᠯ ᠨᠡᠶ᠋ᠢᠭᠡᠮ ᠵᠢᠷᠤᠮ᠎ᠤᠨ ᠤᠳᠬ᠎ᠠ ᠤᠷᠠᠯᠢᠭ᠎ᠢ ᠴᠡᠴᠡᠭᠯᠡᠬᠦᠯᠤᠨ ᠬᠦᠭᠵᠢᠬᠦᠯᠬᠦ ᠲᠤᠯᠭ᠋ᠠᠭᠤᠷᠢ ᠬᠦᠴᠤᠨ ᠪᠤᠯᠤᠨ᠎ᠡ᠂ ᠨᠡᠶ᠋ᠢᠭᠡᠮ ᠵᠢᠷᠤᠮ᠎ᠤᠨ ᠭᠤᠤᠯᠯᠠᠭᠴᠢ ᠦᠷᠳᠡᠭ᠎ᠤᠨ ᠦᠵᠡᠯᠳᠠ᠎ᠪᠠᠷ ᠬᠦᠳᠤᠯᠤᠨ ᠲᠠᠭ᠋ᠠᠭᠤᠯᠵᠤ᠂ ᠲᠤᠭ᠎ᠢ ᠮᠠᠨᠳᠤᠭᠤᠯᠬᠤ᠂ ᠠᠷᠠᠳ᠎ᠤᠨ ᠰᠡᠳᠬᠢᠯ᠎ᠢ ᠨᠢᠬᠳᠠᠷᠠᠭᠤᠯᠬᠤ᠂ ᠰᠢᠨ᠎ᠡ ᠬᠦᠮᠦᠨ᠎ᠢ ᠬᠦᠮᠦᠵᠢᠬᠦᠯᠬᠦ᠂ ᠰᠤᠶᠤᠯ᠎ᠢ ᠬᠦᠭᠵᠢᠨ ᠴᠡᠴᠡᠭᠯᠡᠬᠦᠯᠬᠦ᠂ ᠲᠦᠷᠢ ᠲᠦᠷᠬᠦ ᠵᠢ ᠢᠯᠡᠷᠡᠬᠦᠯᠬᠦ ᠲᠡᠤᠭᠡᠳᠤ ᠡᠬᠦᠷᠭᠡ ᠵᠢᠨ ᠲᠤᠭᠤᠷᠢᠨ᠎ᠳᠤ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠲᠤᠪᠤᠶ᠋ᠢᠯᠭ᠋ᠠᠵᠤ᠂ ᠲᠦᠷᠤᠯ ᠬᠤᠪᠢᠶᠠᠨ ᠵᠢᠯᠤᠭᠤᠳᠬᠤ ᠵᠢ ᠪᠠᠷᠢᠮᠳᠠᠯᠠᠨ᠂ ᠲᠤᠬᠯᠠᠯᠳᠠ᠎ᠪᠠᠷ ᠭᠤᠤᠯ ᠭᠤᠬ᠍ᠴᠤᠭ᠎ᠠ ᠪᠤᠯᠭ᠋ᠠᠵᠤ᠂ ᠤᠯᠤᠰ᠎ᠤᠨ ᠦᠮᠴᠢᠯᠡᠯ᠎ᠤᠨ ᠤᠳᠬ᠎ᠠ ᠤᠷᠠᠯᠢᠭ᠎ᠤᠨ ᠬᠦᠷᠢᠶᠠᠯᠠᠩ ᠪᠦᠯᠬᠦᠮ᠎ᠤᠨ ᠠᠮᠢᠵᠢᠷᠠᠯ᠎ᠤᠨ ᠬᠦᠴᠤᠨ᠎ᠢ ᠭᠦᠭᠵᠢᠬᠡᠨ᠂ ᠦᠵᠡᠯ ᠰᠠᠨᠠᠭ᠎ᠠ ᠬᠦᠨᠵᠡᠭᠡᠢ᠂ ᠤᠷᠠᠯᠢᠭ ᠭᠤᠴᠤ᠂ ᠦᠢ᠍ᠯᠡᠳᠦᠴᠡ ᠨᠠᠷᠢᠯᠢᠭ ᠰᠠᠶ᠋ᠢᠨ ᠲᠠᠶ᠋ᠢᠰᠠᠨ᠎ᠤ ᠤᠷᠠᠯᠢᠭ᠎ᠤᠨ ᠰᠢᠯᠢᠳᠡᠭ ᠪᠦᠳᠦᠭᠡᠯ᠎ᠢ ᠵᠤᠬᠢᠶᠠᠨ ᠪᠦᠳᠦᠭᠡᠵᠤ᠂ ᠠᠷᠠᠳ ᠲᠦᠮᠨᠨ᠎ᠤ ᠰᠠᠶ᠋ᠢᠨ ᠰᠠᠶ᠋ᠢᠬᠠᠨ ᠠᠮᠢᠳᠤᠷᠠᠯ᠎ᠢ ᠬᠦᠰᠡᠨ ᠡᠷᠡᠮᠡᠯᠵᠡᠬᠦ ᠤᠶᠤᠨ ᠰᠠᠨᠠᠭ᠎ᠠ ᠰᠤᠶᠤᠯ᠎ᠤᠨ ᠭᠡᠷᠡᠭᠴᠡᠭᠡ ᠵᠢ ᠬᠠᠨᠭ᠌ᠭ᠋ᠠᠬᠤ ᠭᠡᠷᠡᠭᠳᠠᠢ ᠭᠡᠵᠤ ᠴᠢᠬᠤᠯᠠᠴᠢᠯᠠᠪᠠ᠃ ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ ᠨᠠᠭ᠋ᠠᠰᠢ᠂ ᠪᠢᠳᠡ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠯᠳᠠ ᠵᠢᠨ ᠰᠢᠰᠲ᠋ᠧᠮ᠎ᠤᠨ ᠪᠦᠬᠦᠯᠢ ᠴᠤᠭᠴᠠ ᠵᠢᠨ ᠦᠢ᠍ᠯᠡᠳᠦᠯ ᠴᠢᠳᠠᠪᠬᠢ ᠵᠢ ᠬᠦᠴᠦᠯᠡᠨ ᠴᠢᠩᠭ᠋ᠠᠳᠬᠠᠵᠤ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ᠎ᠤᠨ ᠲᠤᠬᠢᠷᠠᠭᠤᠯᠤᠯᠳᠠ ᠵᠢ ᠰᠢᠯᠢᠳᠡᠭᠵᠢᠭᠦᠯᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠤ᠂ ᠳᠡᠯᠡᠬᠡᠢ ᠳᠡᠭᠡᠷᠡᠬᠢ ᠬᠠᠮᠤᠭ᠎ᠤᠨ ᠶᠡᠭᠡ ᠬᠡᠪᠴᠢᠶ᠎ᠠ ᠪᠦᠬᠦᠢ ᠦᠨᠳᠦᠰᠦᠨ ᠡᠮᠴᠢᠯᠡᠭᠡᠨ᠎ᠤ ᠪᠠᠳᠤᠯᠠᠭ᠎ᠠ ᠵᠢᠨ ᠲᠤᠤᠷ ᠪᠠᠶ᠋ᠢᠭᠤᠯᠬᠤ ᠵᠢ ᠠᠬᠢᠭᠤᠯᠵᠤ᠂ ᠡᠪᠡᠳᠴᠢᠳᠡᠨ᠎ᠤ ᠡᠪᠡᠳᠴᠢᠨ ᠦᠵᠡᠭᠦᠯᠬᠦ ᠳᠠᠷᠤᠭ᠋ᠠᠰᠤ ᠠᠯᠬᠤᠮ ᠠᠯᠬᠤᠮ ᠵᠶ᠋ᠠᠷ ᠬᠦᠩᠭᠡᠷᠡᠵᠤ᠂ ᠠᠷᠠᠳ ᠲᠦᠮᠡᠨ᠎ᠤ ᠡᠷᠡᠭᠦᠯ ᠮᠡᠨᠳᠦ ᠵᠢᠨ ᠪᠠᠶ᠋ᠢᠳᠠᠯ ᠪᠠ ᠦᠨᠳᠦᠰᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠦᠪ ᠭᠤᠤᠯᠴᠢ ᠴᠢᠨᠠᠷ ᠵᠠᠯᠭ᠋ᠠᠭ᠎ᠠ᠎ᠪᠠᠷ ᠰᠠᠶ᠋ᠢᠵᠢᠷᠠᠵᠠᠢ᠃ ᠡᠨᠡ ᠤᠳᠠᠭ᠎ᠠ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠠᠷᠭ᠋ᠠᠴᠠᠭ᠋ᠠᠬᠤ᠎ᠳᠤ ᠪᠢᠳᠡᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠰᠢᠰᠲ᠋ᠧᠮ ᠰᠢᠯᠭ᠋ᠠᠯᠳᠠ ᠵᠢ ᠳᠠᠭ᠋ᠠᠭ᠋ᠠᠵᠤ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠷᠢᠬᠯᠠᠯᠳᠠ ᠵᠢᠨ ᠳᠠᠶ᠋ᠢᠯᠠᠯᠳᠤᠭ᠋ᠠᠨ᠎ᠤ ᠢᠯᠠᠯᠳᠠ ᠵᠢ ᠤᠯᠬᠤ᠎ᠳᠤ ᠴᠢᠬᠤᠯᠠ ᠦᠢ᠍ᠯᠡᠳᠦᠯ ᠦᠵᠡᠭᠦᠯᠪᠡ᠃ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ᠎ᠤᠨ ᠡᠷᠡᠭᠦᠯ ᠮᠡᠨᠳᠦ ᠵᠢ ᠲᠡᠷᠢᠭᠦᠨ᠎ᠳᠤ ᠲᠠᠯᠪᠢᠬᠤ ᠵᠢ ᠪᠠᠷᠢᠮᠳᠠᠯᠠᠵᠤ᠂ ᠲᠤᠮᠤ ᠡᠷᠡᠭᠦᠯ ᠬᠠᠮᠠᠭ᠋ᠠᠯᠠᠯ ᠲᠤᠮᠤ ᠡᠷᠡᠭᠦᠯ ᠮᠡᠨᠳᠦ ᠵᠢᠨ ᠤᠢ᠍ᠢ᠍ᠯᠠᠭ᠋ᠠᠭᠳᠠᠬᠤᠨ᠎ᠢ ᠴᠢᠩᠭ᠋ᠠᠳᠬᠠᠵᠤ᠂ ᠰᠡᠷᠭᠡᠶ᠋ᠢᠯᠡᠬᠦ᠎ᠪᠠᠷ ᠭᠤᠤᠯ ᠪᠤᠯᠭ᠋ᠠᠬᠤ ᠵᠢ ᠨᠡᠩ ᠳᠤᠪᠤᠶ᠋ᠢᠮ᠎ᠠ ᠪᠠᠶ᠋ᠢᠷᠢᠨ᠎ᠳᠤ ᠲᠠᠯᠪᠢᠬᠤ ᠬᠡᠷᠡᠭᠳᠠᠢ᠃ ᠡᠯ᠎ᠠ ᠭᠠᠵᠠᠷ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠦᠭᠡᠷᠡᠴᠢᠯᠡᠯᠳᠡ ᠵᠢᠨ ᠪᠠᠶ᠋ᠢᠳᠠᠯ᠎ᠢ ᠡᠮᠬᠢᠯᠡᠵᠤ᠂ ᠰᠠᠶ᠋ᠢᠨ ᠲᠤᠷᠰᠢᠯᠭ᠎ᠠ ᠬᠢᠳᠡᠯ᠎ᠢ ᠳ᠋ᠦᠩᠨᠡᠵᠤ᠂ ᠳᠡᠰ ᠬᠤᠪᠢᠶᠠᠨ ᠤᠨᠤᠰᠢᠯᠠᠨ ᠡᠮᠨᠡᠬᠦ ᠳᠦᠷᠢᠮ᠎ᠢ ᠪᠦᠷᠢᠨᠰᠢᠭᠦᠯᠬᠦ᠂ ᠡᠮᠨᠡᠬᠦ ᠰᠡᠷᠭᠡᠶ᠋ᠢᠯᠡᠬᠦ ᠵᠢ ᠬᠠᠮᠵᠢᠯᠴᠠᠭᠤᠯᠬᠤ ᠲᠤᠭᠲᠠᠴᠠ ᠵᠢ ᠲᠡᠭᠦᠯᠳᠡᠷᠵᠢᠭᠦᠯᠬᠦ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠭᠡᠷᠡᠴᠢᠯᠡᠯᠳᠡ ᠵᠢ ᠭᠦᠨᠵᠡᠭᠡᠶ᠋ᠢᠷᠡᠭᠦᠯᠬᠦ᠂ ᠡᠮ ᠡᠮᠨᠡᠯᠭᠡ ᠵᠢᠨ ᠲᠠᠭ᠋ᠠᠳᠬᠠᠯ ᠪᠠᠳᠤᠯᠠᠭ᠎ᠠ ᠵᠢᠨ ᠮᠦᠡᠭᠭᠦ ᠵᠢ ᠭᠠᠷᠭ᠋ᠠᠨ ᠦᠭᠭᠦ ᠠᠷᠭ᠎ᠠ ᠬᠡᠯᠪᠡᠷᠢ ᠵᠢᠨ ᠦᠭᠡᠷᠡᠴᠢᠯᠡᠯᠳᠡ ᠵᠢ ᠭᠦᠨᠵᠡᠭᠡᠶ᠋ᠢᠷᠡᠭᠦᠯᠬᠦ᠂ ᠡᠮ ᠡᠮᠨᠡᠯᠭᠡ ᠵᠢᠨ ᠲᠠᠭ᠋ᠠᠳᠬᠠᠯ ᠪᠠᠳᠤᠯᠠᠭ᠎ᠠ ᠵᠢᠨ ᠰᠠᠭᠤᠷᠢ ᠮᠦᠩᠭᠦᠨ᠎ᠤ ᠬᠢᠨᠠᠯᠳᠠ ᠵᠢ ᠴᠢᠩᠭ᠋ᠠᠳᠬᠠᠬᠤ᠂ ᠦᠨᠳᠦᠰᠦᠨ ᠱᠠᠳᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠴᠢᠳᠠᠪᠤᠷᠢ ᠵᠢᠨ ᠪᠠᠶ᠋ᠢᠭᠤᠯᠤᠯᠳᠠ ᠵᠢ ᠴᠢᠩᠭ᠋ᠠᠳᠬᠠᠬᠤ᠂ ᠡᠮ᠎ᠤᠨ ᠵᠦᠢ᠍ᠯᠡᠰ᠎ᠤᠨ ᠬᠠᠩᠭ᠋ᠠᠯᠭ᠎ᠠ ᠪᠠᠳᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠬᠦ ᠵᠡᠷᠭᠡ ᠭᠤᠤᠯᠳᠠᠯᠭ᠎ᠠ᠎ᠲᠠᠢ ᠡᠭᠦᠷᠭᠡ ᠵᠢ ᠲᠦᠷᠭᠡᠨ ᠠᠬᠢᠭᠤᠯᠵᠤ᠂ ᠬᠤᠯᠪᠤᠭᠳᠠᠯ ᠪᠦᠬᠦᠢ ᠢᠵᠢ ᠲᠦᠬᠦᠷᠵᠢᠭᠦᠯᠬᠦ ᠲᠤᠯᠭ᠋ᠠᠭᠤᠷᠢᠯᠠᠬᠤ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠵᠤ᠂ ᠦᠭᠡᠷᠡᠴᠢᠯᠡᠯᠳᠡ ᠵᠢᠨ ᠬᠠᠮ ᠠᠷᠭ᠎ᠠ ᠬᠡᠮᠵᠢᠶ᠎ᠠ ᠵᠢ ᠰᠠᠶ᠋ᠢᠳᠤᠷ ᠬᠡᠷᠡᠭᠵᠢᠭᠦᠯᠬᠦ ᠬᠡᠷᠡᠭᠳᠠᠢ᠃ ᠰᠢᠨ᠎ᠠ ᠨᠢᠭᠡ ᠦᠶ᠎ᠠ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠤ ᠦᠵᠡᠭᠦᠯᠬᠦ ᠦᠢ᠍ᠯᠡᠳᠦᠯ᠎ᠢ ᠳᠡᠭᠡᠳᠤ ᠬᠡᠮᠵᠢᠶ᠎ᠠ᠎ᠪᠠᠷ ᠴᠢᠬᠤᠯᠠᠴᠢᠯᠠᠵᠤ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠠᠮᠢᠶᠠᠷᠤᠯᠳᠠ ᠪᠠ ᠦᠢ᠍ᠯᠡᠴᠢᠯᠡᠭᠡ ᠵᠢᠨ ᠵᠠᠭᠪᠤᠷ᠎ᠢ ᠳᠠᠬᠢᠨ ᠱᠤᠭᠤᠵᠤ᠂ ᠡᠬᠢ ᠪᠠᠶᠠᠯᠢᠭ᠎ᠤᠨ ᠲᠤᠬᠢᠷᠠᠭᠤᠯᠤᠯᠳᠠ ᠵᠢ ᠰᠢᠯᠢᠳᠡᠭᠵᠢᠭᠦᠯᠵᠤ᠂ ᠦᠢ᠍ᠯᠡᠴᠢᠯᠡᠭᠡ ᠵᠢᠨ ᠦᠷ᠎ᠠ ᠪᠦᠲᠦᠮᠵᠢ ᠵᠢ ᠳᠡᠭᠡᠭᠰᠢᠯᠡᠬᠦᠯᠬᠦ ᠬᠡᠷᠡᠭᠳᠠᠢ᠃ ᠤᠢ᠍ᠢ᠍ᠷ᠎ᠠ ᠵᠢᠨ ᠬᠤᠭᠤᠴᠠᠭ᠋ᠠᠨ᠎ᠳᠤ ᠵᠠᠷᠢᠮ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠳᠤᠮᠳᠠ ᠢᠯᠡᠷᠡᠭᠰᠡᠨ ᠳᠤᠪᠤᠶ᠋ᠢᠮ᠎ᠠ ᠠᠰᠠᠭᠤᠳᠠᠯ᠎ᠳᠤ ᠬᠠᠨᠳᠤᠭᠤᠯᠤᠨ ᠳᠠᠷᠤᠢ ᠲᠦᠷᠭᠡᠨ ᠪᠠᠶ᠋ᠢᠭᠤᠯᠤᠮᠵᠢ ᠲᠤᠭᠳᠠᠴᠠ ᠵᠢᠨ ᠲᠠᠯ᠎ᠠ᠎ᠪᠠᠷ ᠠᠷᠭ᠎ᠠ ᠪᠤᠳᠤᠯᠬᠢᠯᠠᠵᠤ᠂ ᠳᠤᠳᠠᠭᠳᠠᠯᠢ ᠨᠦᠬᠦᠪᠦᠷᠢᠯᠡᠵᠤ᠂ ᠬᠢᠵᠢᠭ᠎ᠤᠨ ᠪᠠᠶ᠋ᠢᠳᠠᠯ ᠳᠠᠬᠢᠨ ᠰᠡᠷᠭᠦᠬᠦ ᠵᠢ ᠡᠷᠡᠰ ᠬᠤᠷᠢᠬᠯᠠᠬᠤ ᠬᠡᠷᠡᠭᠳᠠᠢ ᠭᠡᠵᠤ ᠵᠢᠭ᠋ᠠᠵᠤ ᠭᠠᠷᠭ᠋ᠠᠵᠠᠢ᠃ ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ ᠨᠠᠭ᠋ᠠᠰᠢ ᠪᠠᠶ᠋ᠢᠷᠢᠯᠠᠭᠤᠯᠤᠭᠰᠠᠨ ᠦᠭᠡᠷᠡᠴᠢᠯᠡᠯᠳᠡ ᠵᠢᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠭᠤᠤᠯ ᠬᠠᠷᠠᠯᠳᠠ ᠡᠭᠦᠷᠭᠡ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶ᠋ᠢᠯᠠᠯᠳᠤᠭ᠋ᠠᠨ᠎ᠤ ᠰᠢᠢ᠍ᠳᠪᠦᠷᠢᠳᠤ ᠢᠯᠠᠯᠳᠠ ᠵᠢ ᠤᠯᠬᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠲᠠᠢ ᠤᠶᠠᠯᠳᠤᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠪᠤᠯᠤᠨ ᠠᠵᠤ ᠠᠬᠤᠢ ᠨᠡᠶ᠋ᠢᠭᠡᠮ᠎ᠤᠨ ᠬᠦᠭᠵᠢᠯᠳᠡ ᠵᠢᠨ ᠠᠵᠢᠯ᠎ᠢ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ ᠵᠢ ᠠᠪᠴᠠᠯᠳᠤᠭᠤᠯᠵᠤ᠂ ᠵᠠᠩᠭᠢᠯᠠᠭ᠎ᠠ ᠵᠢᠨ ᠴᠢᠨᠠᠷᠳᠠᠢ ᠦᠭᠡᠷᠡᠴᠢᠯᠡᠯᠳᠡ ᠵᠢ ᠬᠠᠨᠳᠤᠯᠭ᠋ᠠᠳᠤ ᠴᠢᠨᠠᠷᠳᠠᠢ᠎ᠪᠠᠷ ᠪᠠᠶ᠋ᠢᠷᠢᠯᠠᠭᠤᠯᠤᠨ ᠠᠬᠢᠭᠤᠯᠬᠤ ᠬᠡᠷᠡᠭᠳᠠᠢ᠃ 《ᠠᠷᠪᠠᠨ ᠳᠦᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠤ ᠦᠭᠡᠷᠡᠴᠢᠯᠡᠯᠳᠡ ᠵᠢᠨ ᠠᠵᠢᠯ᠎ᠢ ᠤᠷᠢᠳᠴᠢᠯᠡᠨ ᠲᠦᠯᠦᠪᠵᠢᠭᠦᠯᠵᠤ᠂ ᠳᠦᠷᠢᠮ ᠪᠠ ᠵᠠᠰᠠᠯᠳᠠ ᠵᠢᠨ ᠰᠢᠰᠲ᠋ᠧᠮ᠎ᠤᠨ ᠪᠠᠶ᠋ᠢᠭᠤᠯᠤᠯᠳᠠ ᠵᠢ ᠨᠡᠩ ᠴᠢᠬᠤᠯᠠᠴᠢᠯᠠᠵᠤ᠂ ᠭᠦᠨ ᠳᠠᠪᠬᠤᠷᠭ᠎ᠠ ᠵᠢᠨ ᠪᠠᠶ᠋ᠢᠭᠤᠯᠤᠮᠵᠢ ᠲᠤᠭᠳᠠᠴᠠ ᠵᠢᠨ ᠠᠰᠠᠭᠤᠳᠠᠯ᠎ᠢ ᠨᠡᠩ ᠤᠯᠠᠨ ᠰᠢᠢ᠍ᠳᠪᠦᠷᠢᠯᠡᠬᠦ ᠬᠡᠷᠡᠭᠳᠠᠢ᠃ ᠦᠭᠡᠷᠡᠴᠢᠯᠡᠯᠳᠡ ᠬᠢᠵᠤ ᠰᠢᠨ᠎ᠠ ᠵᠢ ᠡᠭᠦᠳᠬᠦ ᠵᠢᠨ ᠬᠠᠮᠤᠭ᠎ᠤᠨ ᠶᠡᠭᠡ ᠠᠮᠢᠵᠢᠷᠠᠯ᠎ᠤᠨ ᠬᠦᠴᠦᠨ᠎ᠢ ᠦᠨᠳᠦᠰᠦᠨ ᠱᠠᠳᠤ ᠪᠠ ᠤᠯᠠᠨ ᠲᠦᠮᠡᠨ᠎ᠤ ᠳᠤᠮᠳᠠ ᠪᠠᠶ᠋ᠢᠨ᠎ᠠ ᠰᠢᠨ᠎ᠡ ᠬᠡᠷᠡᠭ ᠪᠤᠳᠠᠰ ᠰᠢᠨ᠎ᠠ ᠠᠷᠭ᠎ᠠ ᠬᠢᠳᠡᠯ᠎ᠳᠤ ᠬᠠᠨᠲᠤᠬᠤ᠎ᠳᠠᠭᠠᠨ ᠵᠤᠷᠢᠭᠵᠢᠭᠤᠯᠬᠤ ᠪᠠ ᠬᠦᠲᠦᠯᠦᠨ ᠵᠢᠯᠤᠭᠤᠳᠬᠤ᠎ᠪᠠᠨ ᠴᠢᠩᠭ᠋ᠠᠳᠬᠠᠵᠤ᠂ ᠰᠢᠨ᠎ᠠ ᠬᠡᠷᠡᠭ ᠪᠤᠳᠠᠰ᠎ᠢ ᠡᠷᠡᠭᠦᠯ ᠵᠶ᠋ᠠᠷ ᠪᠤᠶ᠋ᠢᠵᠢᠭᠤᠯᠵᠤ᠂ ᠬᠦᠭᠵᠢᠯᠳᠡ ᠵᠢᠨ ᠰᠢᠨ᠎ᠠ ᠬᠦᠳᠡᠯᠭᠡᠬᠦ ᠡᠨᠧᠷᠭᠢ ᠵᠢ ᠲᠦᠷᠭᠡᠨ ᠪᠤᠵᠠᠭ᠋ᠠᠢ᠍ᠢ᠍ᠷᠠᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃ ᠲᠦᠪ᠎ᠤᠨ ᠦᠭᠡᠷᠡᠴᠢᠯᠡᠯᠳᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠦᠪᠯᠡᠯ᠎ᠤᠨ ᠭᠡᠰᠢᠬᠦᠳ ᠬᠤᠷᠠᠯ᠎ᠳᠤ ᠤᠷᠤᠯᠴᠠᠵᠤ᠂ ᠲᠦᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠨᠦᠬᠦᠳ ᠬᠤᠷᠠᠯ᠎ᠳᠤ ᠰᠤᠯᠠ ᠤᠷᠤᠯᠴᠠᠵᠠᠢ᠃ ᠢᠷᠡᠯᠲᠡ᠄ ᠳᠤᠮᠳᠠᠳᠤ ᠤᠯᠤᠰ᠎ᠤᠨ ᠠᠷᠠᠳ᠎ᠤᠨ ᠵᠠᠰᠠᠭ᠎ᠤᠨ ᠣᠷᠳᠣᠨ