ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ᠂ 《ᠮᠠᠯ ᠠᠵᠤ ᠠᠬᠤᠢ ᠲᠠᠷᠢᠶᠠᠯᠠᠩ ᠪᠠ ᠮᠠᠯᠵᠢᠬᠤ ᠲᠠᠷᠢᠶᠠᠯᠠᠬᠤ ᠤᠷᠤᠨ᠎ᠢ ᠣᠷᠢᠳ ᠵᠶ᠋ᠠᠷ ᠬᠦᠭᠵᠢᠭᠦᠯᠬᠦ ᠵᠢ ᠪᠠᠷᠢᠮᠲᠠᠯᠠᠵᠤ᠂ ᠮᠠᠯ ᠠᠵᠤ ᠠᠬᠤᠢ ᠲᠠᠷᠢᠶᠠᠯᠠᠩ ᠪᠠ ᠮᠠᠯᠵᠢᠬᠤ ᠲᠠᠷᠢᠶᠠᠯᠠᠬᠤ ᠣᠷᠣᠨ᠎ᠤ ᠤᠳᠤᠬᠢᠴᠢᠯᠠᠯᠲᠠ ᠵᠢ ᠲᠦᠷᠭᠡᠳᠭᠡᠨ᠂ ᠮᠠᠯ ᠠᠵᠤ ᠠᠬᠤᠢ ᠲᠠᠷᠢᠶᠠᠯᠠᠩ᠎ᠤᠨ ᠬᠦᠭᠵᠢᠯᠳᠡ ᠵᠢ ᠴᠢᠨᠠᠷ ᠰᠠᠶ᠋ᠢᠲᠠᠢ ᠪᠦᠭᠡᠳ ᠦᠨᠳᠦᠷ ᠪᠦᠲᠦᠮᠵᠢᠲᠡᠢ ᠪᠣᠯᠭ᠋ᠠᠨ᠂ ᠮᠠᠯᠵᠢᠬᠤ ᠲᠠᠷᠢᠶᠠᠯᠠᠬᠤ ᠤᠷᠤᠨ᠎ᠢ ᠣᠷᠤᠰᠢᠨ ᠰᠠᠭᠤᠷᠢᠰᠢᠬᠤ᠎ᠳᠤ ᠲᠣᠬᠢᠷᠠᠮᠵᠢᠲᠠᠢ ᠪᠣᠯᠭ᠋ᠠᠵᠦ᠂ ᠮᠠᠯᠴᠢᠨ ᠲᠠᠷᠢᠶᠠᠴᠢᠳ᠎ᠢ ᠪᠠᠶᠠᠨ ᠴᠢᠨᠡᠭᠡᠯᠢᠭ ᠠᠮᠢᠳᠤᠷᠠᠯ᠎ᠲᠠᠢ ᠪᠣᠯᠭ᠋ᠠᠬᠤ ᠵᠢ ᠠᠬᠢᠭᠤᠯᠤᠨ᠎ᠠ》 ᠭᠡᠵᠦ ᠲᠤᠷᠠᠳᠴᠠᠢ᠃ ᠡᠨᠡ᠎ᠨᠢ ᠬᠤᠷᠠᠯ᠎ᠳᠤ ᠤᠷᠤᠯᠴᠠᠬᠰᠠᠨ ᠦᠨᠳᠦᠰᠦᠨ ᠱᠠᠳᠤᠨ᠎ᠤ ᠲᠦᠯᠦᠭᠡᠯᠡᠭᠴᠢᠳ᠎ᠤᠨ ᠠᠩᠬᠠᠷᠤᠯ᠎ᠢ ᠶᠡᠭᠡ᠎ᠪᠠᠷ ᠲᠠᠳᠠᠵᠦ᠂ ᠲᠡᠳᠡ ᠨᠡᠷ᠎ᠤᠨ ᠶᠠᠷᠢᠯᠴᠠᠨ ᠵᠦᠪᠯᠡᠭᠦ ᠬᠠᠯᠠᠮᠰᠢᠯ ᠰᠡᠳᠦᠪ ᠪᠤᠯᠤᠭᠰᠠᠨ ᠠᠵᠢ᠃
ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢ᠂ ᠰᠢᠨ᠎ᠡ ᠪᠠᠷᠭᠤ ᠪᠠᠷᠠᠭᠤᠨ ᠬᠤᠰᠢᠭᠤᠨ᠎ᠤ ᠨᠠᠮ᠎ᠤᠨ ᠬᠤᠷᠢᠶᠠᠨ᠎ᠤ ᠱᠦᠵᠢ ᠨᠠᠷᠠᠰᠣ ᠵᠢᠨ ᠳᠠᠨᠢᠯᠴᠠᠭᠤᠯᠣᠭᠰᠠᠨ ᠵᠶ᠋ᠠᠷ᠂ ᠰᠢᠨ᠎ᠠ ᠪᠠᠷᠭᠤ ᠪᠠᠷᠠᠭᠤᠨ ᠬᠤᠰᠢᠭᠤ ᠪᠦᠬᠦ ᠣᠷᠣᠨ᠎ᠤ ᠮᠠᠯᠵᠢᠬᠤ ᠣᠷᠣᠨ᠎ᠤ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠠᠵᠠ ᠲᠣᠬᠢᠶᠠᠯ᠎ᠢ ᠠᠳᠬᠤᠨ ᠦᠢ᠍ᠯᠡᠳᠪᠦᠷᠢᠯᠡᠯ ᠡᠵᠡᠩᠨᠡᠯᠲᠡ ᠪᠠ ᠬᠠᠮᠢᠶᠠᠷᠤᠯᠲᠠ ᠵᠢᠨ ᠰᠢᠨ᠎ᠡ ᠵᠢ ᠡᠭᠦᠳᠬᠦ ᠵᠢ ᠢᠳᠡᠪᠬᠢᠲᠡᠶ ᠰᠦᠪᠡᠭᠴᠢᠯᠡᠨ ᠠᠬᠢᠭᠤᠯᠵᠤ᠂ ᠮᠠᠯᠵᠢᠬᠤ ᠤᠷᠤᠨ᠎ᠤ ᠤᠳᠤᠬᠢᠴᠢᠯᠠᠯᠳᠠ ᠵᠢ ᠠᠬᠢᠭᠤᠯᠬᠤ 《ᠮᠠᠩᠯᠠᠢ ᠭᠠᠴᠠᠭ᠎ᠠ》 ᠪᠤᠯᠤᠨ 《ᠳᠣᠯᠣᠭ᠋ᠠᠨ ᠲᠤᠰᠬᠤᠨ᠎ᠢ ᠨᠢᠭᠡ ᠴᠤᠬ᠍ᠴᠠᠵᠢᠭᠤᠯᠬᠤ》 ᠬᠤᠶᠠᠷ ᠵᠠᠭᠪᠤᠷ᠎ᠢ ᠪᠦᠷᠢᠯᠳᠦᠭᠦᠯᠤᠨ᠂ ᠲᠤᠷᠰᠢᠯᠲᠠ ᠵᠢᠨ ᠴᠡᠭ᠎ᠤᠨ ᠭᠠᠴᠠᠭ᠋ᠠᠨ᠎ᠤ 19 ᠰᠢᠨ᠎ᠡ ᠬᠡᠯᠪᠡᠷᠢ ᠵᠢᠨ ᠬᠤᠪᠢ ᠣᠷᠣᠭᠤᠯᠤᠭᠰᠠᠨ ᠲᠤᠰᠬᠠᠢ ᠬᠤᠷᠰᠢᠶ᠎ᠠ ᠪᠠᠶ᠋ᠢᠭᠤᠯᠵᠤ᠂ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢᠨ 29 ᠭᠤᠣᠯᠳᠠᠯᠭ᠎ᠠ᠎ᠲᠠᠢ ᠲᠥᠷᠥᠯ ᠵᠦᠢ᠍ᠯ᠎ᠢ ᠬᠡᠷᠡᠭᠵᠢᠭᠦᠯᠵᠦ᠂ ᠮᠠᠯᠵᠢᠬᠤ ᠣᠷᠣᠨ᠎ᠤ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ ᠪᠤᠢ᠃ 《ᠥᠪᠡᠷᠲᠡᠭᠡᠨ ᠵᠠᠰᠠᠬᠤ ᠣᠷᠣᠨ᠎ᠤ ᠲᠦᠷᠦᠭᠦᠦ ᠪᠦᠯᠦᠭ᠎ᠤᠨ ᠮᠠᠯᠵᠢᠬᠤ ᠣᠷᠣᠨ᠎ᠤ ᠣᠳᠣᠬᠢᠴᠢᠯᠠᠯᠲᠠ ᠵᠢᠨ ᠲᠤᠷᠰᠢᠯᠲᠠ ᠵᠢᠨ ᠬᠤᠰᠢᠭᠤ ᠪᠣᠯᠤᠭᠰᠠᠨ᠎ᠤ ᠬᠤᠪᠢ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠬᠤᠶᠠᠷ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠦ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦᠯᠬᠦ᠂ ᠬᠤᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ᠂ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠨᠡᠮᠡᠭᠳᠡᠭᠦᠯᠬᠦ᠂ ᠥᠭᠡᠷᠡᠴᠢᠯᠡᠯᠲᠡ ᠨᠡᠭᠡᠭᠡᠯᠲᠡ ᠵᠢ ᠥᠷᠭᠡᠳᠬᠡᠬᠦ᠂ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠤᠣᠯ ᠰᠢᠵᠢᠮ᠎ᠢ ᠪᠠᠲᠤ ᠡᠵᠡᠮᠳᠡᠨ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠦ᠂ ᠬᠢᠯᠢ ᠬᠢᠵᠠᠭ᠋ᠠᠷ᠎ᠤᠨ ᠲᠣᠭᠲᠠᠭᠤᠨ᠎ᠢ ᠪᠦᠬᠦ ᠬᠦᠴᠦᠨ ᠵᠶ᠋ᠠᠷ ᠪᠠᠲᠤᠯᠠᠵᠦ᠂ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠠᠶᠠᠨ ᠵᠶ᠋ᠠᠨ ᠰᠠᠶ᠋ᠢᠲᠦᠷ ᠡᠬᠢᠯᠡᠭᠦᠯᠦᠨ᠎ᠠ》 ᠬᠡᠵᠤ ᠨᠠᠷᠠᠰᠤ ᠲᠦᠯᠦᠬᠡᠯᠡᠭᠴᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠠᠷᠠᠯᠳᠠ ᠡᠬᠦᠷᠬᠡ᠎ᠪᠠᠨ ᠶᠠᠷᠢᠯ᠎ᠠ᠃
1 ᠰᠠᠷ᠎ᠠ ᠵᠢᠨ 27᠎ᠤ ᠦᠳᠡ ᠵᠢᠨ ᠬᠤᠶ᠋ᠢᠨ᠎ᠠ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠣᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠳᠦᠷᠪᠡᠳᠦᠭᠡᠷ ᠬᠤᠷᠠᠯ᠎ᠳᠤ ᠤᠷᠤᠯᠴᠠᠵᠦ ᠪᠠᠶ᠋ᠢᠭ᠎ᠠ ᠬᠢᠨᠭ᠌ᠭ᠋ᠠᠨ ᠠᠶ᠋ᠢᠮᠠᠬ᠎ᠤᠨ ᠲᠦᠯᠦᠭᠡᠯᠡᠭᠴᠢᠳ᠎ᠤᠨ ᠪᠦᠯᠭᠦᠮ᠎ᠤᠨ ᠬᠢᠨᠠᠨ ᠵᠦᠪᠯᠡᠭᠦ ᠲᠠᠯᠠᠪᠠᠢ᠎ᠳᠤ᠂ ᠤᠯᠠᠨ ᠵᠶ᠋ᠠᠷ ᠵᠶ᠋ᠠᠨ ᠵᠠᠯᠠᠭᠤ ᠲᠦᠯᠦᠭᠡᠯᠡᠭᠴᠢ ᠭᠦᠸᠧ ᠯᠢ ᠯᠢ ᠵᠢᠨ 5 ᠵᠢᠯ᠎ᠳᠤ 20 ᠲᠡᠭᠰᠢ ᠲᠦᠷᠪᠡᠯᠵᠢᠨ ᠮᠸᠲᠷ᠎ᠤᠨ ᠠᠯᠪᠠᠨ ᠭᠡᠷ ᠵᠶ᠋ᠠᠨ ᠦᠷᠭᠡᠳᠭᠡᠭᠡᠳ 5000 ᠲᠡᠭᠰᠢ ᠲᠦᠷᠪᠡᠯᠵᠢᠨ ᠮᠸᠲᠷ ᠪᠤᠯᠭ᠋ᠠᠬᠰᠠᠨ ᠦᠯᠢᠭᠡᠷ᠎ᠢ ᠠᠩᠬᠠᠷᠤᠯ ᠲᠠᠯᠪᠢᠨ ᠰᠤᠨᠤᠰᠤᠨ᠎ᠠ᠃ 5 ᠵᠢᠯ᠎ᠤᠨ ᠡᠮᠦᠨ᠎ᠠ᠂ ᠭᠦᠸᠧ ᠯᠢ ᠯᠢ ᠭᠠᠴᠠᠭ᠎ᠠ ᠵᠢᠨ ᠠᠷᠠᠳ᠎ᠤᠨ ᠵᠦᠪᠯᠡᠯ᠎ᠤᠨ ᠠᠯᠪᠠᠨ ᠭᠡᠷ᠎ᠤᠨ ᠬᠠᠵᠠᠭᠤᠳᠡᠭᠢ 20 ᠲᠡᠭᠰᠢ ᠲᠦᠷᠪᠡᠯᠵᠢᠨ ᠮᠸᠲᠷ᠎ᠤᠨ ᠵᠢᠵᠢᠭ ᠦᠷᠦᠭᠡᠨ᠎ᠳᠤ ᠡᠯᠸᠺᠲᠷᠤᠨ ᠬᠤᠳᠠᠯᠳᠤᠭ᠎ᠠ᠎ᠪᠠᠨ ᠡᠬᠢᠯᠡᠭᠦᠯᠪᠠ᠃ ᠲᠤᠬᠠᠢ ᠵᠢᠨ ᠦᠶ᠎ᠠ᠎ᠳᠤ ᠨᠤᠳᠤᠭ᠎ᠤᠨ ᠬᠤᠨᠢᠨ ᠮᠢᠬ᠎ᠠ᠂ ᠲᠠᠭᠢᠶᠠᠨ ᠦᠨᠳᠡᠭᠡ᠂ ᠡᠯᠳᠡᠪ ᠠᠮᠤ ᠵᠡᠷᠭᠡ᠎ᠨᠢ ᠲᠡᠭᠦᠨ᠎ᠤ ᠪᠤᠷᠤᠯᠠᠭᠤᠯᠭ᠎ᠠ ᠵᠢᠨ ᠭᠤᠤᠯ ᠪᠠᠷᠠᠭ᠎ᠠ ᠪᠠᠶ᠋ᠢᠵᠤ᠂ ᠤᠷᠤᠯᠭ᠎ᠠ ᠨᠢᠮᠭᠡᠨ ᠪᠠᠶ᠋ᠢᠬᠰᠠᠨ ᠴᠤ᠌ ᠤᠯᠠᠨ᠎ᠲᠠᠢ᠎ᠪᠠᠨ ᠬᠠᠮᠳᠤ ᠪᠠᠶᠠᠵᠢᠬᠤ᠎ᠨᠢ ᠲᠡᠭᠦᠨ᠎ᠤ ᠨᠢᠭᠡᠨ ᠬᠦᠰᠡᠯ ᠪᠠᠶ᠋ᠢᠪᠠ᠃ ᠲᠦᠷᠦ ᠵᠢᠨ ᠪᠤᠳᠤᠯᠭ᠎ᠠ ᠵᠢᠨ ᠤᠷᠢᠶᠠᠯᠠᠭ᠎ᠠ᠎ᠪᠠᠷ ᠭᠦᠸᠧ ᠯᠢ ᠯᠢ ᠬᠡᠪᠴᠢᠶᠡᠵᠢᠭᠰᠡᠨ ᠡᠵᠡᠩᠨᠡᠯᠳᠡ ᠵᠢᠨ ᠴᠢᠬᠤᠯᠠ ᠴᠢᠨᠠᠷ᠎ᠢ ᠲᠠᠨᠢᠵᠦ ᠤᠯᠪᠠ᠃ ᠲᠠᠬᠡᠬᠡᠳ ᠲᠤᠰᠬᠠᠢ ᠬᠤᠷᠰᠢᠶ᠎ᠠ ᠲᠠᠩᠰᠠᠯᠠᠭᠤᠯᠤᠨ ᠲᠠᠷᠢᠶᠠᠴᠢᠳ ᠵᠶ᠋ᠠᠨ ᠲᠠᠭ᠋ᠠᠭᠤᠯᠵᠦ ᠬᠦᠷᠢᠶ᠎ᠠ ᠬᠠᠰᠢᠶ᠎ᠠ ᠵᠢᠨ ᠠᠵᠦ ᠠᠬᠤᠢ ᠡᠵᠡᠩᠨᠡᠵᠦ᠂ ᠲᠠᠷᠢᠶᠠᠴᠢᠳ᠎ᠤᠨ ᠤᠷᠤᠯᠭ᠎ᠠ ᠵᠢᠨ ᠨᠡᠮᠡᠭᠳᠡᠯ᠎ᠢ ᠮᠡᠳᠡᠭᠳᠡᠮ᠎ᠠ ᠲᠠᠬᠡᠭᠰᠢᠯᠡᠬᠦᠯᠦᠭᠰᠡᠨ ᠪᠠᠶ᠋ᠢᠨ᠎ᠠ᠃ 2018 ᠤᠨ᠎ᠳᠤ᠂ ᠲᠡᠳᠡ ᠲᠠᠬᠢᠨᠳᠠ ᠡᠵᠡᠩᠨᠡᠯᠳᠡ ᠵᠢᠨ ᠬᠡᠯᠪᠡᠷᠢ᠎ᠪᠠᠨ ᠬᠤᠪᠢᠷᠠᠭᠤᠯᠵᠦ᠂ ᠲᠠᠷᠢᠶᠠᠴᠢᠳ᠎ᠠᠴᠠ ᠭᠠᠵᠠᠷ ᠰᠢᠷᠤᠢ ᠵᠢᠨ ᠡᠵᠡᠩᠨᠡᠯᠳᠡ ᠵᠢᠨ ᠡᠷᠬᠡ ᠵᠢ ᠰᠢᠯᠵᠢᠭᠦᠯᠦᠨ ᠠᠪᠴᠤ᠂ ᠤᠷᠭ᠋ᠠᠨᠢᠭ ᠰᠢᠬᠢᠷᠯᠢᠭ ᠡᠷᠳᠡᠨᠢ ᠰᠢᠰᠢ ᠲᠠᠷᠢᠵᠦ ᠪᠤᠷᠤᠯᠠᠭᠤᠯᠪᠠ᠃ ᠭᠤᠷᠪᠠᠨ ᠵᠢᠯ᠎ᠤᠨ ᠲᠤᠷᠰᠢ᠂ ᠭᠦᠸᠧ ᠯᠢ ᠯᠢ ᠵᠢᠨ ᠡᠷᠳᠡᠨᠢ ᠰᠢᠰᠢ ᠵᠢᠨ ᠪᠤᠷᠤᠯᠠᠭᠤᠯᠭ᠎ᠠ ᠵᠢᠯ ᠲᠤᠳᠤᠮ ᠳᠡᠭᠡᠭᠰᠢᠯᠡᠵᠦ᠂ ᠤᠷᠤᠯᠭ᠎ᠠ᠎ᠨᠢ ᠨᠡᠮᠡᠭᠳᠡᠭᠰᠡᠨ ᠵᠶ᠋ᠠᠷ ᠪᠠᠷᠠᠬᠤ ᠦᠭᠡᠢ ᠬᠠᠮᠳᠤᠷᠠᠨ ᠠᠵᠢᠯᠯᠠᠬᠰᠠᠨ ᠲᠤᠰᠬᠠᠢ ᠬᠤᠷᠰᠢᠶ᠎ᠠ ᠵᠢᠨ ᠲᠠᠷᠢᠶᠠᠴᠢᠳ᠎ᠤᠨ ᠤᠷᠤᠯᠭ᠎ᠠ ᠴᠤ᠌ ᠶᠡᠭᠡ᠎ᠪᠠᠷ ᠨᠡᠮᠡᠭᠳᠡᠵᠠᠢ᠃ ᠨᠢᠳᠤᠨᠤᠨ ᠲᠡᠷᠡ 5000 ᠲᠡᠭᠰᠢ ᠲᠦᠷᠪᠡᠯᠵᠢᠨ ᠮᠸᠲᠷ ᠲᠠᠯᠠᠪᠠᠢ ᠪᠦᠭᠦᠢ ᠠᠯᠪᠠᠯᠠᠬᠤ ᠭᠠᠵᠠᠷ᠎ᠲᠤ ᠰᠢᠯᠵᠢᠨ ᠲᠠᠷᠢᠬᠤ᠂ ᠬᠤᠷᠢᠶᠠᠬᠤ᠂ ᠪᠤᠭᠤᠳᠠᠯᠯᠠᠬᠤ᠂ ᠪᠤᠷᠤᠯᠠᠭᠤᠯᠬᠤ ᠵᠢ ᠤᠶᠠᠯᠳᠤᠭᠤᠯᠤᠬᠰᠠᠨ ᠬᠤᠷᠰᠢᠶᠠᠵᠢᠯ᠎ᠤᠨ ᠡᠵᠡᠩᠨᠡᠯᠳᠡ᠎ᠪᠠᠷ ᠲᠤᠬᠠᠢ ᠵᠢᠨ ᠭᠠᠵᠠᠷ ᠤᠷᠤᠨ᠎ᠳᠠᠭᠠᠨ ᠲᠠᠭ᠋ᠠᠭᠤᠯᠤᠭᠴᠢ ᠠᠵᠦ ᠠᠬᠤᠢ᠍ᠢ᠍ᠯᠠᠯ᠎ᠤᠨ ᠦᠢ᠍ᠯᠡᠳᠤᠯ᠎ᠢ ᠪᠠᠳᠠᠷᠠᠭᠤᠯᠵᠣ ᠡᠬᠢᠯᠡᠪᠡ᠃ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠳᠠᠬᠢ ᠮᠠᠯᠵᠢᠬᠤ ᠲᠠᠷᠢᠶᠠᠯᠠᠬᠤ ᠤᠷᠤᠨ᠎ᠤ ᠤᠳᠤᠭᠢᠴᠢᠯᠠᠯᠳᠠ ᠵᠢ ᠲᠦᠷᠭᠡᠳᠭᠡᠭᠦ ᠲᠤᠬᠠᠢ ᠲᠤᠷᠠᠳᠤᠯᠭ᠎ᠠ᠎ᠨᠢ ᠲᠡᠭᠦᠨ᠎ᠳᠤ ᠨᠡᠩ ᠶᠡᠭᠡ ᠵᠤᠷᠢᠬ᠍ᠵᠢᠭᠤᠯᠤᠯ ᠪᠤᠯᠤᠯ᠎ᠠ᠃ 《ᠲᠠᠷᠢᠶᠠᠯᠠᠩ ᠬᠢᠬᠡᠳ ᠲᠠᠷᠢᠶᠠᠯᠠᠬᠤ ᠤᠷᠤᠨ᠎ᠤ ᠤᠳᠤᠭᠢᠴᠢᠯᠠᠯᠳᠠ ᠵᠢ ᠲᠦᠷᠭᠡᠳᠭᠡᠭᠦ᠎ᠳᠤ ᠵᠦᠪᠭᠡᠨ ᠨᠢᠭᠡᠳᠦᠭᠡᠷ ᠠᠵᠦ ᠦᠢ᠍ᠯᠡᠰ᠎ᠲᠤ ᠲᠦᠰᠢᠭᠯᠡᠵᠦ᠂ ᠳ᠋ᠠᠩ ᠭᠠᠭᠴᠠ ᠲᠠᠷᠢᠶ᠎ᠠ ᠲᠠᠷᠢᠬᠤ᠎ᠳᠤ ᠲᠦᠰᠢᠭᠯᠡᠵᠦ ᠪᠤᠯᠬᠤ ᠦᠭᠡᠢ᠂ ᠪᠤᠷᠤᠯᠠᠭᠤᠯᠭ᠎ᠠ ᠵᠢᠨ ᠵᠠᠮ᠎ᠢ ᠰᠦᠪᠡᠭᠴᠢᠯᠡᠬᠦ᠎ᠨᠢ ᠨᠡᠩ ᠴᠢᠬᠤᠯᠠ》 ᠭᠡᠵᠦ ᠲᠡᠷᠡ ᠤᠴᠢᠷᠳᠠᠶ᠋ᠢᠬᠠᠨ ᠶᠠᠷᠢᠨ᠎ᠠ᠃
ᠰᠢᠯᠢ ᠵᠢᠨ ᠭᠤᠤᠯ ᠠᠶ᠋ᠢᠮᠠᠬ᠎ᠤᠨ ᠮᠠᠯᠴᠢᠨ ᠲᠦᠯᠦᠭᠡᠯᠡᠭᠴᠢ ᠬᠤᠪᠢᠰᠬᠠᠯᠳᠤ ᠮᠠᠯᠴᠢᠨ ᠲᠦᠮᠡᠨ᠎ᠤ ᠦᠢ᠍ᠯᠡᠳᠪᠤᠷᠢᠯᠡᠯ ᠡᠵᠡᠩᠨᠡᠯᠳᠡ ᠲᠤᠮᠳᠡ ᠬᠦᠳᠡᠯᠮᠦᠷᠢ ᠬᠦᠴᠤᠨ᠎ᠤ ᠦᠢ᠍ᠯᠡᠴᠢᠯᠡᠭᠡ᠂ ᠡᠪᠡᠰᠦ ᠪᠤᠷᠳᠤᠭ᠎ᠠ ᠨᠠᠶ᠋ᠢᠷᠠᠭᠤᠯᠬᠤ᠂ ᠮᠠᠯ᠎ᠤᠨ ᠭᠡᠮ ᠬᠢᠵᠢᠭ᠎ᠢ ᠰᠡᠷᠭᠡᠶ᠋ᠢᠯᠡᠭᠦ᠂ ᠮᠠᠰᠢᠨᠴᠢᠯᠠᠯᠳᠠ ᠵᠡᠷᠭᠡ ᠨᠡᠶ᠋ᠢᠭᠡᠮᠴᠢᠯᠡᠭᠰᠡᠨ ᠦᠢ᠍ᠯᠡᠴᠢᠯᠡᠭᠡ ᠲᠤᠳᠠᠬᠳᠠᠵᠦ ᠪᠠᠶ᠋ᠢᠬᠤ ᠮᠠᠯᠵᠢᠬᠤ ᠤᠷᠤᠨ᠎ᠤ ᠪᠤᠳᠠᠳᠣ ᠪᠠᠶ᠋ᠢᠳᠠᠯ᠎ᠲᠠᠢ ᠤᠶᠠᠯᠳᠤᠭᠤᠯᠵᠦ᠂ ᠰᠢᠨ᠎ᠠ ᠬᠡᠯᠪᠡᠷᠢ ᠵᠢᠨ ᠬᠦᠳᠡᠭᠡ ᠲᠤᠰᠬᠤᠨ᠎ᠤ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠬᠤ ᠠᠬᠢᠴᠠ ᠵᠢ ᠲᠦᠷᠭᠡᠳᠭᠡᠨ ᠮᠠᠯᠵᠢᠬᠤ ᠤᠷᠤᠨ᠎ᠤ ᠴᠢᠨᠠᠷ ᠰᠠᠶ᠋ᠢᠳᠠᠢ ᠬᠦᠭᠵᠢᠯᠳᠠ ᠵᠢ ᠠᠬᠢᠭᠤᠯᠬᠤ ᠲᠤᠬᠠᠢ ᠰᠠᠨᠠᠭᠤᠯᠭ᠎ᠠ᠎ᠪᠠᠨ ᠶᠡᠭᠡ ᠬᠤᠷᠠᠯ᠎ᠳᠤ ᠲᠡᠪᠰᠢᠭᠦᠯᠪᠠ᠃ 《ᠬᠡᠪᠴᠢᠶᠡᠵᠢᠬᠦᠯᠵᠤ ᠡᠷᠴᠢᠮᠵᠢᠭᠦᠯᠦᠨ ᠡᠵᠡᠩᠨᠡᠭᠦ ᠲᠦᠷᠦ ᠵᠢᠨ ᠪᠤᠳᠤᠯᠭ᠎ᠠ᠎ᠪᠠᠷ ᠲᠠᠮᠵᠢᠨ ᠠᠮᠢ ᠠᠬᠤᠢ ᠵᠢᠨ ᠮᠠᠯᠵᠢᠯ᠎ᠤᠨ ᠲᠤᠭᠤᠷᠢᠭ ᠪᠠᠶ᠋ᠢᠭᠤᠯᠵᠦ᠂ ᠭᠠᠴᠠᠭ᠋ᠠᠨ᠎ᠤ ᠬᠠᠮᠳᠤ ᠵᠢᠨ ᠬᠤᠷᠰᠢᠶ᠎ᠠ᠎ᠪᠠᠷ ᠬᠠᠮᠢᠶᠠᠷᠤᠯᠳᠠ ᠵᠢᠨ ᠭᠤᠤᠯ ᠴᠤᠬ᠍ᠴᠠ ᠪᠤᠯᠭ᠋ᠠᠨ᠂ ᠠᠮᠢ ᠠᠬᠤᠢ ᠵᠢᠨ ᠮᠠᠯ ᠠᠵᠦ ᠠᠬᠤᠢ ᠵᠢ ᠬᠦᠭᠵᠢᠭᠦᠯᠵᠦ᠂ ᠮᠠᠯᠵᠢᠬᠤ ᠤᠷᠤᠨ᠎ᠤ ᠰᠠᠭᠤᠷᠢ ᠲᠦᠭᠦᠭᠡᠷᠦᠮᠵᠢ ᠵᠢ ᠴᠢᠩᠭ᠋ᠠᠳᠬᠠᠪᠠᠯ ᠵᠤᠬᠢᠨ᠎ᠠ》 ᠭᠡᠵᠦ ᠳᠡᠷᠡ ᠰᠤᠷᠪᠤᠯᠵᠢᠯᠠᠬ᠍ᠴᠢ᠎ᠳᠤ ᠬᠡᠯᠡᠨ᠎ᠡ᠃