ᠣᠶ᠋ᠢᠷ᠎ᠠ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠤᠯᠤᠰ᠎ᠤᠨ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠰᠢᠨᠵᠢᠯᠡᠨ ᠰᠤᠳᠤᠯᠬᠤ 69 ᠥᠷᠲᠡᠭᠡ ᠪᠠᠶ᠋ᠢᠭᠤᠯᠬᠤ ᠵᠢ ᠵᠥᠪᠰᠢᠶᠡᠷᠡᠵᠦ᠂ ᠥᠪᠥᠷ ᠮᠣᠩᠭᠤᠯ᠎ᠤᠨ ᠮᠤᠨᠢ ᠠᠭᠤᠯᠠ ᠵᠢᠨ ᠠᠷᠤ ᠬᠤᠷᠮᠣᠶ ᠵᠢᠨ ᠨᠤᠲᠤᠭ ᠪᠡᠯᠴᠢᠭᠡᠷ᠎ᠤᠨ ᠠᠮᠢ ᠠᠬᠤᠶ ᠤᠰᠤᠨ ᠵᠦᠶ ᠵᠢᠨ ᠤᠯᠤᠰ᠎ᠤᠨ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠰᠢᠨᠵᠢᠯᠡᠨ ᠰᠤᠳᠤᠯᠬᠤ ᠥᠷᠲᠡᠭᠡ (ᠳᠣᠷᠣᠭᠰᠢ ᠮᠤᠨᠢ ᠠᠭᠤᠯᠠ ᠵᠢᠨ ᠠᠷᠤ ᠬᠤᠷᠮᠣᠶ ᠵᠢᠨ ᠤᠯᠤᠰ᠎ᠤᠨ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠰᠢᠨᠵᠢᠯᠡᠨ ᠰᠤᠳᠤᠯᠬᠤ ᠥᠷᠲᠡᠭᠡ ᠭᠡᠵᠦ ᠲᠣᠪᠴᠢᠯᠠᠨ᠎ᠠ) ᠰᠣᠩᠭᠤᠭᠳᠠᠵᠠᠢ᠃ ᠣᠲᠣ ᠪᠣᠯᠲᠠᠯ᠎ᠠ᠂ ᠮᠠᠨ᠎ᠤ ᠣᠷᠣᠨ ᠰᠢᠨᠵᠢᠯᠡᠨ ᠰᠤᠳᠤᠯᠬᠤ ᠥᠷᠲᠡᠭᠡ᠂ ᠠᠮᠢ ᠠᠬᠤᠶ ᠵᠢᠨ ᠰᠤᠳᠤᠯᠭ᠋ᠠᠨ᠎ᠤ ᠥᠷᠲᠡᠭᠡ᠂ ᠠᠮᠢ ᠠᠬᠤᠶ ᠵᠢᠨ ᠪᠠᠶ᠋ᠢᠷᠢ ᠲᠣᠭᠲᠠᠭ᠋ᠠᠬᠤ ᠥᠷᠲᠡᠭᠡ᠂ ᠲᠤᠷᠰᠢᠯᠲᠠ ᠵᠢᠨ ᠰᠤᠳᠤᠯᠭ᠋ᠠᠨ᠎ᠤ ᠥᠷᠲᠡᠭᠡ᠂ ᠶᠡᠷᠦᠩᠬᠡᠶ᠋ᠢᠯᠡᠭᠰᠡᠨ ᠲᠤᠷᠰᠢᠯᠲᠠ ᠵᠢᠨ ᠰᠠᠭᠤᠷᠢᠨ ᠭᠠᠵᠠᠷ᠂ ᠪᠠᠶ᠋ᠢᠷᠢ ᠲᠣᠭᠲᠠᠭ᠋ᠠᠬᠤ ᠰᠤᠳᠤᠯᠭ᠋ᠠᠨ᠎ᠤ ᠥᠷᠲᠡᠭᠡ (ᠳᠣᠷᠣᠭᠰᠢ ᠥᠷᠲᠡᠭᠡ ᠭᠡᠵᠦ ᠲᠣᠪᠴᠢᠯᠠᠨ᠎ᠠ) ᠵᠡᠷᠭᠡ ᠬᠡᠭᠡᠷ᠎ᠡ ᠵᠢᠨ ᠰᠢᠨᠵᠢᠯᠡᠯᠲᠡ᠂ ᠲᠤᠷᠰᠢᠯᠲᠠ ᠬᠢᠬᠦ᠂ ᠰᠤᠳᠤᠯᠭ᠋ᠠᠨ᠎ᠳᠤ ᠬᠡᠷᠡᠭᠯᠡᠬᠦ ᠥᠷᠲᠡᠭᠡ ᠵᠢ ᠪᠠᠶ᠋ᠢᠭᠤᠯᠵᠤ᠂ ᠡᠭᠦᠨ᠎ᠳᠤ᠂ ᠤᠯᠤᠰ᠎ᠤᠨ ᠲᠠᠰ᠎ᠤᠨ᠎ᠬᠢ 5᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ᠎ᠬᠢ 44 ᠪᠣᠶ᠃ ᠥᠪᠥᠷ ᠮᠣᠩᠭᠤᠯ᠎ᠤᠨ ᠮᠤᠨᠢ ᠠᠭᠤᠯᠠ ᠵᠢᠨ ᠠᠷᠤ ᠬᠤᠷᠮᠣᠶ ᠵᠢᠨ ᠨᠤᠲᠤᠭ ᠪᠡᠯᠴᠢᠭᠡᠷ ᠪᠣᠯ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠤ ᠪᠠᠶ᠋ᠢᠷᠢᠰᠢᠯ᠎ᠤᠨ 《ᠬᠤᠶᠠᠷ ᠬᠠᠯᠬᠠᠪᠴᠢ ᠭᠤᠷᠪᠠᠨ ᠪᠦᠰᠡ》 ᠵᠢᠨ ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ᠎ᠳᠤ ᠬᠠᠷᠢᠶᠠᠯᠠᠭᠳᠠᠵᠤ᠂ ᠠᠮᠢ ᠠᠬᠤᠶ ᠵᠢᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ᠎ᠪᠠᠷ ᠲᠦᠢ᠍ᠯ᠎ᠤᠨ ᠴᠢᠬᠤᠯᠠ ᠪᠣᠯᠬᠤ ᠰᠠᠯᠬᠢᠨ᠎ᠢ ᠬᠠᠯᠬᠠᠯᠠᠵᠤ ᠡᠯᠡᠰᠦ ᠵᠢ ᠲᠣᠭᠲᠠᠪᠤᠷᠢᠵᠢᠭᠤᠯᠬᠤ ᠪᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠴᠢᠳᠠᠮᠵᠢᠳᠤ ᠣᠷᠣᠨ ᠪᠣᠯᠬᠤ ᠪᠥᠭᠡᠳ 《ᠤᠯᠤᠰ᠎ᠤᠨ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠰᠢᠨᠵᠢᠯᠡᠨ ᠰᠤᠳᠤᠯᠬᠤ ᠥᠷᠲᠡᠭᠡ ᠵᠢᠨ ᠪᠥᠲᠥᠭᠡᠨ ᠪᠠᠶ᠋ᠢᠭᠤᠯᠵᠤ ᠬᠥᠭᠵᠢᠭᠦᠯᠬᠦ ᠲᠥᠰᠦᠯ》᠎ᠳᠠᠬᠢ ᠭᠤᠤᠯᠳᠠᠯᠭ᠎ᠠ᠎ᠲᠠᠢ ᠳᠡᠮᠵᠢᠬᠦ ᠪᠠᠶ᠋ᠢᠷᠢᠰᠢᠯ᠎ᠤᠨ ᠣᠷᠣᠨ ᠪᠣᠯᠤᠨ᠎ᠠ᠃
ᠮᠤᠨᠢ ᠠᠭᠤᠯᠠ ᠵᠢᠨ ᠠᠷᠤ ᠬᠤᠷᠮᠣᠶ ᠵᠢᠨ ᠤᠯᠤᠰ᠎ᠤᠨ ᠬᠡᠭᠡᠷ᠎ᠡ ᠵᠢᠨ ᠥᠷᠲᠡᠭᠡ᠎ᠳᠤ ᠤᠰᠤᠨ ᠵᠦᠶ᠂ ᠬᠥᠷᠥᠰᠥ ᠰᠢᠷᠣᠶ᠂ ᠴᠠᠭ ᠠᠭᠤᠷ᠂ ᠠᠮᠢ ᠠᠬᠤᠶ ᠵᠡᠷᠭᠡ ᠲᠠᠯ᠎ᠠ ᠵᠢᠨ ᠰᠢᠨᠵᠢᠯᠡᠨ ᠰᠤᠳᠤᠯᠬᠤ ᠠᠵᠢᠯ᠎ᠢ ᠥᠷᠨᠢᠭᠦᠯᠦᠨ᠎ᠡ᠃ ᠴᠦᠯ᠎ᠤᠨ ᠨᠤᠲᠤᠭ ᠪᠡᠯᠴᠢᠭᠡᠷ᠎ᠤᠨ ᠠᠮᠢ ᠠᠬᠤᠶ ᠵᠢᠨ ᠰᠢᠰᠲ᠋ᠧᠮ᠎ᠤᠨ ᠪᠦᠲᠦᠴᠡ ᠬᠢᠭᠡᠳ ᠴᠢᠳᠠᠮᠵᠢ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠬᠢᠭᠡᠳ ᠠᠮᠢ ᠠᠬᠤᠶ ᠵᠢᠨ ᠰᠢᠰᠲ᠋ᠧᠮ᠎ᠤᠨ ᠦᠢ᠍ᠯᠡᠴᠢᠯᠡᠭᠡ᠂ ᠠᠭᠤᠷ ᠠᠮᠢᠰᠬᠤᠯ᠎ᠤᠨ ᠬᠤᠪᠢᠷᠠᠯᠲᠠ ᠬᠢᠭᠡᠳ ᠠᠮᠢ ᠠᠬᠤᠶ ᠵᠢᠨ ᠰᠢᠰᠲ᠋ᠧᠮ᠎ᠤᠨ ᠬᠤᠪᠢᠰᠤᠯᠲᠠ᠂ ᠵᠢᠵᠢᠭ ᠰᠠᠪᠠ ᠭᠠᠵᠠᠷ᠎ᠤᠨ ᠤᠰᠤ ᠨᠡᠭᠦᠷᠡᠰᠦᠲᠥ᠋ᠷᠥᠭᠴᠢ ᠵᠢᠨ ᠣᠷᠴᠢᠯ ᠬᠢᠭᠡᠳ ᠤᠰᠤᠨ ᠵᠦᠶ ᠵᠢᠨ ᠶᠠᠪᠤᠴᠠ᠂ ᠠᠮᠢ ᠠᠬᠤᠶ ᠵᠢᠨ ᠰᠢᠰᠲ᠋ᠧᠮ᠎ᠤᠨ ᠳᠠᠭ᠋ᠠᠭ᠋ᠠᠴᠠ ᠬᠢᠭᠡᠳ ᠬᠥᠷᠥᠰᠥ ᠰᠢᠷᠣᠶ ᠵᠢᠨ ᠡᠬᠢ ᠪᠠᠶᠠᠯᠢᠭ᠎ᠤᠨ ᠲᠣᠬᠢᠷᠠᠭᠤᠯᠭ᠎ᠠ ᠡᠵᠡᠮᠳᠡᠯ᠂ ᠠᠮᠢ ᠠᠬᠤᠶ ᠵᠢᠨ ᠰᠢᠰᠲ᠋ᠧᠮ᠎ᠤᠨ ᠰᠡᠷᠭᠦᠭᠡᠯᠲᠡ ᠬᠢᠭᠡᠳ ᠴᠢᠳᠠᠮᠵᠢ ᠵᠢᠨ ᠳᠡᠭᠡᠭᠰᠢᠯᠡᠯᠲᠡ ᠵᠡᠷᠭᠡ᠎ᠳᠤ ᠣᠷᠣᠨ ᠪᠠᠶ᠋ᠢᠷᠢ ᠲᠣᠭᠲᠠᠭ᠋ᠠᠨ ᠰᠢᠨᠵᠢᠯᠡᠯᠲᠡ ᠪᠠ ᠰᠤᠳᠤᠯᠤᠯᠲᠠ ᠬᠢᠨ᠎ᠠ᠃ ᠣᠳᠣᠬᠠᠨ᠎ᠳᠤ ᠶᠡᠭᠡ ᠬᠡᠮᠵᠢᠶᠡᠨ᠎ᠤ ᠠᠩᠬᠠᠨ᠎ᠤ ᠰᠠᠭᠤᠷᠢ ᠠᠵᠢᠭᠯᠠᠯᠲᠠ ᠵᠢᠨ ᠲᠤᠭ᠎ᠠ ᠪᠠᠷᠢᠮᠲᠠ ᠵᠢ ᠬᠤᠷᠠᠮᠳᠤᠭᠤᠯᠵᠤ᠂ ᠰᠠᠭᠤᠷᠢ ᠨᠥᠬᠦᠴᠡᠯ᠎ᠤᠨ ᠳᠠᠪᠠᠭᠤᠯᠢᠭ᠎ᠨᠢ ᠢᠯᠡᠷᠬᠡᠶ ᠪᠥᠭᠡᠳ ᠨᠡᠯᠢᠶᠡᠳ ᠴᠢᠩᠭ᠎ᠠ ᠰᠢᠨᠵᠢᠯᠡᠭᠡᠨ ᠪᠠ ᠠᠵᠢᠯ ᠲᠥᠷᠥᠯ᠎ᠤᠨ ᠲᠥᠯᠥᠭᠡᠯᠡᠬᠦ ᠴᠢᠨᠠᠷᠲᠠᠶ ᠪᠠᠶ᠋ᠢᠵᠤ᠂ ᠮᠠᠨ᠎ᠤ ᠤᠯᠤᠰ᠎ᠤᠨ ᠤᠮᠠᠷᠠᠲᠤ ᠵᠢᠨ ᠴᠥᠯ᠎ᠤᠨ ᠨᠤᠲᠤᠭ ᠪᠡᠯᠴᠢᠭᠡᠷ᠎ᠤᠨ ᠴᠢᠬᠤᠯᠠ ᠠᠮᠢ ᠠᠬᠤᠶ ᠵᠢᠨ ᠴᠢᠳᠠᠮᠵᠢᠳᠤ ᠣᠷᠣᠨ᠎ᠤ ᠥᠷᠲᠡᠭᠡ ᠵᠢᠨ ᠪᠥᠲᠥᠭᠡᠨ ᠪᠠᠶ᠋ᠢᠭᠤᠯᠤᠯᠲᠠ ᠪᠠ ᠣᠷᠳᠣ ᠬᠤᠭᠤᠴᠠᠭ᠋ᠠᠨ᠎ᠤ ᠪᠠᠶ᠋ᠢᠷᠢ ᠲᠣᠭᠲᠠᠭ᠋ᠠᠨ ᠰᠢᠨᠵᠢᠯᠡᠨ ᠰᠤᠳᠤᠯᠬᠤ ᠵᠢᠨ ᠬᠤᠭᠤᠰᠣᠨ᠎ᠢ ᠨᠥᠬᠦᠪᠥᠷᠢᠯᠡᠭᠰᠡᠨ ᠪᠠᠶ᠋ᠢᠨ᠎ᠠ᠃
ᠤᠯᠤᠰ᠎ᠤᠨ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠰᠢᠨᠵᠢᠯᠡᠨ ᠰᠤᠳᠤᠯᠬᠤ ᠦᠷᠳᠡᠭᠡ ᠪᠣᠯ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠰᠠᠭᠤᠷᠢᠨ ᠭᠠᠵᠠᠷ᠎ᠤᠨ ᠨᠢᠭᠡ᠎ᠨᠢ ᠪᠣᠯᠣᠨ᠎ᠠ᠃ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠤᠨ ᠴᠢᠬᠤᠯᠠ ᠪᠦᠷᠢᠯᠳᠦᠬᠦᠨ ᠬᠡᠰᠡᠭ ᠮᠥᠨ᠃ ᠮᠠᠨ᠎ᠤ ᠣᠷᠣᠨ᠎ᠤ ᠬᠡᠭᠡᠷ᠎ᠡ ᠵᠢᠨ ᠰᠢᠨᠵᠢᠯᠡᠯᠲᠡ ᠵᠢᠨ ᠥᠷᠲᠡᠭᠡ᠎ᠨᠦᠭᠦᠳ ᠬᠡᠭᠡᠷ᠎ᠡ ᠭᠠᠳᠠᠨ᠎ᠠ ᠡᠯ᠎ᠡ ᠲᠥᠷᠥᠯ᠎ᠤᠨ ᠲᠤᠭ᠎ᠠ ᠪᠠᠷᠢᠮᠲᠠ ᠵᠢ ᠲᠠᠰᠤᠷᠠᠯᠲᠠ ᠥᠬᠡᠶ ᠴᠤᠭᠯᠠᠭᠤᠯᠬᠤ᠎ᠪᠠᠷ ᠳᠡᠮᠵᠢᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠵᠢᠨ ᠤᠷᠤᠭᠰᠢᠲᠠᠶ ᠶᠠᠪᠤᠭᠳᠠᠬᠤ᠎ᠳᠤ ᠪᠠᠲᠤ ᠪᠠᠬᠢ ᠰᠠᠭᠤᠷᠢ ᠵᠢ ᠲᠠᠯᠪᠢᠪᠠ᠃ ᠡᠭᠦᠨ᠎ᠠᠴᠠ ᠭᠠᠳᠠᠨ᠎ᠠ᠂ ᠮᠠᠰᠢ ᠣᠯᠠᠨ ᠬᠡᠭᠡᠷ᠎ᠡ ᠵᠢᠨ ᠥᠷᠲᠡᠭᠡ᠎ᠳᠤ ᠲᠥᠷᠥᠯ ᠵᠦᠢ᠍ᠯ᠎ᠤᠨ ᠵᠢᠱ᠌ᠢᠶ᠎ᠡ ᠦᠵᠡᠭᠦᠯᠬᠦ ᠣᠷᠣᠨ᠂ ᠵᠢᠱ᠌ᠢᠶ᠎ᠡ ᠦᠵᠡᠭᠦᠯᠬᠦ ᠣᠶ ᠪᠠᠶ᠋ᠢᠭᠤᠯᠵᠤ᠂ ᠠᠮᠢ ᠠᠬᠤᠶ ᠣᠷᠴᠢᠨ ᠲᠣᠭᠤᠷᠢᠨ᠎ᠢ ᠬᠠᠮᠠᠭ᠋ᠠᠯᠠᠬᠤ᠂ ᠦᠷ᠎ᠡ ᠪᠦᠲᠦᠭᠡᠯ᠎ᠤᠨ ᠭᠠᠷᠭ᠋ᠠᠯᠲᠠ ᠵᠢ ᠠᠬᠢᠭᠤᠯᠬᠤ᠂ ᠣᠷᠣᠨ ᠨᠤᠲᠤᠭ᠎ᠤᠨ ᠠᠵᠤ ᠠᠬᠤᠶ ᠵᠢᠨ ᠨᠡᠮᠡᠭᠳᠡᠯ᠎ᠢ ᠳᠠᠶ᠋ᠢᠴᠢᠯᠠᠬᠤ᠎ᠳᠤ ᠴᠢᠬᠤᠯᠠ ᠦᠢ᠍ᠯᠡᠳᠦᠯ ᠦᠵᠡᠭᠦᠯᠦᠭᠰᠡᠨ ᠪᠠᠶ᠋ᠢᠨ᠎ᠠ᠃