ᠳᠤᠮᠳᠠᠳᠤ ᠤᠯᠤᠰ᠎ᠤᠨ ᠨᠤᠭᠤᠭ᠋ᠠᠨᠯᠢᠭ ᠴᠠᠭ᠎ᠤᠨ ᠰᠣᠨᠢᠨ᠎ᠤ 1 ᠰᠠᠷ᠎ᠠ ᠵᠢᠨ 28᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠮᠠ ᠢᠦᠶ ᠵᠢᠩ) ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠦᠷᠦᠭᠦᠬᠡᠨ ᠬᠠᠮᠲᠤᠷᠠᠨ ᠮᠡᠳᠡᠭᠳᠡᠯ ᠪᠠᠭᠤᠯᠭ᠋ᠠᠵᠤ᠂ ᠬᠠᠮᠲᠤᠷᠠᠨ ᠬᠥᠳᠡᠯᠦᠯᠴᠡᠬᠦ᠎ᠪᠠᠨ ᠴᠢᠩᠭ᠋ᠠᠳᠬᠠᠨ᠂ ᠪᠥᠲᠥᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠳᠤ ᠬᠡᠷᠡᠭᠯᠡᠬᠦ ᠭᠠᠵᠠᠷ᠎ᠢ ᠬᠢᠨᠠᠨ ᠪᠠᠶ᠋ᠢᠴᠠᠭ᠋ᠠᠬᠤ ᠪᠠ ᠣᠶ᠋ᠢᠲᠤ ᠭᠠᠵᠠᠷ᠎ᠢ ᠬᠢᠨᠠᠨ ᠬᠠᠷᠭᠤᠭᠤᠯᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ᠎ᠪᠠᠷ ᠪᠤᠢ᠃
ᠮᠡᠳᠡᠭᠳᠡᠯ᠎ᠳᠤ᠂ ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠵᠦᠪᠰᠢᠶᠡᠷᠡᠯ ᠠᠪᠬᠤ ᠴᠢᠬᠤᠯᠠᠳᠠᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠤᠪᠢᠷᠠᠭᠤᠯᠤᠨ ᠬᠡᠷᠡᠭᠯᠡᠬᠦ ᠪᠠ ᠭᠠᠵᠠᠷ ᠰᠢᠷᠣᠶ ᠲᠠᠲᠠᠪᠤᠷᠢᠯᠠᠬᠤ ᠪᠥᠲᠥᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠣᠶ᠋ᠢᠲᠤ ᠭᠠᠵᠠᠷ᠎ᠢ ᠬᠡᠷᠡᠭᠯᠡᠬᠦ᠎ᠳᠤ ᠬᠣᠯᠪᠣᠭᠳᠠᠭᠰᠠᠨ ᠪᠠᠶ᠋ᠢᠪᠠᠯ᠂ ᠮᠤᠵᠢ ᠵᠢᠨ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠬᠡᠷᠡᠭᠯᠡᠬᠦ ᠭᠠᠵᠠᠷ᠎ᠢ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ᠂ ᠣᠶ ᠰᠢᠭᠤᠶ ᠪᠠ ᠨᠤᠲᠤᠭ ᠪᠡᠯᠴᠢᠭᠡᠷ᠎ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠭᠠᠷᠭ᠋ᠠᠭᠰᠠᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ᠎ᠢ ᠬᠠᠮᠲᠤᠳᠤᠨᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠳᠤ ᠮᠡᠳᠡᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠬᠡᠷᠡᠭᠯᠡᠬᠦ ᠭᠠᠵᠠᠷ᠎ᠢ ᠬᠢᠨᠠᠨ ᠪᠠᠶ᠋ᠢᠴᠠᠭ᠋ᠠᠵᠤ ᠳᠠᠭᠤᠰᠤᠭᠰᠠᠨ᠎ᠤ ᠳᠠᠷᠠᠭ᠎ᠠ ᠱᠠᠭ᠋ᠠᠷᠳᠠᠯᠭ᠎ᠠ ᠶᠣᠰᠣᠭ᠋ᠠᠷ ᠲᠥᠷᠥ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠵᠦ ᠭᠠᠵᠠᠷ ᠬᠡᠷᠡᠭᠯᠡᠬᠦ ᠵᠢ ᠵᠥᠪᠰᠢᠶᠡᠷᠡᠭᠦᠯᠦᠨ᠎ᠡ᠃ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠦᠪᠰᠢᠶᠡᠷᠡᠯ ᠠᠪᠬᠤ ᠴᠢᠬᠤᠯᠠᠳᠠᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠤᠪᠢᠷᠠᠭᠤᠯᠤᠨ ᠬᠡᠷᠡᠭᠯᠡᠬᠦ (ᠲᠥᠷᠥ ᠵᠢᠨ ᠶᠠᠪᠤᠳᠠᠯ᠎ᠤᠨ ᠬᠣᠷᠢᠶᠠᠨ᠎ᠤ ᠨᠠᠶ᠋ᠢᠳᠠᠭᠰᠠᠨ ᠪᠠ ᠡᠷᠬᠡ ᠣᠯᠭᠣᠵᠤ ᠬᠢᠨᠠᠨ ᠵᠥᠪᠰᠢᠶᠡᠷᠡᠭᠦᠯᠦᠭᠰᠡᠨ ᠬᠡᠷᠡᠭᠯᠡᠬᠦ ᠭᠠᠵᠠᠷ ᠪᠠᠭᠲᠠᠨ᠎ᠠ) ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠤᠢ᠌ᠲᠤ ᠭᠠᠵᠠᠷ᠎ᠢ ᠬᠡᠷᠡᠭᠯᠡᠬᠦ᠎ᠳᠤ ᠬᠣᠯᠪᠣᠭᠳᠠᠭᠰᠠᠨ ᠪᠠᠢ᠌ᠪᠠᠯ᠂ ᠤᠢ᠌ᠲᠤ ᠭᠠᠵᠠᠷ᠎ᠢ ᠬᠢᠨᠠᠬᠤ ᠡᠷᠬᠡ ᠮᠡᠳᠡᠯ᠎ᠲᠠᠢ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ ᠭᠠᠷᠭ᠋ᠠᠭᠰᠠᠨ᠎ᠤ ᠳᠠᠷᠠᠭ᠎ᠠ᠂ ᠬᠣᠯᠪᠣᠭᠳᠠᠯ ᠪᠦᠬᠦᠢ ᠮᠤᠵᠢ ᠵᠢᠨ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠠᠮᠲᠤᠳᠤᠨᠢ ᠬᠠᠭᠤᠯᠤᠨ ᠢᠯᠡᠭᠡᠬᠦ ᠬᠡᠷᠡᠭᠲᠡᠶ᠃ ᠭᠠᠵᠠᠷ ᠬᠡᠷᠡᠭᠯᠡᠬᠦ ᠵᠢ ᠬᠢᠨᠠᠨ ᠪᠠᠢ᠌ᠴᠠᠭ᠋ᠠᠵᠤ᠂ ᠣᠶ᠋ᠢᠲᠤ ᠭᠠᠵᠠᠷ᠎ᠢ ᠬᠢᠨᠠᠨ ᠬᠠᠷᠭᠤᠭᠤᠯᠵᠤ ᠪᠠᠲᠤᠯᠠᠭᠰᠠᠨ ᠪᠠᠶ᠋ᠢᠪᠠᠯ᠂ ᠮᠤᠵᠢ ᠵᠢᠨ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠱᠠᠭ᠋ᠠᠷᠳᠠᠯᠭ᠎ᠠ ᠶᠣᠰᠣᠭ᠋ᠠᠷ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠭᠠᠵᠠᠷ ᠬᠡᠷᠡᠭᠯᠡᠬᠦ ᠵᠢ ᠵᠥᠪᠰᠢᠶᠡᠷᠡᠭᠦᠯᠦᠨ᠎ᠡ᠃ ᠮᠡᠳᠡᠭᠳᠡᠯ᠎ᠳᠤ᠂ ᠮᠤᠵᠢ ᠵᠢᠨ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠂ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠵᠦ᠂ ᠲᠤᠬᠠᠶ ᠵᠢᠨ ᠭᠠᠵᠠᠷ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠵᠦ᠂ ᠤᠢ᠌ᠲᠤ ᠭᠠᠵᠠᠷ᠎ᠢ ᠬᠡᠷᠡᠭᠯᠡᠬᠦ ᠵᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠠᠬᠢᠭᠤᠯᠵᠤ᠂ ᠬᠠᠷᠢᠯᠴᠠᠨ ᠬᠠᠮᠵᠢᠯᠴᠠᠬᠤ ᠵᠢ ᠴᠢᠩᠭ᠋ᠠᠳᠬᠠᠵᠤ᠂ ᠣᠶ᠋ᠢᠲᠤ ᠭᠠᠵᠠᠷ᠎ᠢ ᠬᠡᠷᠡᠭᠯᠡᠬᠦ ᠵᠢ ᠬᠢᠨᠠᠨ ᠬᠠᠷᠭᠤᠭᠤᠯᠤᠭᠰᠠᠨ ᠪᠠᠶ᠋ᠢᠳᠠᠯ᠂ ᠣᠶ᠋ᠢᠲᠤ ᠭᠠᠵᠠᠷ᠎ᠲᠤ ᠬᠣᠯᠪᠣᠭᠳᠠᠬᠤ ᠵᠦᠢ᠍ᠯᠡᠰ᠎ᠢ ᠬᠢᠨᠠᠨ ᠵᠥᠪᠰᠢᠶᠡᠷᠡᠭᠰᠡᠨ ᠦᠷ᠎ᠡ ᠳ᠋ᠦᠩ᠎ᠢ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠰᠠᠭᠤᠷᠢ ᠮᠡᠳᠡᠭᠡ ᠵᠠᠩᠭᠢ ᠵᠢᠨ ᠲᠠᠪᠴᠠᠩ ᠳᠡᠭᠡᠷ᠎ᠡ ᠮᠡᠳᠡᠭᠡ ᠵᠠᠩᠭᠢ ᠵᠢ ᠨᠡᠢ᠌ᠲᠡᠯᠡᠬᠦ ᠵᠢ ᠪᠡᠶᠡᠯᠡᠭᠦᠯᠬᠦ ᠬᠡᠷᠡᠭᠲᠡᠶ ᠭᠡᠵᠦ ᠳᠤᠷᠠᠳᠴᠠᠶ᠃