12 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ 0᠎ᠠᠴᠠ 24 ᠴᠠᠭ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠂ ᠰᠡᠵᠢᠭᠯᠡᠯᠲᠡᠢ ᠡᠪᠡᠳᠴᠢᠨ᠎ᠤ ᠵᠢᠱ᠌ᠢᠶ᠎ᠡ ᠪᠠ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ᠎ᠪᠠᠷ ᠨᠡᠮᠡᠭᠳᠡᠭᠰᠡᠨ ᠦᠭᠡᠢ᠃ ᠲᠤᠬᠠᠢ ᠵᠢᠨ ᠭᠠᠵᠠᠷ᠎ᠤᠨ ᠲᠣᠳᠣᠯᠠᠭᠰᠠᠨ 16 ᠡᠪᠡᠳᠴᠢᠨ᠎ᠤ ᠵᠢᠱ᠌ᠢᠶ᠎ᠡ (ᠴᠥᠮ ᠬᠥᠯᠥᠨ ᠪᠣᠶ᠋ᠢᠷ᠎ᠤᠨ ᠮᠠᠨᠵᠤᠤᠷ ᠬᠤᠲᠠ᠎ᠳᠤ ᠪᠤᠢ) ᠡᠷᠡᠭᠦᠯᠵᠢᠵᠦ ᠡᠮᠨᠡᠯᠭᠡ᠎ᠠᠴᠠ ᠭᠠᠷᠴᠠᠢ᠃ 12 ᠳ᠋ᠤᠭ᠋ᠠᠷ ᠰᠠᠷ᠎ᠠ ᠵᠢᠨ 22᠎ᠤᠨ ᠡᠳᠦᠷ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠬᠢᠯᠢ ᠵᠢᠨ ᠭᠠᠳᠠᠨ᠎ᠠ᠎ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ 7 ᠪᠠᠶ᠋ᠢᠵᠤ᠂ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ 327 (ᠬᠥᠯᠥᠨ ᠪᠣᠶ᠋ᠢᠷ᠎ᠤᠨ ᠮᠠᠨᠵᠤᠤᠷ ᠬᠤᠲᠠ᠎ᠳᠤ 319᠂ ᠰᠢᠨ᠎ᠡ ᠪᠠᠷᠭᠤ ᠪᠠᠷᠠᠭᠤᠨ ᠬᠤᠰᠢᠭᠤᠨ᠎ᠳᠤ 7; ᠮᠠᠨᠵᠤᠤᠷ ᠬᠤᠲᠠ᠎ᠳᠤ ᠬᠤᠯᠪᠣᠭᠳᠠᠭᠰᠠᠨ ᠲᠣᠳᠣᠯᠠᠭᠰᠠᠨ 1 ᠡᠪᠡᠳᠴᠢᠨ᠎ᠤ ᠵᠢᠱ᠌ᠢᠶ᠎ᠡ ᠨᠢ ᠲᠦᠩᠯᠢᠶᠣᠣ ᠬᠤᠲᠠ ᠵᠢᠨ ᠬᠤᠷᠴᠢᠨ ᠲᠣᠭᠤᠷᠢᠭ᠎ᠲᠤ ᠪᠤᠢ) ᠪᠠᠶ᠋ᠢᠨ᠎ᠠ᠃ ᠪᠦᠬᠦᠨ᠎ᠢ ᠲᠣᠭᠲᠠᠭᠰᠠᠨ ᠡᠮᠨᠡᠯᠭᠡ ᠵᠢᠨ ᠬᠤᠷᠢᠶᠠᠨ᠎ᠳᠤ ᠲᠤᠰᠠᠭ᠋ᠠᠷᠯᠠᠨ ᠡᠮᠴᠢᠯᠡᠵᠦ᠂ ᠨᠢᠭᠲᠠ ᠣᠶ᠋ᠢᠷᠠᠲᠤᠭᠰᠠᠳ᠎ᠢ᠎ᠨᠢ ᠪᠦᠬᠦᠨ᠎ᠢ ᠲᠣᠭᠲᠠᠭᠰᠠᠨ ᠭᠠᠵᠠᠷ᠎ᠲᠤ ᠲᠥᠪᠯᠡᠷᠡᠭᠦᠯᠦᠨ ᠲᠤᠰᠠᠭ᠋ᠠᠷᠯᠠᠵᠤ᠂ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ᠂ ᠬᠢᠵᠢᠭ ᠲᠠᠷᠬᠠᠬᠤ ᠵᠢ ᠴᠢᠩᠭ᠎ᠠ ᠰᠡᠷᠭᠡᠶ᠋ᠢᠯᠡᠵᠦ ᠪᠠᠶ᠋ᠢᠨ᠎ᠠ᠃