ᠲᠦᠷᠦᠬᠦᠬᠡᠨ ᠤᠯᠤᠰ᠎ᠤᠨ ᠲᠡᠷᠢᠭᠦᠯᠡᠭᠴᠢ ᠰᠢ ᠵᠢᠨ ᠫᠢᠩ ᠸᠢᠳᠢᠣ᠋ ᠬᠡᠯᠪᠡᠷᠢ᠎ᠪᠠᠷ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠡᠶ᠋ᠢᠲᠡ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ᠎ᠤᠨ ᠤᠳᠤᠷᠢᠳᠬᠤ ᠬᠥᠮᠦᠰ᠎ᠤᠨ ᠲᠦᠷᠦᠭᠦᠴᠦᠳ᠎ᠤᠨ ᠬᠤᠷᠠᠯ᠎ᠳᠤ ᠣᠷᠣᠯᠴᠠᠭᠰᠠᠨ ᠪᠥᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠪᠠ᠃
ᠰᠢ ᠵᠢᠨ ᠫᠢᠩ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠵᠢᠨ ᠲᠥᠯᠥᠭᠡ᠂ ᠳᠤᠮᠳᠠᠳᠤ ᠤᠯᠤᠰ ᠶᠠᠭ ᠤᠯᠤᠰ᠎ᠤᠨ ᠴᠡᠴᠡᠷᠯᠢᠭ ᠵᠶ᠋ᠠᠷ ᠭᠤᠤᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠭᠤᠤᠯᠳᠠᠯᠭ᠋ᠠᠲᠤ ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲ᠋ᠧᠮ᠂ ᠤᠨᠴᠠᠯᠢᠭᠲᠤ ᠪᠠᠶ᠋ᠢᠭ᠋ᠠᠯᠢ ᠵᠢᠨ ᠦᠵᠡᠮᠵᠢ᠂ ᠪᠠᠶ᠋ᠢᠭ᠋ᠠᠯᠢ ᠵᠢᠨ ᠥᠪ ᠪᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠵᠶ᠋ᠠᠷ ᠪᠠᠶᠠᠯᠢᠭ ᠣᠷᠣᠨ ᠪᠦᠰᠡ ᠵᠢ ᠤᠯᠤᠰ᠎ᠤᠨ ᠴᠡᠴᠡᠷᠯᠢᠭ᠎ᠤᠨ ᠰᠢᠰᠲ᠋ᠧᠮ᠎ᠳᠤ ᠠᠯᠬᠤᠮ ᠠᠯᠬᠤᠮ ᠵᠶ᠋ᠠᠷ ᠣᠷᠣᠭᠤᠯᠵᠤ ᠪᠠᠶ᠋ᠢᠨ᠎ᠠ ᠭᠡᠵᠡᠢ᠃ ᠳᠤᠮᠳᠠᠳᠤ ᠤᠯᠤᠰ ᠭᠤᠷᠪᠠᠨ ᠮᠥᠷᠡᠨ᠎ᠤ ᠡᠬᠢ ᠵᠢᠨ ᠤᠯᠤᠰ᠎ᠤᠨ ᠴᠡᠴᠡᠷᠯᠢᠭ᠂ ᠲᠣᠮᠣ ᠮᠠᠯᠤᠷ ᠥᠲᠡᠭᠡ ᠤᠯᠤᠰ᠎ᠤᠨ ᠴᠡᠴᠡᠷᠯᠢᠭ᠂ ᠵᠡᠭᠦᠨ ᠬᠣᠶ᠋ᠢᠲᠤ ᠵᠢᠨ ᠪᠠᠷᠰ ᠤᠯᠤᠰ᠎ᠤᠨ ᠴᠡᠴᠡᠷᠯᠢᠭ᠂ ᠬᠠᠶ᠋ᠢᠨᠠᠨ᠎ᠤ ᠬᠠᠯᠠᠭᠤᠨ ᠪᠦᠰᠡᠨ᠎ᠤ ᠪᠣᠷᠣᠭ᠋ᠠᠨ᠎ᠲᠤ ᠣᠶ ᠵᠢᠨ ᠤᠯᠤᠰ᠎ᠤᠨ ᠴᠡᠴᠡᠷᠯᠢᠭ᠂ ᠡᠦ ᠢ ᠱᠠᠨ ᠠᠭᠤᠯᠠ ᠵᠢᠨ ᠤᠯᠤᠰ᠎ᠤᠨ ᠴᠡᠴᠡᠷᠯᠢᠭ ᠵᠡᠷᠭᠡ ᠠᠩᠬᠠᠨ᠎ᠤ ᠪᠦᠯᠦᠭ ᠤᠯᠤᠰ᠎ᠤᠨ ᠴᠡᠴᠡᠷᠯᠢᠭ᠎ᠢ ᠪᠠᠶ᠋ᠢᠭᠤᠯᠵᠤ᠂ ᠬᠠᠮᠠᠭ᠋ᠠᠯᠠᠯᠲᠠ ᠵᠢᠨ ᠲᠠᠯᠠᠪᠠᠶ᠎ᠨᠢ 23 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠲᠤ ᠬᠦᠷᠴᠦ᠂ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ 30 % ᠣᠷᠴᠢᠮ᠎ᠤᠨ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠲᠥᠷᠥᠯ ᠵᠦᠢ᠍ᠯ᠎ᠢ ᠬᠠᠮᠤᠷᠴᠠᠶ᠃ ᠡᠭᠦᠨ᠎ᠤ ᠬᠠᠮᠲᠤ᠂ ᠲᠤᠬᠠᠶ ᠵᠢᠨ ᠭᠠᠵᠠᠷ᠎ᠲᠤᠨᠢ ᠬᠠᠮᠠᠭ᠋ᠠᠯᠠᠬᠤ ᠵᠢ ᠨᠢᠭᠡᠳᠦᠯᠲᠡᠶ ᠲᠥᠯᠥᠪᠯᠡᠬᠦ ᠪᠠ ᠤᠷᠤᠨ ᠨᠡᠭᠦᠯᠭᠡᠵᠦ ᠬᠠᠮᠠᠭ᠋ᠠᠯᠠᠬᠤ ᠵᠢ ᠤᠶᠠᠯᠳᠤᠭᠤᠯᠬᠤ ᠵᠠᠷᠴᠢᠮ ᠶᠣᠰᠣᠭ᠋ᠠᠷ᠂ ᠪᠡᠭᠡᠵᠢᠩ᠂ ᠭᠤᠸᠠᠩᠵᠧᠦ ᠵᠡᠷᠭᠡ ᠤᠯᠤᠰ᠎ᠤᠨ ᠤᠷᠭᠤᠮᠠᠯ᠎ᠤᠨ ᠬᠦᠷᠢᠶᠡᠯᠡᠩ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠡᠬᠢᠯᠡᠭᠦᠯᠪᠡ᠃