ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ᠎ᠤ ᠭᠤᠷᠪᠠᠳᠤᠭ᠋ᠠᠷ ᠤᠳᠠᠭ᠎ᠠ ᠵᠢᠨ ᠤᠯᠤᠰ᠎ᠤᠨ ᠨᠤᠲᠤᠭ ᠳᠡᠪᠢᠰᠬᠡᠷ᠎ᠤᠨ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2021-12-08

      ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠣᠶ᠋ᠢᠯᠠᠭ᠋ᠠᠭᠰᠠᠨ ᠵᠶ᠋ᠠᠷ᠂ ᠮᠠᠨ᠎ᠤ ᠣᠷᠣᠨ᠎ᠤ ᠤᠯᠤᠰ᠎ᠤᠨ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ ᠥᠷᠨᠢᠭᠦᠯᠦᠭᠰᠡᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠭᠤᠷᠢ ᠪᠠᠶ᠋ᠢᠴᠠᠭ᠋ᠠᠯᠲᠠ — ᠭᠤᠷᠪᠠᠳᠤᠭ᠋ᠠᠷ ᠤᠳᠠᠭ᠋ᠠᠨ᠎ᠤ ᠤᠯᠤᠰ᠎ᠤᠨ ᠨᠤᠲᠤᠭ ᠳᠡᠪᠢᠰᠬᠡᠷ᠎ᠤᠨ ᠪᠠᠶ᠋ᠢᠴᠠᠭ᠋ᠠᠯᠲᠠ (ᠳᠣᠷᠣᠭᠰᠢ 《ᠭᠤᠷᠪᠠᠳᠤᠭ᠋ᠠᠷ ᠤᠳᠠᠭ᠋ᠠᠨ᠎ᠤ ᠪᠠᠶ᠋ᠢᠴᠠᠭ᠋ᠠᠯᠲᠠ》 ᠭᠡᠵᠦ ᠲᠣᠪᠴᠢᠯᠠᠨ᠎ᠠ) ᠵᠢᠨ ᠭᠤᠤᠯ ᠪᠣᠯᠬᠤ ᠭᠠᠵᠠᠷ ᠣᠷᠣᠨ᠎ᠤ ᠲᠥᠷᠥᠯ᠎ᠤᠨ ᠲᠤᠭ᠎ᠠ ᠪᠠᠷᠢᠮᠲᠠ ᠵᠢ ᠲᠦᠷᠦᠭᠦᠬᠡᠨ ᠨᠡᠶ᠋ᠢᠲᠡᠯᠡᠪᠡ᠃

      ᠣᠶ᠋ᠢᠯᠠᠭ᠋ᠠᠭᠰᠠᠨ ᠵᠶ᠋ᠠᠷ᠂ ᠪᠥᠬᠦ ᠣᠷᠣᠨ᠎ᠤ 《ᠭᠤᠷᠪᠠᠳᠤᠭ᠋ᠠᠷ ᠤᠳᠠᠭ᠋ᠠᠨ᠎ᠤ ᠪᠠᠶ᠋ᠢᠴᠠᠭ᠋ᠠᠯᠲᠠ》 ᠵᠢᠨ ᠦᠷ᠎ᠡ ᠪᠦᠲᠦᠭᠡᠯ ᠪᠣᠯ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠪᠠ ᠴᠢᠬᠤᠯᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠬᠤ ᠵᠢᠨ ᠦᠨᠳᠦᠰᠦᠨ ᠦᠨᠳᠦᠰᠦᠯᠡᠯ ᠪᠣᠯᠤᠨ᠎ᠠ᠃ ᠲᠣᠰ ᠤᠳᠠᠭ᠋ᠠᠨ᠎ᠤ ᠪᠠᠶ᠋ᠢᠴᠠᠭ᠋ᠠᠯᠲᠠ᠎ᠳᠤ 1 ᠮᠧᠳ᠋ᠷ᠎ᠤᠨ ᠢᠯᠭ᠋ᠠᠮᠵᠢ᠎ᠠᠴᠠ ᠳᠠᠪᠠᠭᠤᠯᠢᠭ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠵᠢᠷᠤᠭ ᠳᠦᠷᠰᠦ᠎ᠪᠠᠷ ᠪᠠᠶ᠋ᠢᠴᠠᠭ᠋ᠠᠯᠲᠠ ᠵᠢᠨ ᠡᠬᠡ ᠵᠢᠷᠤᠭ᠎ᠢ ᠦᠢ᠍ᠯᠡᠳᠴᠦ᠂ 3 ᠵᠢᠯ᠎ᠤᠨ ᠴᠠᠭ ᠵᠠᠷᠤᠴᠠᠭᠤᠯᠵᠤ᠂ 1596 ᠲᠦᠮᠡᠨ ᠪᠠᠶ᠋ᠢᠴᠠᠭ᠋ᠠᠯᠲᠠ ᠵᠢᠨ ᠵᠢᠷᠤᠭ ᠲᠣᠯᠪᠤ ᠵᠢᠨ ᠲᠤᠭ᠎ᠠ ᠪᠠᠷᠢᠮᠲᠠ ᠵᠢ ᠴᠤᠭᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠠᠰᠢᠭᠯᠠᠯᠲᠠ ᠵᠢᠨ ᠪᠠᠶ᠋ᠢᠳᠠᠯ᠎ᠢ ᠪᠥᠬᠦ ᠲᠠᠯ᠎ᠠ᠎ᠪᠠᠷ ᠪᠤᠰᠤᠳᠴᠢ᠎ᠪᠠᠷ ᠲᠤᠰᠬᠠᠪᠠ᠃

      ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂ ᠪᠥᠬᠦ ᠣᠷᠣᠨ᠎ᠤ ᠲᠠᠷᠢᠶᠠᠨ ᠭᠠᠵᠠᠷ᠎ᠤᠨ ᠲᠠᠯᠠᠪᠠᠶ 17255.43 ᠲᠦᠮᠡᠨ ᠮᠥ᠍᠎ᠳᠤ ᠬᠦᠷᠴᠦ᠂ ᠡᠭᠦᠨ᠎ᠳᠤ ᠤᠰᠤᠨ ᠲᠠᠷᠢᠶ᠎ᠠ 237.93 ᠲᠦᠮᠡᠨ ᠮᠥ᠍᠎ᠳᠤ ᠬᠦᠷᠴᠦ᠂ 1.38% ᠵᠢ ᠡᠵᠡᠯᠡᠵᠦ ᠪᠤᠢ; ᠤᠰᠤᠯᠠᠯᠲᠠ ᠵᠢᠨ ᠲᠠᠷᠢᠶ᠎ᠠ 8274.28 ᠲᠦᠮᠡᠨ ᠮᠥ᠍ ᠪᠠᠶ᠋ᠢᠵᠤ᠂ 47.95% ᠵᠢ ᠡᠵᠡᠯᠡᠵᠦ ᠪᠤᠢ; ᠬᠠᠭᠤᠷᠠᠶ ᠲᠠᠷᠢᠶ᠎ᠠ 8743.22 ᠲᠦᠮᠡᠨ ᠮᠥ᠍ ᠪᠠᠶ᠋ᠢᠵᠤ᠂ 50.67% ᠵᠢ ᠡᠵᠡᠯᠡᠵᠦ ᠪᠤᠢ᠃ ᠲᠠᠷᠢᠶᠠᠨ ᠭᠠᠵᠠᠷ᠎ᠨᠢ ᠭᠤᠣᠯᠳᠠᠭᠤ ᠪᠠᠷᠠᠭᠤᠨ ᠯᠢᠶᠣᠤᠾᠧ ᠭᠤᠣᠯ᠎ᠤᠨ ᠲᠠᠯ᠎ᠠ ᠭᠠᠵᠠᠷ᠂ ᠰᠤᠩᠭ᠋ᠠᠷᠢ ᠮᠥᠷᠡᠨ ᠨᠤᠨ ᠮᠥᠷᠡᠨ᠎ᠤ ᠲᠠᠯ᠎ᠠ ᠭᠠᠵᠠᠷ ᠨᠤᠨ ᠮᠥᠷᠡᠨ᠎ᠤ ᠪᠠᠷᠠᠭᠤᠨ ᠡᠷᠭᠢ᠂ ᠪᠣᠷᠣᠲᠣᠬᠤᠶ ᠵᠢᠨ ᠲᠠᠯ᠎ᠠ ᠭᠠᠵᠠᠷ ᠪᠠ ᠲᠦᠮᠡᠳ᠎ᠤᠨ ᠲᠠᠯ᠎ᠠ ᠭᠠᠵᠠᠷ ᠵᠶ᠋ᠠᠷ ᠲᠠᠷᠬᠠᠵᠤ ᠪᠠᠶ᠋ᠢᠨ᠎ᠠ᠃ ᠲᠦᠩᠯᠢᠶᠣᠤ ᠬᠤᠲᠠ᠂ ᠬᠥᠯᠥᠨ ᠪᠤᠶ᠋ᠢᠷ ᠬᠤᠲᠠ᠂ ᠤᠯᠠᠭ᠋ᠠᠨᠬᠠᠳᠠ ᠬᠤᠲᠠ ᠪᠣᠯᠤᠨ ᠬᠢᠩᠭ᠋ᠠᠨ ᠠᠶ᠋ᠢᠮᠠᠭ ᠵᠡᠷᠭᠡ ᠵᠡᠭᠦᠨ 4 ᠠᠶ᠋ᠢᠮᠠᠭ ᠬᠤᠲᠠ ᠵᠢᠨ ᠲᠠᠷᠢᠶᠠᠨ ᠭᠠᠵᠠᠷ᠎ᠤᠨ ᠲᠠᠯᠠᠪᠠᠶ ᠨᠡᠯᠢᠶᠡᠳ ᠶᠡᠭᠡ ᠪᠠᠶ᠋ᠢᠵᠤ᠂ ᠪᠥᠬᠦ ᠣᠷᠣᠨ᠎ᠤ ᠲᠠᠷᠢᠶᠠᠨ ᠭᠠᠵᠠᠷ᠎ᠤᠨ 66% ᠵᠢ ᠡᠵᠡᠯᠡᠨ᠎ᠡ᠃ ᠬᠦᠷᠢᠶᠡᠯᠡᠩ ᠴᠡᠴᠡᠷᠯᠢᠭ 70.82 ᠲᠦᠮᠡᠨ ᠮᠥ᠍᠎ᠳᠤ ᠬᠦᠷᠴᠦ᠂ ᠡᠭᠦᠨ᠎ᠳᠤ ᠵᠢᠮᠢᠰ᠎ᠤᠨ ᠬᠦᠷᠢᠶᠡᠯᠡᠩ 64.89 ᠲᠦᠮᠡᠨ ᠮᠥ᠍ ᠪᠠᠶ᠋ᠢᠵᠤ᠂ 91.62%᠎ᠢ ᠡᠵᠡᠯᠡᠨ᠎ᠡ; ᠪᠤᠰᠤᠳ ᠴᠡᠴᠡᠷᠯᠢᠭ᠎ᠨᠢ 5.93 ᠲᠦᠮᠡᠨ ᠮᠥ᠍ ᠪᠠᠶ᠋ᠢᠵᠤ᠂ 8.38% ᠵᠢ ᠡᠵᠡᠯᠡᠨ᠎ᠡ᠃ ᠬᠦᠷᠢᠶᠡᠯᠡᠩ ᠴᠡᠴᠡᠷᠯᠢᠭ᠎ᠨᠢ ᠭᠤᠤᠯᠳᠠᠭᠤ ᠤᠯᠠᠭ᠋ᠠᠨᠬᠠᠳᠠ ᠬᠤᠲᠠ᠂ ᠬᠥᠬᠡᠬᠤᠲᠠ᠂ ᠲᠦᠩᠯᠢᠶᠣᠤ ᠬᠤᠲᠠ ᠪᠠ ᠬᠢᠩᠭ᠋ᠠᠨ ᠠᠶ᠋ᠢᠮᠠᠭ᠎ᠲᠤ ᠲᠠᠷᠬᠠᠵᠤ᠂ ᠪᠥᠬᠦ ᠣᠷᠣᠨ᠎ᠤ ᠬᠦᠷᠢᠶᠡᠯᠡᠩ ᠴᠡᠴᠡᠷᠯᠢᠭ᠎ᠤᠨ 64% ᠵᠢ ᠡᠵᠡᠯᠡᠨ᠎ᠡ᠃ ᠣᠶ᠋ᠢᠲᠤ ᠭᠠᠵᠠᠷ 36551.85 ᠲᠦᠮᠡᠨ ᠮᠥ᠍᠎ᠳᠤ ᠬᠦᠷᠴᠦ᠂ ᠡᠭᠦᠨ᠎ᠳᠤ ᠲᠤᠷᠤᠭ ᠮᠣᠳᠣᠨ᠎ᠤ ᠣᠶ᠋ᠢᠲᠤ ᠭᠠᠵᠠᠷ 22548.61 ᠲᠦᠮᠡᠨ ᠮᠥ᠍ ᠬᠦᠷᠴᠦ᠂ 61.69% ᠵᠢ ᠡᠵᠡᠯᠡᠨ᠎ᠡ; ᠪᠤᠳᠠ ᠮᠣᠳᠣᠨ᠎ᠤ ᠣᠶ᠋ᠢᠲᠤ ᠭᠠᠵᠠᠷ 11484.64 ᠲᠦᠮᠡᠨ ᠮᠦ᠍ ᠪᠠᠶ᠋ᠢᠵᠤ᠂ 31.42%᠎ᠢ ᠡᠵᠡᠯᠡᠨ᠎ᠡ; ᠪᠤᠰᠤᠳ ᠣᠶ᠋ᠢᠲᠤ ᠭᠠᠵᠠᠷ 2518.60 ᠲᠦᠮᠡᠨ ᠮᠥ᠍ ᠪᠠᠶ᠋ᠢᠵᠤ᠂ 6.89% ᠵᠢ ᠡᠵᠡᠯᠡᠨ᠎ᠡ᠃ ᠣᠶ᠋ᠢᠲᠤ ᠭᠠᠵᠠᠷ᠎ᠨᠢ ᠭᠤᠤᠯᠳᠠᠭᠤ ᠵᠢᠯ᠎ᠤᠨ ᠲᠤᠨᠳᠠᠰᠤᠨ᠎ᠤ ᠬᠡᠮᠵᠢᠶ᠎ᠡ᠎ᠨᠢ 300mm᠎ᠠᠴᠠ ᠳᠡᠭᠡᠭᠰᠢᠬᠢ ᠬᠥᠯᠥᠨ ᠪᠤᠶ᠋ᠢᠷ ᠬᠤᠲᠠ᠂ ᠬᠢᠩᠭ᠋ᠠᠨ ᠠᠶ᠋ᠢᠮᠠᠭ᠂ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ ᠵᠡᠷᠭᠡ ᠵᠡᠭᠦᠨ 4 ᠠᠶ᠋ᠢᠮᠠᠭ ᠬᠤᠲᠠ᠎ᠳᠤ ᠲᠠᠷᠬᠠᠵᠤ᠂ ᠪᠥᠬᠦ ᠣᠷᠣᠨ᠎ᠤ ᠣᠶ᠋ᠢᠲᠤ ᠭᠠᠵᠠᠷ᠎ᠤᠨ 73% ᠵᠢ ᠡᠵᠡᠯᠡᠨ᠎ᠡ᠃ ᠪᠡᠯᠴᠢᠭᠡᠷ ᠭᠠᠵᠠᠷ 81561.26 ᠲᠦᠮᠡᠨ ᠮᠥ᠍᠎ᠳᠤ ᠬᠦᠷᠴᠦ᠂ ᠡᠭᠦᠨ᠎ᠳᠤ ᠪᠠᠶ᠋ᠢᠭ᠋ᠠᠯᠢᠯᠢᠭ ᠪᠡᠯᠴᠢᠭᠡᠷ 71882.99 ᠲᠦᠮᠡᠨ ᠮᠥ᠍ ᠪᠠᠶ᠋ᠢᠵᠤ᠂ 88.13% ᠵᠢ ᠡᠵᠡᠯᠡᠨ᠎ᠡ; ᠲᠠᠷᠢᠮᠠᠯ ᠪᠡᠯᠴᠢᠭᠡᠷ 190.74 ᠲᠦᠮᠡᠨ ᠮᠥ᠍ ᠪᠠᠶ᠋ᠢᠵᠤ᠂ 0.23% ᠵᠢ ᠡᠵᠡᠯᠡᠨ᠎ᠡ; ᠪᠤᠰᠤᠳ ᠪᠡᠯᠴᠢᠭᠡᠷ ᠭᠠᠵᠠᠷ 9487.53 ᠲᠦᠮᠡᠨ ᠮᠥ᠍ ᠪᠠᠶ᠋ᠢᠵᠤ᠂ 11.63% ᠵᠢ ᠡᠵᠡᠯᠡᠨ᠎ᠡ᠃ ᠪᠡᠯᠴᠢᠭᠡᠷ ᠭᠠᠵᠠᠷ᠎ᠨᠢ ᠭᠤᠤᠯᠳᠠᠭᠤ ᠰᠢᠯᠢ ᠵᠢᠨ ᠭᠤᠤᠯ ᠠᠶ᠋ᠢᠮᠠᠭ᠂ ᠠᠯᠠᠱ᠌ᠠ ᠠᠶ᠋ᠢᠮᠠᠭ᠂ ᠬᠥᠯᠥᠨ ᠪᠤᠶ᠋ᠢᠷ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠪᠣᠯᠤᠨ ᠤᠯᠠᠭ᠋ᠠᠨᠴᠠᠪ ᠬᠤᠲᠠ ᠵᠡᠷᠭᠡ 6 ᠠᠶ᠋ᠢᠮᠠᠭ ᠬᠤᠲᠠ᠎ᠳᠤ ᠲᠠᠷᠬᠠᠵᠤ᠂ ᠪᠥᠬᠦ ᠣᠷᠣᠨ᠎ᠤ ᠪᠡᠯᠴᠢᠭᠡᠷ ᠭᠠᠵᠠᠷ᠎ᠤᠨ 84% ᠵᠢ ᠡᠵᠡᠯᠡᠨ᠎ᠡ᠃ ᠨᠤᠭᠤ ᠭᠠᠵᠠᠷ 5714.09 ᠲᠦᠮᠡᠨ ᠮᠥ᠍᠎ᠳᠤ ᠬᠦᠷᠴᠦ᠂ ᠡᠨᠡ᠎ᠨᠢ 《ᠭᠤᠷᠪᠠᠳᠤᠭ᠋ᠠᠷ ᠤᠳᠠᠭ᠋ᠠᠨ᠎ᠤ ᠪᠠᠶ᠋ᠢᠴᠠᠭ᠋ᠠᠯᠲᠠ》᠎ᠳᠤ ᠰᠢᠨ᠎ᠡ᠎ᠪᠠᠷ ᠨᠡᠮᠡᠭᠳᠡᠭᠰᠡᠨ ᠨᠢᠭᠡᠳᠦᠭᠡᠷ ᠳᠡᠰ᠎ᠤᠨ ᠭᠠᠵᠠᠷ ᠰᠢᠷᠣᠶ ᠵᠢᠨ ᠲᠥᠷᠥᠯ ᠪᠠᠶ᠋ᠢᠵᠤ᠂ 5 ᠬᠤᠶᠠᠳᠤᠭ᠋ᠠᠷ ᠳᠡᠰ᠎ᠤᠨ ᠭᠠᠵᠠᠷ ᠰᠢᠷᠣᠶ ᠵᠢᠨ ᠲᠥᠷᠥᠯ ᠪᠠᠭᠲᠠᠨ᠎ᠠ᠃ ᠡᠭᠦᠨ᠎ᠳᠤ᠂ ᠣᠶ ᠰᠢᠭᠤᠶ ᠵᠢᠨ ᠨᠠᠮᠤᠭ ᠭᠠᠵᠠᠷ 1052.56 ᠲᠦᠮᠡᠨ ᠮᠥ᠍ ᠪᠠᠶ᠋ᠢᠵᠤ᠂ 18.42%᠎ᠢ ᠡᠵᠡᠯᠡᠨ᠎ᠡ; ᠰᠥᠭᠡᠭ ᠨᠠᠮᠤᠭ 322.20 ᠲᠦᠮᠡᠨ ᠮᠥ᠍ ᠪᠠᠶ᠋ᠢᠵᠤ᠂ 5.64% ᠵᠢ ᠡᠵᠡᠯᠡᠨ᠎ᠡ; ᠨᠠᠮᠤᠭ ᠪᠡᠯᠴᠢᠭᠡᠷ ᠭᠠᠵᠠᠷ 2754.91 ᠲᠦᠮᠡᠨ ᠮᠥ᠍᠎ᠳᠤ ᠬᠦᠷᠴᠦ᠂ 48.21% ᠵᠢ ᠡᠵᠡᠯᠡᠨ᠎ᠡ; ᠳᠣᠲᠣᠭ᠋ᠠᠳᠤ ᠬᠠᠭᠤᠷᠠᠶ ᠵᠢᠨ ᠲᠠᠩ ᠭᠠᠵᠠᠷ 1407.20 ᠲᠦᠮᠡᠨ ᠮᠥ᠍᠎ᠳᠤ ᠬᠦᠷᠴᠦ᠂ 24.63% ᠵᠢ ᠡᠵᠡᠯᠡᠨ᠎ᠡ; ᠨᠠᠮᠤᠭ ᠭᠠᠵᠠᠷ 177.22 ᠲᠦᠮᠡᠨ ᠮᠥ᠍ ᠪᠠᠶ᠋ᠢᠵᠤ᠂ 3.10% ᠵᠢ ᠡᠵᠡᠯᠡᠨ᠎ᠡ᠃ ᠨᠤᠭᠤ ᠭᠠᠵᠠᠷ᠎ᠨᠢ ᠭᠤᠤᠯᠳᠠᠭᠤ ᠬᠥᠯᠥᠨ ᠪᠤᠶ᠋ᠢᠷ ᠬᠤᠲᠠ ᠪᠣᠯᠤᠨ ᠰᠢᠯᠢ ᠵᠢᠨ ᠭᠤᠤᠯ ᠠᠶ᠋ᠢᠮᠠᠭ 2 ᠠᠶ᠋ᠢᠮᠠᠭ ᠬᠤᠲᠠ᠎ᠳᠤ ᠲᠠᠷᠬᠠᠵᠤ᠂ ᠪᠥᠬᠦ ᠣᠷᠣᠨ᠎ᠤ ᠨᠤᠭᠤ ᠭᠠᠵᠠᠷ᠎ᠤᠨ 86% ᠵᠢ ᠡᠵᠡᠯᠡᠨ᠎ᠡ᠃ ᠡᠭᠦᠨ᠎ᠠᠴᠠ ᠭᠠᠳᠠᠨ᠎ᠠ᠂ ᠪᠥᠬᠦ ᠣᠷᠣᠨ᠎ᠤ ᠬᠤᠲᠠ ᠪᠠᠯᠭ᠋ᠠᠰᠤ ᠲᠣᠰᠬᠤᠨ ᠵᠢᠴᠢ ᠦᠢ᠍ᠯᠡᠳᠪᠦᠷᠢ ᠠᠭᠤᠷᠬᠠᠶ᠎ᠳᠤ ᠬᠡᠷᠡᠭᠯᠡᠬᠦ ᠭᠠᠵᠠᠷ᠎ᠤᠨ ᠲᠠᠯᠠᠪᠠᠶ 2243.64 ᠲᠦᠮᠡᠨ ᠮᠥ᠍᠂ ᠵᠠᠮ ᠬᠠᠷᠢᠯᠴᠠᠭ᠎ᠠ ᠲᠡᠭᠡᠭᠡᠪᠦᠷᠢ᠎ᠳᠤ ᠬᠡᠷᠡᠭᠯᠡᠬᠦ ᠭᠠᠵᠠᠷ 1200.62 ᠲᠦᠮᠡᠨ ᠮᠥ᠍᠂ ᠤᠰᠤᠨ ᠣᠷᠣᠨ ᠵᠢᠴᠢ ᠤᠰᠤᠨ ᠠᠰᠢᠭᠯᠠᠯᠲᠠ ᠵᠢᠨ ᠪᠡᠯᠡᠳᠬᠡᠮᠵᠢ᠎ᠳᠤ ᠬᠡᠷᠡᠭᠯᠡᠬᠦ ᠭᠠᠵᠠᠷ 1596.74 ᠲᠦᠮᠡᠨ ᠮᠥ᠍ ᠪᠤᠢ᠃

      ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ 《ᠭᠤᠷᠪᠠᠳᠤᠭ᠋ᠠᠷ ᠤᠳᠠᠭ᠋ᠠᠨ᠎ᠤ ᠪᠠᠶ᠋ᠢᠴᠠᠭ᠋ᠠᠯᠲᠠ》 ᠵᠢᠨ ᠦᠷ᠎ᠡ ᠪᠦᠲᠦᠭᠡᠯ᠎ᠢ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ ᠪᠠ ᠡᠯ᠎ᠡ ᠲᠥᠷᠥᠯ᠎ᠤᠨ ᠬᠠᠮᠢᠶ᠎ᠠ ᠪᠥᠬᠦᠶ ᠲᠤᠰᠬᠠᠶ ᠲᠥᠯᠥᠪᠵᠢᠭᠦᠯᠭᠡ ᠵᠢᠨ ᠨᠢᠭᠡᠳᠦᠯᠲᠡᠶ ᠰᠠᠭᠤᠷᠢ ᠲᠤᠭ᠎ᠠ᠂ ᠨᠢᠭᠡᠳᠦᠯᠲᠡᠶ ᠰᠠᠭᠤᠷᠢ ᠵᠢᠷᠤᠭ ᠪᠣᠯᠭ᠋ᠠᠵᠤ᠂ 《ᠭᠤᠷᠪᠠᠳᠤᠭ᠋ᠠᠷ ᠤᠳᠠᠭ᠋ᠠᠨ᠎ᠤ ᠪᠠᠶ᠋ᠢᠴᠠᠭ᠋ᠠᠯᠲᠠ》 ᠵᠢᠨ ᠦᠷ᠎ᠡ ᠪᠦᠲᠦᠭᠡᠯ᠎ᠢ ᠬᠠᠮᠲᠤ᠎ᠳᠤ᠎ᠪᠠᠨ ᠬᠦᠷᠲᠡᠬᠦ ᠵᠢ ᠴᠢᠩᠭ᠋ᠠᠳᠬᠠᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠯ᠎ᠢ ᠲᠦᠷᠭᠡᠳᠬᠡᠨ ᠪᠠᠶ᠋ᠢᠭᠤᠯᠤᠨ ᠪᠦᠷᠢᠨᠰᠢᠬᠦᠯᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠯᠲᠠ ᠵᠢᠨ ᠲᠣᠭᠲᠠᠯᠴᠠᠭ᠎ᠠ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠤᠨ᠎ᠠ᠃ ᠮᠠᠨ᠎ᠤ ᠣᠷᠣᠨ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠲᠦᠷᠢᠮ᠎ᠢ ᠦᠷᠭᠦᠯᠵᠢᠯᠡᠨ ᠪᠠᠷᠢᠮᠲᠠᠯᠠᠵᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠡᠷᠡᠰ ᠬᠤᠷᠢᠭᠯᠠᠨ᠂ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠴᠢᠩᠭ᠎ᠠ ᠬᠠᠮᠢᠶᠠᠷᠤᠨ ᠡᠵᠡᠮᠳᠡᠵᠦ᠂ ᠲᠠᠷᠢᠶᠠᠨ ᠭᠠᠵᠠᠷ᠂ ᠨᠤᠲᠤᠭ ᠪᠡᠯᠴᠢᠭᠡᠷ᠂ ᠣᠶ᠋ᠢᠲᠤ ᠭᠠᠵᠠᠷ᠂ ᠨᠤᠭᠤ ᠭᠠᠵᠠᠷ᠎ᠢ ᠬᠠᠤᠯᠢ ᠲᠣᠭᠲᠠᠭ᠋ᠠᠯ᠎ᠠᠴᠠ ᠵᠥᠷᠢᠴᠡᠨ ᠡᠵᠡᠯᠡᠨ ᠬᠡᠷᠡᠭᠯᠡᠬᠦ ᠪᠤᠶᠤ ᠲᠠᠷᠢᠶᠠᠨ ᠭᠠᠵᠠᠷ᠎ᠤᠨ ᠬᠡᠷᠡᠭᠯᠡᠯᠲᠡ ᠵᠢ ᠬᠤᠪᠢᠷᠠᠭᠤᠯᠬᠤ ᠡᠯ᠎ᠡ ᠲᠥᠷᠥᠯ᠎ᠤᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠵᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠤᠯᠤᠰ᠎ᠠᠴᠠ ᠪᠠᠭᠤᠯᠭ᠋ᠠᠭᠰᠠᠨ ᠲᠠᠷᠢᠶᠠᠨ ᠭᠠᠵᠠᠷ᠎ᠤᠨ ᠬᠠᠳᠠᠭ᠋ᠠᠯᠠᠯᠲᠠ ᠵᠢᠨ ᠬᠡᠮᠵᠢᠶ᠎ᠡ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠠᠯᠲᠠᠨ ᠡᠭᠦᠷᠭᠡ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃
 
   

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠤ ᠣᠶ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠬᠤᠷᠠᠯ ᠬᠤᠷᠠᠯᠳᠤᠪᠠ
ᠦᠪᠦᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠦᠪᠦᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠥᠪᠥᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠦᠪᠦᠷ ᠮᠣᠩᠭᠤᠯ ᠣᠷᠤᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
 
             蒙ICP备05000248号