ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠲᠦᠷᠢᠮ᠎ᠢ ᠴᠢᠩᠭ᠎ᠠ ᠨᠡᠶ᠋ᠢᠳᠡᠪᠦᠷᠢᠵᠢᠭᠤᠯᠤᠨ᠂ ᠲᠤᠤᠷ ᠬᠦᠷᠢᠶ᠎ᠠ ᠲᠠᠳᠠᠬᠤ ᠵᠢ ᠪᠠᠭ᠋ᠠᠰᠬᠠᠵᠤ᠂ ᠨᠤᠳᠤᠭ ᠪᠡᠯᠴᠢᠭᠡᠷ᠎ᠢ ᠬᠡᠰᠡᠭᠯᠡᠨ ᠬᠦᠷᠢᠶᠡᠯᠡᠭᠦ ᠠᠰᠠᠭᠤᠳᠠᠯ᠎ᠢ ᠰᠢᠢ᠍ᠳᠪᠦᠷᠢᠯᠡᠨ᠎ᠠ᠃
— ᠪᠦ᠋ ᠰᠢᠶᠤᠤ ᠯᠢᠨ ᠲᠡᠷᠢᠭᠦᠯᠡᠭᠴᠢ ᠵᠢᠨ ᠬᠢᠭᠰᠡᠨ 2021 ᠤᠨ᠎ᠤ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠠᠴᠠ ᠨᠤᠳᠤᠭ ᠪᠡᠯᠴᠢᠭᠡᠷ᠂ ᠲᠤᠤᠷ ᠬᠦᠷᠢᠶᠡᠨ᠎ᠤ ᠠᠰᠠᠭᠤᠳᠠᠯ᠎ᠨᠢ ᠮᠠᠯᠵᠢᠬᠤ ᠤᠷᠤᠨ᠎ᠳᠤ ᠶᠠᠷᠢᠬᠳᠠᠬᠰᠠᠭ᠋ᠠᠷ ᠢᠷᠡᠭᠰᠡᠨ ᠰᠡᠳᠦᠪ᠃ ᠡᠨᠡ᠎ᠨᠢ ᠵᠦᠪᠭᠡᠨ ᠮᠠᠯᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠲᠠᠢ ᠬᠤᠯᠪᠤᠬᠳᠠᠬᠤ ᠲᠡᠳᠦᠢ ᠪᠢᠰᠢ᠂ ᠬᠠᠷᠢᠨ ᠤᠷᠤᠯᠭ᠎ᠠ ᠵᠠᠷᠤᠯᠭ᠎ᠠ ᠵᠢᠨ ᠠᠰᠠᠭᠤᠳᠠᠯ᠂ ᠠᠮᠢ ᠠᠬᠤᠢ ᠵᠢᠨ ᠠᠰᠠᠭᠤᠳᠠᠯ᠂ ᠨᠡᠶ᠋ᠢᠭᠡᠮ᠎ᠤᠨ ᠠᠰᠠᠭᠤᠳᠠᠯ ᠪᠤᠯᠬᠤ᠎ᠪᠠᠷ ᠪᠠᠷᠠᠬᠤ ᠦᠭᠡᠢ᠂ ᠴᠢᠨᠡᠭᠡᠯᠢᠭ ᠨᠡᠶ᠋ᠢᠭᠡᠮ᠎ᠢ ᠪᠡᠶᠡᠯᠡᠭᠦᠯᠭᠦ ᠵᠡᠷᠭᠡ ᠪᠦᠬᠦ ᠲᠠᠯ᠎ᠠ᠎ᠳᠤ ᠬᠤᠯᠪᠤᠬᠳᠠᠬᠤ ᠠᠰᠠᠭᠤᠳᠠᠯ ᠮᠦᠨ᠃ ᠡᠨᠡ ᠲᠤᠬᠠᠢ ᠰᠤᠷᠪᠤᠯᠵᠢᠯᠬᠠᠴᠢ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢ᠂ ᠲᠤᠰᠬᠠᠢ ᠮᠡᠷᠭᠡᠵᠢᠯᠳᠡᠨ᠂ ᠮᠠᠯᠴᠢᠨ ᠵᠡᠷᠭᠡ ᠭᠤᠷᠪᠠᠨ ᠲᠠᠯ᠎ᠠ ᠵᠢᠨ᠎ᠬᠢᠨ᠎ᠢ ᠰᠤᠷᠪᠤᠯᠵᠢᠯᠠᠬᠰᠠᠨ ᠪᠢᠯᠡ᠃

ᠦᠪᠦᠷ ᠮᠤᠩᠭᠤᠯ᠎ᠤᠨ ᠪᠠᠭᠰᠢ ᠵᠢᠨ ᠶᠡᠭᠡ ᠰᠤᠷᠭ᠋ᠠᠭᠤᠯᠢ ᠵᠢᠨ ᠫᠷᠤᠹᠧᠰᠰᠤᠷ᠂ ᠳ᠋ᠤᠺᠲ᠋ᠤᠷᠠᠨᠲ᠎ᠤᠨ ᠵᠢᠯᠤᠭᠤᠳᠤᠬ᠍ᠴᠢ ᠪᠠᠭᠰᠢ᠂ ᠲᠤᠰᠬᠠᠢ ᠮᠡᠷᠭᠡᠵᠢᠯᠳᠡᠨ ᠬᠠᠶ᠋ᠢᠰᠠᠨ᠄
ᠡᠨᠡ ᠤᠳᠠᠭ᠋ᠠᠨ᠎ᠤ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ ᠲᠡᠭᠡᠷ᠎ᠠ᠂ ᠪᠦ᠋ ᠰᠢᠶᠤᠤ ᠯᠢᠨ ᠲᠡᠷᠢᠭᠦᠯᠡᠭᠴᠢ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠡᠭᠡᠨ᠂ ᠲᠤᠤᠷ ᠬᠦᠷᠢᠶ᠎ᠠ ᠶᠡᠭᠡᠳᠴᠤ ᠨᠤᠳᠤᠭ ᠪᠡᠯᠴᠢᠭᠡᠷ᠎ᠤᠨ ᠲᠠᠯᠠᠪᠠᠢ ᠵᠢᠵᠢᠭᠷᠡᠵᠤ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠭᠦ ᠬᠡᠷᠡᠭᠳᠡᠢ ᠬᠡᠰᠡᠨ ᠰᠢᠢ᠍ᠳᠪᠦᠷᠢᠳᠦ ᠪᠤᠳᠤᠯᠭ᠎ᠠ ᠪᠤᠶᠤ ᠵᠢᠭ᠋ᠠᠪᠤᠷᠢ ᠵᠢ ᠠᠩᠬ᠎ᠠ ᠤᠳᠠᠭ᠎ᠠ ᠲᠤᠷᠠᠳᠤᠬᠰᠠᠨ ᠶᠤᠮ᠃ ᠲᠤᠤᠷ ᠬᠦᠷᠢᠶ᠎ᠡ ᠮᠠᠯᠵᠢᠬᠤ ᠤᠷᠤᠨ᠎ᠳᠤ ᠭᠠᠷᠴᠤ ᠢᠷᠡᠭᠡᠳ ᠤᠳᠤ 30 ᠰᠢᠬᠠᠮ ᠵᠢᠯ ᠪᠤᠯᠵᠤ ᠪᠤᠢ᠃ ᠮᠢᠨᠦ ᠬᠤᠪᠢ ᠬᠦᠮᠦᠨ᠎ᠤ ᠦᠵᠡᠭᠦ᠎ᠪᠠᠷ᠂ ᠶᠠᠭᠤᠨ᠎ᠤ ᠡᠮᠦᠨ᠎ᠠ᠂ ᠡᠨᠡ ᠰᠢᠢ᠍ᠳᠪᠦᠷᠢ ᠵᠦᠪ ᠤᠨᠤᠪᠴᠢᠳᠠᠢ᠃ ᠲᠠᠬᠢᠭ᠋ᠠᠳ ᠬᠡᠯᠡᠪᠡᠯ᠂ ᠮᠠᠰᠢ ᠴᠢᠬᠤᠯᠠ ᠠᠴᠢ ᠬᠤᠯᠪᠤᠬᠳᠠᠯ᠎ᠲᠠᠢ᠃ ᠭᠤᠤᠯᠳᠠᠭᠤ ᠦᠪᠦᠷ ᠮᠤᠩᠭᠤᠯ᠎ᠤᠨ ᠨᠤᠳᠤᠭ ᠪᠡᠯᠴᠢᠭᠡᠷ᠎ᠢ ᠰᠡᠷᠭᠦᠭᠡᠵᠤ᠂ ᠤᠯᠤᠰ᠎ᠤᠨ ᠤᠮᠠᠷᠠᠳᠦ ᠤᠷᠤᠨ᠎ᠤ ᠠᠮᠢ ᠠᠬᠤᠢ ᠵᠢᠨ ᠬᠠᠯᠬᠠᠪᠴᠢ ᠵᠢ ᠪᠠᠳᠤᠳᠬᠠᠵᠤ᠂ ᠡᠭᠡ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠢ ᠪᠠᠳᠤᠯᠠᠬᠤ ᠠᠭᠤᠤ ᠶᠡᠭᠡ ᠦᠢ᠍ᠯᠡᠰ᠎ᠲᠤ ᠲᠦᠢ᠍ᠯ᠎ᠤᠨ ᠴᠢᠬᠤᠯᠠ ᠠᠴᠢ ᠬᠤᠯᠪᠤᠬᠳᠠᠯ᠎ᠲᠠᠢ ᠶᠤᠮ᠃ ᠬᠡᠭᠦ᠎ᠳᠡᠭᠡᠨ᠂ ᠡᠭᠦᠨ᠎ᠢ ᠪᠡᠶᠡᠯᠡᠭᠦᠯᠭᠦ ᠡᠭᠦᠷᠭᠡ ᠲᠤᠩ ᠬᠦᠨᠳᠦ ᠪᠠᠶ᠋ᠢᠭ᠎ᠠ ᠶᠤᠮ᠃ ᠲᠤᠤᠷ ᠬᠦᠷᠢᠶ᠎ᠡ ᠶᠡᠭᠡ᠎ᠪᠠᠷ ᠭᠠᠷᠴᠤ ᠪᠡᠯᠴᠢᠭᠡᠷ ᠲᠠᠴᠢᠷᠳᠠᠭ᠋ᠠᠳ ᠠᠮᠢ ᠠᠬᠤᠢ ᠵᠢᠨ ᠦᠷ᠎ᠠ ᠠᠰᠢᠭ᠂ ᠠᠵᠤ ᠠᠬᠤᠢ ᠵᠢᠨ ᠦᠷ᠎ᠠ ᠠᠰᠢᠭ᠂ ᠨᠡᠶ᠋ᠢᠭᠡᠮ᠎ᠤᠨ ᠦᠷ᠎ᠠ ᠠᠰᠢᠭ ᠪᠦᠷ ᠲᠤᠷᠤᠬᠰᠢᠯᠠᠬᠰᠠᠨ ᠠᠬᠤᠢ ᠪᠠᠶ᠋ᠢᠳᠠᠯ ᠲᠤᠤᠷ᠎ᠠ᠂ ᠨᠠᠮ᠎ᠤᠨ ᠲᠦᠪ ᠬᠤᠷᠢᠶ᠎ᠠ ᠠᠮᠢ ᠠᠬᠤᠢ ᠵᠢ ᠲᠡᠷᠢᠭᠦᠨ᠎ᠳᠤ ᠲᠠᠯᠪᠢᠬᠤ ᠪᠤᠳᠤᠯᠭ᠎ᠠ ᠵᠢ ᠲᠤᠭᠳᠠᠭ᠋ᠠᠬᠰᠠᠨ ᠶᠤᠮ᠂ ᠦᠪᠦᠷ ᠮᠤᠩᠭᠤᠯ ᠨᠡᠩ ᠢᠯᠡᠭᠦᠦ ᠤᠯᠤᠰ᠎ᠤᠨ ᠤᠮᠠᠷᠠᠳᠦ ᠤᠷᠤᠨ᠎ᠤ ᠠᠮᠢ ᠠᠬᠤᠢ ᠵᠢᠨ ᠬᠠᠯᠬᠠᠪᠴᠢ ᠵᠢ ᠵᠠᠪᠠᠯ ᠰᠠᠶ᠋ᠢᠨ ᠬᠠᠮᠠᠭ᠋ᠠᠯᠠᠬᠤ ᠡᠨᠡ ᠬᠦ᠌ ᠵᠢᠭ᠋ᠠᠪᠤᠷᠢ ᠵᠢ ᠬᠦᠯᠢᠶᠡᠭᠰᠡᠨ ᠶᠤᠮ᠃ ᠡᠭᠦᠨ᠎ᠳᠤ᠂ ᠦᠪᠡᠷᠳᠡᠬᠡᠨ ᠵᠠᠰᠠᠬᠤ ᠤᠷᠤᠨ᠎ᠠᠴᠠ ᠡᠨᠡ ᠲᠠᠯ᠎ᠠ ᠲᠡᠭᠡᠷ᠎ᠠ ᠴᠢᠬᠤᠯᠠ ᠰᠢᠢ᠍ᠳᠪᠦᠷᠢ ᠭᠠᠷᠭ᠋ᠠᠪᠠ᠃ ᠮᠢᠨᠦ ᠪᠤᠳᠤᠬᠤ᠎ᠪᠠᠷ᠂ ᠪᠦ᠋ ᠰᠢᠶᠤᠤ ᠯᠢᠨ ᠲᠡᠷᠢᠭᠦᠯᠡᠭᠴᠢ ᠵᠢᠨ ᠬᠤᠷᠠᠯ ᠲᠡᠭᠡᠷ᠎ᠠ ᠶᠠᠷᠢᠬᠰᠠᠨ ᠨᠤᠳᠤᠭ ᠪᠡᠯᠴᠢᠭᠡᠷ ᠵᠢᠵᠢᠭᠷᠡᠵᠤ᠂ ᠪᠡᠯᠴᠢᠭᠡᠷ ᠲᠠᠴᠢᠷᠳᠡᠵᠤ ᠪᠠᠶ᠋ᠢᠭ᠎ᠠ ᠪᠠᠶ᠋ᠢᠳᠠᠯ᠎ᠢ ᠰᠡᠷᠭᠦᠭᠡᠭᠦ᠎ᠳᠤ ᠶᠡᠭᠡ ᠬᠦᠨᠳᠦ ᠲᠠᠷᠤᠭ᠋ᠠᠰᠦ ᠪᠤᠯᠵᠤ ᠪᠠᠶ᠋ᠢᠭ᠎ᠠ ᠡᠨᠡ ᠠᠰᠠᠭᠤᠳᠠᠯ᠎ᠢ ᠰᠢᠢ᠍ᠳᠪᠦᠷᠢᠯᠡᠨ᠎ᠠ ᠬᠡᠵᠤ ᠪᠠᠶ᠋ᠢᠭ᠎ᠠ ᠪᠤᠯ ᠨᠠᠮ᠎ᠤᠨ ᠲᠦᠪ ᠬᠤᠷᠢᠶ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠲᠤᠷᠠᠳᠴᠤ ᠭᠠᠷᠭ᠋ᠠᠬᠰᠠᠨ 《ᠬᠤᠶᠠᠷ ᠠᠭᠤᠯᠠ》 ᠵᠢᠨ ᠤᠨᠤᠯ᠂ ᠲᠠᠷᠤᠢ ᠠᠮᠢ ᠠᠬᠤᠢ ᠵᠢ ᠲᠡᠷᠢᠬᠦᠨ᠎ᠳᠤ ᠲᠠᠯᠪᠢᠬᠤ ᠡᠨᠡ ᠬᠦ᠌ ᠪᠤᠳᠤᠯᠭ᠎ᠠ ᠵᠢ ᠪᠤᠳᠠᠳᠤ ᠦᠢ᠍ᠯᠡ ᠠᠵᠢᠯᠯᠠᠭ᠎ᠠ ᠲᠡᠭᠡᠷ᠎ᠠ᠎ᠪᠠᠨ᠂ ᠰᠢᠢ᠍ᠳᠪᠦᠷᠢ ᠲᠡᠭᠡᠷ᠎ᠠ᠎ᠪᠠᠨ ᠪᠡᠶᠡᠯᠡᠬᠦᠯᠦᠨ᠂ ᠨᠠᠮ ᠲᠦᠷᠦ ᠪᠠ ᠠᠷᠠᠳ ᠲᠦᠮᠡᠨ᠎ᠲᠠᠢ᠎ᠪᠠᠨ ᠬᠠᠮᠳᠤ᠎ᠪᠠᠷ ᠡᠨᠡ ᠬᠦ᠌ ᠠᠰᠠᠭᠤᠳᠠᠯ᠎ᠢ ᠰᠢᠢ᠍ᠳᠪᠦᠷᠢᠯᠡᠶᠠ ᠬᠡᠵᠦ ᠵᠤᠷᠢᠭ ᠵᠶ᠋ᠠᠨ ᠢᠯᠡᠳᠭᠡᠵᠤ ᠪᠠᠶ᠋ᠢᠨ᠎ᠠ ᠬᠡᠵᠤ ᠤᠢ᠍ᠢ᠍ᠯᠠᠭ᠋ᠠᠵᠤ ᠪᠤᠯᠤᠨ᠎ᠠ᠃
ᠨᠤᠳᠤᠭ ᠪᠡᠯᠴᠢᠬᠡᠷ᠎ᠤᠨ ᠡᠷᠬᠡ ᠵᠢ ᠨᠤᠳᠠᠯᠠᠨ ᠲᠤᠬᠳᠠᠭ᠋ᠠᠬᠤ ᠲᠤᠩ ᠴᠢᠬᠤᠯᠠ ᠶᠤᠮ᠃ ᠨᠤᠳᠤᠭ ᠪᠡᠯᠴᠢᠬᠡᠷ᠎ᠢ ᠨᠤᠳᠠᠯᠠᠨ ᠲᠤᠬᠳᠠᠭ᠋ᠠᠬᠤ ᠪᠤᠯ ᠮᠠᠯᠴᠢᠳ᠎ᠤᠨ ᠦᠨᠳᠦᠰᠦᠨ ᠠᠰᠢᠭ ᠲᠤᠰᠠᠲᠠᠢ ᠬᠤᠯᠪᠤᠬᠳᠠᠵᠦ᠂ ᠡᠨᠡ᠎ᠨᠢ ᠮᠢᠨᠤᠬᠢ᠂ ᠲᠡᠷᠡ᠎ᠨᠢ ᠴᠢᠨᠦᠬᠢ ᠬᠡᠳᠡᠭ᠎ᠢ ᠵᠢᠭ᠋ᠠᠵᠤ ᠦᠭᠴᠤ ᠪᠤᠢ᠃ ᠬᠡᠪᠡᠴᠤ ᠲᠡᠭᠦᠨ᠎ᠢ ᠲᠤᠤᠷᠯᠠᠭ᠋ᠠᠳ ᠠᠪᠬᠤ᠎ᠳᠤ ᠴᠢᠨᠦ ᠪᠤᠯᠵᠤ ᠲᠡᠶ᠋ᠢᠯᠭᠦ ᠦᠭᠡᠢ ᠮᠦᠷᠳᠡᠭᠡᠨ ᠡᠪᠳᠡᠨ᠎ᠠ᠃ ᠮᠢᠨᠦ ᠪᠤᠳᠤᠬᠤ᠎ᠪᠠᠷ᠂ ᠭᠠᠴᠠᠭ᠋ᠠᠨ ᠲᠤᠳᠤᠷ᠎ᠠ ᠬᠡᠳᠦᠢ ᠮᠦ᠍ ᠪᠠᠶ᠋ᠢᠬᠤ ᠵᠢ ᠨᠤᠳᠠᠯᠠᠨ ᠲᠤᠬᠳᠠᠭ᠋ᠠᠪᠠᠯ ᠲᠠᠭ᠋ᠠᠷᠠᠨ᠎ᠠ᠃ ᠭᠠᠴᠠᠭ᠎ᠠ ᠪᠤᠯ ᠦᠨᠳᠦᠰᠦᠨ ᠬᠠᠤᠯᠢ᠎ᠳᠤ ᠪᠠᠳᠤᠯᠠᠬᠰᠠᠨ ᠬᠠᠮᠠᠭ᠋ᠠᠯᠠᠵᠤ ᠪᠠᠶ᠋ᠢᠭ᠎ᠠ ᠨᠢᠭᠡᠴᠢ ᠶᠤᠮ᠃ ᠭᠠᠴᠠᠭ᠋ᠠᠨ᠎ᠤ ᠭᠠᠵᠠᠷ ᠰᠢᠷᠤᠢ ᠪᠦᠷ ᠬᠠᠤᠯᠢ ᠵᠢᠨ ᠲᠤᠤᠷ᠎ᠠ ᠪᠠᠶ᠋ᠢᠳᠠᠭ᠂ ᠭᠠᠴᠠᠭ᠎ᠠ ᠪᠤᠯ ᠬᠠᠮᠤᠬ᠎ᠠᠴᠠ ᠢᠯᠡᠬᠦᠦ ᠦᠭᠡ ᠶᠠᠷᠢᠬᠤ ᠡᠷᠭᠡ᠎ᠲᠠᠢ᠃ ᠬᠤᠪᠢ ᠬᠦᠮᠦᠨ᠂ ᠬᠤᠪᠢ ᠡᠷᠦᠭᠡ ᠪᠤᠯ ᠲᠠᠭ᠋ᠠᠭ᠋ᠠᠴᠢᠯᠠᠵᠤ ᠪᠠᠶ᠋ᠢᠭ᠎ᠠ ᠬᠦᠮᠦᠰ ᠲᠡᠳᠦᠢ᠃ ᠬᠤᠵᠢᠮ ᠡᠨᠡ ᠲᠤᠬᠳᠠᠴᠠ ᠵᠢᠨ ᠦᠢ᠍ᠯᠡᠳᠦᠯ᠎ᠢ ᠬᠦᠢ᠍ᠴᠡᠳ ᠪᠠᠳᠠᠷᠠᠭᠤᠯᠪᠠᠯ ᠵᠤᠬᠢᠨ᠎ᠠ᠃ ᠠᠶ᠋ᠢᠮᠠᠭ ᠬᠤᠰᠢᠭᠤ ᠰᠤᠮᠤ ᠭᠠᠴᠠᠭ᠎ᠠ ᠨᠤᠳᠤᠭ ᠪᠡᠯᠴᠢᠭᠡᠷ᠎ᠤᠨ ᠬᠠᠤᠯᠢ ᠵᠢ ᠰᠠᠶ᠋ᠢᠳᠤᠷ ᠬᠡᠷᠡᠭᠵᠢᠭᠦᠯᠵᠦ᠂ ᠪᠡᠯᠴᠢᠭᠡᠷ ᠵᠶ᠋ᠠᠨ ᠰᠠᠶ᠋ᠢᠨ ᠵᠠᠷᠤᠬᠰᠠᠨᠢᠨᠢ ᠬᠡᠷᠬᠢᠨ ᠱᠠᠩᠨᠠᠬᠤ᠂ ᠪᠡᠯᠴᠢᠭᠡᠷ ᠵᠶ᠋ᠠᠨ ᠰᠦᠢ᠍ᠳᠭᠡᠭᠰᠡᠨ ᠬᠦᠮᠦᠨ᠎ᠳᠤ ᠠᠮᠢ ᠠᠬᠤᠢ ᠵᠢ ᠲᠡᠷᠢᠬᠦᠨ᠎ᠳᠤ ᠲᠠᠯᠪᠢᠬᠤ ᠬᠡᠳᠡᠭ᠎ᠢ 《ᠲᠦᠷᠢᠮ》 ᠵᠶ᠋ᠠᠷ ᠮᠡᠳᠡᠭᠦᠯᠦᠨ ᠤᠢ᠍ᠢ᠍ᠯᠠᠭ᠋ᠠᠭᠤᠯᠵᠦ᠂ ᠨᠤᠳᠤᠭ ᠪᠡᠯᠴᠢᠬᠡᠷ ᠵᠶ᠋ᠠᠨ ᠡᠵᠡᠩᠨᠡᠵᠤ ᠴᠢᠳᠠᠬᠤ ᠦᠭᠡᠢ ᠬᠦᠮᠦᠰ᠎ᠢ ᠡᠵᠡᠩᠨᠡᠭᠦᠯᠭᠦ ᠦᠭᠡᠢ ᠪᠤᠯᠭ᠋ᠠᠪᠠᠯ ᠵᠤᠬᠢᠨ᠎ᠠ᠃ ᠨᠤᠳᠤᠭ ᠪᠡᠯᠴᠢᠭᠡᠷ᠎ᠤᠨ ᠦᠮᠴᠢ ᠭᠠᠴᠠᠭ᠋ᠠᠨ᠎ᠳᠤ ᠪᠤᠢ᠃ ᠬᠤᠪᠢ ᠬᠦᠮᠦᠨ ᠵᠦᠪᠭᠡᠨ ᠲᠠᠭ᠋ᠠᠭ᠋ᠠᠴᠢᠯᠠᠵᠤ ᠪᠠᠶ᠋ᠢᠭ᠎ᠠ ᠯᠡ ᠲᠡᠳᠦᠢ᠃ ᠢᠩᠬᠢᠵᠤ ᠬᠠᠤᠯᠢ ᠵᠢᠨ ᠦᠨᠳᠦᠰᠦ ᠪᠠᠷᠢᠮᠳᠠ᠎ᠲᠠᠢ ᠪᠠᠶ᠋ᠢᠵᠤ᠂ ᠬᠠᠤᠯᠢ ᠵᠢᠨ ᠦᠢ᠍ᠯᠡᠳᠦᠯ᠎ᠢ ᠪᠠᠳᠠᠷᠠᠭᠤᠯᠵᠦ᠂ ᠮᠠᠯᠴᠢᠳ ᠪᠠᠰᠠ ᠲᠠᠷᠢᠬᠢ ᠲᠤᠯᠤᠭ᠋ᠠᠢ᠎ᠳᠠᠭᠠᠨ ᠬᠤᠪᠢᠰᠬᠠᠯ ᠭᠠᠷᠭ᠋ᠠᠵᠤ᠂ ᠤᠬᠠᠭ᠋ᠠᠨ ᠰᠠᠨᠠᠭ᠎ᠠ᠂ ᠦᠵᠡᠯᠳᠡ ᠲᠠᠨᠢᠯᠳᠠ ᠵᠢᠨ ᠲᠠᠯ᠎ᠠ᠎ᠪᠠᠷ ᠬᠠᠤᠯᠢ ᠵᠢᠨ ᠤᠬᠠᠮᠰᠠᠷ᠎ᠲᠠᠢ ᠪᠤᠯᠵᠦ᠂ ᠦᠪᠡᠷᠳᠡᠬᠡᠨ ᠵᠠᠰᠠᠬᠤ ᠤᠷᠤᠨ᠎ᠠᠴᠠ ᠲᠤᠭᠳᠠᠭ᠋ᠠᠬᠰᠠᠨ ᠴᠢᠬᠤᠯᠠ ᠰᠢᠢ᠍ᠳᠪᠦᠷᠢ ᠵᠢ ᠦᠨᠡᠨ ᠰᠡᠳᠬᠢᠯ᠎ᠠᠴᠠ᠎ᠪᠠᠨ ᠴᠢᠨᠠᠷᠲᠠᠢ ᠪᠡᠶᠡᠯᠡᠭᠦᠯᠪᠠᠯ ᠵᠤᠬᠢᠨ᠎ᠠ᠃ ᠦᠨᠡᠨ᠎ᠳᠡᠭᠡᠨ ᠡᠨᠡ᠎ᠨᠢ ᠪᠤᠰᠤᠳ᠎ᠲᠤ ᠪᠡᠶᠡᠯᠡᠭᠦᠯᠵᠤ ᠦᠭᠴᠤ ᠪᠠᠶ᠋ᠢᠭ᠎ᠠ ᠶᠠᠪᠤᠳᠠᠯ ᠪᠢᠰᠢ᠂ ᠬᠠᠷᠢᠨ ᠦᠪᠡᠷ᠎ᠤᠨ ᠪᠡᠶ᠎ᠠ᠎ᠳᠡᠭᠡᠨ ᠬᠢᠵᠦ ᠦᠭᠴᠤ ᠪᠠᠶ᠋ᠢᠭ᠎ᠠ ᠶᠤᠮ᠃ ᠡᠭᠦᠨ᠎ᠤ ᠠᠰᠢᠭ᠎ᠢ ᠮᠠᠯᠴᠢᠳ ᠦᠪᠡᠷ ᠵᠶ᠋ᠠᠨ ᠯᠡ ᠬᠦᠷᠳᠡᠨ᠎ᠠ᠃ ᠢᠩᠬᠢᠮᠠᠨᠵᠢᠨ ᠰᠠᠶᠢ ᠪᠦ᠋ ᠰᠢᠶᠤᠤ ᠯᠢᠨ ᠲᠡᠷᠢᠭᠦᠯᠡᠭᠴᠢ ᠵᠢᠨ ᠲᠤᠷᠠᠳᠴᠤ ᠭᠠᠷᠭ᠋ᠠᠬᠰᠠᠨ ᠴᠢᠬᠤᠯᠠ ᠰᠢᠢ᠍ᠳᠪᠦᠷᠢ᠂ ᠡᠭᠦᠷᠭᠡ ᠵᠢ ᠪᠢᠳᠡ ᠰᠠᠶ᠋ᠢᠳᠤᠷ ᠪᠡᠶᠡᠯᠡᠭᠦᠯᠵᠤ ᠴᠢᠳᠠᠨ᠎ᠠ᠃
ᠮᠠᠨ᠎ᠤ ᠤᠷᠤᠨ᠎ᠤ ᠮᠠᠯᠴᠢᠨ ᠲᠦᠮᠡᠨ ᠪᠤᠯ ᠤᠯᠤᠰ᠎ᠲᠠᠭᠠᠨ ᠶᠡᠭᠡ ᠠᠷᠪᠢᠨ ᠬᠤᠪᠢ ᠨᠡᠮᠡᠷᠢ ᠦᠵᠡᠭᠦᠯᠦᠭᠰᠡᠨ ᠠᠷᠠᠳ ᠲᠦᠮᠡᠨ ᠶᠤᠮ᠃ ᠡᠨᠡ᠎ᠨᠢ ᠪᠢᠳᠡᠡ᠎ᠤ ᠡᠭᠦᠷᠭᠡ ᠬᠠᠷᠢᠭᠤᠴᠠᠯᠭ᠎ᠠ ᠮᠦᠷᠳᠡᠭᠡᠨ ᠪᠢᠳᠡᠡ᠎ᠤ ᠬᠤᠪᠢ ᠪᠡᠶ᠎ᠠ᠂ ᠬᠤᠶ᠋ᠢᠴᠢ ᠦᠶ᠎ᠠ᠎ᠳᠤ ᠴᠦᠮ ᠠᠰᠢᠬᠳᠠᠢ ᠪᠠᠶ᠋ᠢᠵᠤ᠂ ᠡᠪᠦᠭᠡ ᠲᠡᠭᠡᠳᠦᠰ᠎ᠤᠨ ᠬᠡᠳᠦᠨ ᠮᠢᠩᠭ᠋ᠠᠨ ᠵᠢᠯ᠎ᠤᠨ ᠲᠤᠷᠰᠢ ᠦᠯᠡᠳᠡᠭᠡᠵᠤ ᠦᠭᠭᠦᠭᠰᠡᠨ ᠪᠤᠶᠠᠨ ᠪᠢᠯᠡ᠃ ᠡᠶ᠋ᠢᠮᠦ᠎ᠠᠴᠠ ᠬᠤᠶ᠋ᠢᠴᠢ ᠦᠶ᠎ᠠ᠎ᠳᠡᠭᠡᠨ ᠬᠤᠬᠢᠷᠠᠯ᠎ᠲᠠᠢ ᠠᠵᠢᠯᠯᠠᠭ᠎ᠠ ᠵᠢ ᠪᠢᠳᠡ ᠬᠢᠵᠤ ᠪᠤᠯᠬᠤ ᠦᠭᠡᠢ᠃ ᠨᠠᠮ ᠵᠠᠰᠠᠭ᠎ᠠᠴᠠ ᠤᠷᠢᠶᠠᠯᠠᠵᠤ ᠪᠠᠶ᠋ᠢᠭ᠎ᠠ ᠲᠤᠤᠷ ᠬᠦᠷᠢᠶ᠎ᠠ᠎ᠠᠴᠠ ᠡᠬᠢᠯᠡᠨ ᠭᠠᠷ ᠤᠷᠤᠶ᠎ᠠ᠃ ᠵᠢᠱ᠌ᠢᠶᠡᠯᠡᠪᠡᠯ᠂ ᠠᠭᠤᠷᠬᠠᠢ ᠵᠡᠷᠭᠡ ᠵᠢ ᠤᠯᠤᠰ᠎ᠠᠴᠠ ᠨᠢᠭᠡᠨᠳᠡ ᠠᠷᠭ᠎ᠠ ᠬᠡᠮᠵᠢᠶ᠎ᠠ ᠠᠪᠴᠤ᠂ ᠨᠠᠮ ᠵᠠᠰᠠᠭ᠎ᠠᠴᠠ ᠬᠢᠳᠡᠭ ᠵᠶ᠋ᠠᠨ ᠬᠢᠵᠤ ᠯᠡ ᠪᠠᠶ᠋ᠢᠨ᠎ᠠ᠂ ᠪᠢᠳᠡ ᠪᠠᠰᠠ ᠦᠪᠡᠷ᠎ᠤᠨ ᠬᠢᠭᠦ᠎ᠪᠠᠨ ᠬᠢᠭᠦ ᠶᠤᠰᠤᠳᠠᠢ᠃ ᠮᠢᠨᠦ ᠦᠵᠡᠭᠦ᠎ᠪᠠᠷ᠂ ᠴᠢᠰᠦ ᠮᠢᠬᠠᠨ᠎ᠤ ᠲᠠᠰᠤᠷᠬᠠᠢ ᠲᠦᠷᠦᠯ ᠰᠠᠳᠤᠨ ᠪᠤᠯᠤᠬᠰᠠᠳ ᠲᠤᠤᠷ ᠵᠶ᠋ᠠᠨ ᠨᠢᠬᠡᠳᠬᠡᠵᠦ ᠪᠤᠯᠤᠨ᠎ᠠ᠂ ᠨᠢᠬᠡᠳᠬᠡᠬᠦ ᠦᠭᠡᠢ ᠴᠤ᠌ ᠬᠡᠰᠡᠨ ᠮᠠᠯ ᠰᠦᠷᠦᠭ ᠵᠶ᠋ᠠᠨ ᠨᠡᠶ᠋ᠢᠯᠡᠭᠦᠯᠵᠤ ᠪᠤᠯᠤᠨ᠎ᠠ᠃ ᠮᠠᠯᠴᠢᠳ᠎ᠤᠨ ᠵᠠᠷᠤᠳᠠᠯ ᠶᠡᠭᠡᠰᠦᠭᠰᠡᠨ ᠪᠠᠶ᠋ᠢᠳᠠᠯ ᠲᠤᠤᠷ᠎ᠠ ᠲᠤᠤᠷ ᠬᠦᠷᠢᠶ᠎ᠠ᠎ᠨᠢ ᠤᠳᠤ ᠬᠤᠨᠢᠴᠢᠨ᠎ᠤ ᠦᠢ᠍ᠯᠡᠳᠦᠯ ᠭᠠᠷᠭ᠋ᠠᠵᠤ ᠪᠤᠢ᠃ ᠲᠡᠭᠡᠪᠡᠯ᠂ ᠲᠦᠷᠦᠯ ᠰᠠᠳᠤᠨ ᠵᠶ᠋ᠠᠷ ᠵᠶ᠋ᠠᠨ ᠰᠦᠷᠦᠭ ᠵᠶ᠋ᠠᠨ ᠨᠡᠶ᠋ᠢᠯᠡᠭᠦᠯᠵᠤ᠂ ᠤᠯᠠᠷᠢᠯ ᠬᠤᠪᠢᠶᠡᠨ ᠪᠡᠯᠴᠢᠭᠡᠷ ᠵᠶ᠋ᠠᠨ ᠠᠰᠢᠬᠯᠠᠵᠦ ᠪᠤᠯᠤᠨ᠎ᠠ᠃ ᠡᠶ᠋ᠢᠨ ᠬᠦ᠌ ᠰᠡᠯᠭᠦᠵᠤ ᠪᠠᠶ᠋ᠢᠭ᠋ᠠᠳ ᠨᠤᠳᠤᠭ ᠪᠡᠯᠴᠢᠬᠡᠷ ᠵᠶ᠋ᠠᠨ ᠰᠡᠷᠭᠦᠭᠡᠭᠦ ᠵᠠᠮ᠎ᠢ ᠡᠯᠭᠦᠪᠡᠯ ᠲᠠᠭ᠋ᠠᠷᠠᠨ᠎ᠠ᠃
ᠪᠦ᠋ ᠰᠢᠶᠤᠤ ᠯᠢᠨ ᠲᠡᠷᠢᠭᠦᠯᠡᠭᠴᠢ ᠵᠢᠨ ᠢᠯᠡᠳᠭᠡᠯ᠎ᠳᠠᠬᠢ ᠡᠨᠡ ᠬᠦ᠌ ᠰᠢᠢ᠍ᠳᠪᠦᠷᠢ ᠵᠢ ᠪᠢᠳᠡ ᠵᠢᠩᠬᠢᠨᠢ ᠭᠠᠵᠠᠷ ᠲᠡᠭᠡᠷ᠎ᠠ᠎ᠨᠢ ᠤᠴᠢᠵᠤ ᠪᠡᠶᠡᠯᠡᠭᠦᠯᠬᠦ ᠴᠢᠬᠤᠯᠠᠳᠠᠢ᠃ ᠡᠬᠦᠨ᠎ᠢ ᠶᠡᠭᠡ᠎ᠪᠠᠷ ᠬᠡᠯᠡᠪᠡᠯ᠂ ᠤᠯᠤᠰ᠎ᠤᠨ ᠵᠶ᠋ᠠᠨ ᠠᠮᠢ ᠠᠬᠤᠢ ᠵᠢᠨ ᠬᠠᠯᠬᠠᠪᠴᠢ ᠵᠢ ᠪᠠᠬᠢᠵᠢᠬᠦᠯᠦᠨ᠎ᠠ᠃ ᠪᠠᠭ᠎ᠠ ᠬᠡᠪᠴᠢᠶ᠎ᠠ᠎ᠪᠠᠷ ᠬᠡᠯᠡᠪᠡᠯ᠂ ᠮᠠᠯᠴᠢᠨ ᠲᠦᠮᠡᠨ᠎ᠤ ᠠᠮᠢᠳᠤᠷᠠᠯ ᠵᠶ᠋ᠠᠨ ᠰᠠᠶ᠋ᠢᠵᠢᠷᠠᠭᠤᠯᠵᠤ ᠬᠤᠶ᠋ᠢᠴᠢ ᠦᠶ᠎ᠠ᠎ᠳᠡᠭᠡᠨ ᠤᠷᠤᠰᠢᠨ ᠲᠤᠬᠳᠠᠨᠢᠬᠤ ᠨᠦᠬᠦᠴᠡᠯ᠎ᠢ᠎ᠨᠢ ᠪᠦᠷᠢᠨ ᠪᠦᠲᠦᠨ ᠵᠶ᠋ᠠᠷ᠎ᠨᠢ ᠪᠠᠶ᠋ᠢᠯᠭ᠋ᠠᠬᠤ ᠠᠭᠤᠤ ᠶᠡᠭᠡ ᠦᠢ᠍ᠯᠡᠰ᠎ᠢ ᠪᠦᠳᠦᠭᠡᠭᠦ᠎ᠳᠤ ᠪᠢᠳᠡ ᠬᠠᠮᠳᠤ᠎ᠪᠠᠷ ᠵᠶ᠋ᠠᠨ ᠴᠢᠷᠮᠠᠶ᠋ᠢᠵᠤ ᠬᠠᠮᠳᠤ᠎ᠪᠠᠷ ᠵᠶ᠋ᠠᠨ ᠭᠠᠪᠢᠶ᠎ᠠ ᠵᠢᠳᠭᠦᠯ ᠦᠢ᠍ᠯᠡᠳᠦᠯ ᠵᠶ᠋ᠠᠨ ᠪᠠᠳᠠᠷᠠᠭᠤᠯᠪᠠᠯ ᠵᠤᠬᠢᠨ᠎ᠠ᠃

ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢ᠂ ᠵᠡᠭᠦᠨ ᠦᠵᠦᠮᠦᠴᠢᠨ ᠬᠤᠰᠢᠭᠤᠨ᠎ᠤ ᠡᠵᠢᠨᠠᠭᠤᠷ ᠪᠠᠯᠭ᠋ᠠᠰᠤᠨ᠎ᠤ ᠬᠠᠷᠠᠭᠤᠪᠢ ᠭᠠᠴᠠᠭ᠋ᠠᠨ᠎ᠤ ᠮᠠᠯᠴᠢᠨ ᠬᠤᠪᠢᠰᠬᠠᠯᠳᠤ᠄
ᠮᠠᠯᠵᠢᠬᠤ ᠤᠷᠤᠨ᠎ᠤ ᠲᠤᠤᠷ ᠬᠦᠷᠢᠶ᠎ᠠ ᠪᠤᠯ ᠨᠤᠳᠤᠭ ᠪᠡᠯᠴᠢᠭᠡᠷ᠎ᠤᠨ ᠲᠠᠭ᠋ᠠᠭ᠋ᠠᠴᠢᠯᠠᠯᠳᠠ ᠵᠢ ᠬᠡᠷᠡᠭᠵᠢᠬᠦᠯᠦᠭᠰᠡᠨ᠎ᠠᠴᠠ ᠲᠠᠷᠠᠭ᠋ᠠᠬᠢ ᠭᠡᠴᠢᠨᠡᠨ ᠵᠢᠯ ᠰᠠᠭᠤᠷᠢ ᠪᠦᠳᠦᠭᠡᠨ ᠪᠠᠶ᠋ᠢᠭᠤᠯᠤᠯᠳᠠ ᠵᠢ ᠬᠢᠵᠤ ᠢᠷᠡᠭᠰᠡᠨ᠎ᠤ ᠦᠷ᠎ᠠ ᠳ᠋ᠦᠩ ᠶᠤᠮ᠃ ᠦᠨᠤᠳᠤᠷ᠎ᠤᠨ ᠵᠠᠬ᠎ᠠ ᠲᠡᠯᠭᠡᠭᠦᠷ᠎ᠤᠨ ᠠᠵᠤ ᠠᠬᠤᠢ ᠵᠢᠨ ᠨᠦᠬᠦᠴᠡᠯ ᠲᠤᠤᠷ᠎ᠠ᠂ ᠬᠠᠩᠭ᠋ᠠᠯᠭ᠎ᠠ ᠵᠢᠨ ᠰᠠᠭᠤᠷᠢᠨ᠎ᠢ ᠬᠠᠮᠠᠭ᠋ᠠᠯᠠᠬᠤ᠂ ᠨᠤᠳᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠬᠤ ᠲᠠᠯ᠎ᠠ᠎ᠠᠴᠠ ᠲᠤᠷᠠᠳᠤᠬᠰᠠᠨ ᠡᠨᠡ ᠬᠦ᠌ ᠲᠤᠷᠠᠳᠤᠯᠭ᠎ᠠ ᠮᠠᠰᠢ ᠵᠦᠪ ᠪᠠᠶ᠋ᠢᠨ᠎ᠠ ᠬᠡᠵᠤ ᠪᠢ ᠦᠵᠡᠵᠤ ᠪᠠᠶ᠋ᠢᠨ᠎ᠠ᠃ ᠲᠠᠯ᠎ᠠ ᠨᠤᠳᠤᠭ᠎ᠲᠤ ᠶᠡᠭᠡ᠎ᠪᠠᠷ ᠲᠤᠤᠷ ᠬᠦᠷᠢᠶ᠎ᠠ ᠲᠠᠳᠠᠵᠤ᠂ ᠶᠡᠭᠡ᠎ᠪᠠᠷ ᠬᠡᠰᠡᠭᠯᠡᠭᠡᠳ ᠵᠠᠮ ᠨᠡᠪᠳᠡᠷᠡᠯᠭᠡ ᠵᠢ ᠲᠦᠭᠦᠮ ᠦᠭᠡᠢ ᠪᠤᠯᠭ᠋ᠠᠬᠤ ᠵᠡᠷᠭᠡ ᠡᠶ᠋ᠢᠮᠦᠷᠬᠦ ᠪᠠᠶ᠋ᠢᠳᠠᠯ᠎ᠳᠤ ᠪᠤᠳᠠᠳᠠᠢ᠎ᠠᠴᠠ ᠡᠭᠦᠰᠦᠭᠰᠡᠨ ᠠᠷᠭ᠎ᠠ ᠠᠪᠴᠠᠯ ᠲᠤᠬᠳᠠᠭ᠋ᠠᠨ᠂ ᠡᠭᠦᠨ᠎ᠳᠤ ᠬᠠᠨᠳᠤᠬᠰᠠᠨ ᠵᠦᠢ ᠵᠤᠬᠢᠰᠳᠠᠢ ᠠᠷᠭ᠎ᠠ ᠠᠪᠴᠠᠯᠤᠳᠢ ᠠᠪᠴᠤ ᠪᠤᠯᠤᠨ᠎ᠠ᠃
ᠬᠡᠭᠦ᠎ᠳᠡᠭᠡᠨ ᠮᠠᠯᠵᠢᠬᠤ ᠤᠷᠤᠨ᠎ᠤ ᠤᠳᠤᠬᠠᠨ᠎ᠤ ᠪᠠᠶ᠋ᠢᠳᠠᠯ᠎ᠠᠴᠠ ᠦᠵᠡᠪᠡᠯ ᠶᠠᠷᠢᠶᠠᠨ ᠦᠭᠡᠢ ᠬᠤᠶᠠᠷ ᠲᠠᠯ᠎ᠠ ᠵᠢᠨ ᠪᠠᠶ᠋ᠢᠳᠠᠯ ᠤᠷᠤᠰᠢᠵᠦ ᠪᠠᠶ᠋ᠢᠨ᠎ᠠ᠃ ᠨᠢᠭᠡ᠎ᠨᠢ᠂ ᠨᠤᠳᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠬᠤ᠂ ᠪᠤᠬᠢᠷᠳᠦᠯ ᠦᠭᠡᠢ ᠮᠠᠯ᠎ᠤᠨ ᠠᠰᠢᠬ ᠰᠢᠮ᠎ᠠ ᠵᠢᠨ ᠬᠠᠩᠭ᠋ᠠᠯᠭ᠎ᠠ ᠵᠢᠨ ᠰᠠᠭᠤᠷᠢᠨ᠎ᠢ ᠶᠠᠭ᠋ᠠᠬᠢᠵᠤ ᠬᠠᠮᠠᠭ᠋ᠠᠯᠠᠵᠤ᠂ ᠤᠳᠤᠬᠠᠨ᠎ᠳᠤ ᠮᠠᠯ᠎ᠤᠨ ᠠᠰᠢᠭ ᠰᠢᠮ᠎ᠠ ᠦᠨᠠᠳᠤ ᠤᠷᠤᠵᠤ ᠪᠠᠶ᠋ᠢᠭ᠎ᠠ ᠪᠠᠶ᠋ᠢᠳᠠᠯ᠎ᠳᠤ ᠪᠤᠬᠢᠷᠳᠦᠯ ᠦᠭᠡᠢ ᠮᠠᠯ᠎ᠤᠨ ᠠᠰᠢᠬ ᠰᠢᠮ᠎ᠠ ᠵᠢᠨ ᠰᠠᠭᠤᠷᠢᠨ ᠬᠡᠳᠡᠭ ᠨᠤᠳᠤᠭ ᠪᠡᠯᠴᠢᠭᠡᠷ᠎ᠤᠨ ᠵᠶ᠋ᠠᠨ ᠴᠡᠪᠡᠷ ᠴᠡᠮᠴᠡᠭᠡᠷᠢ ᠬᠠᠮᠠᠭ᠋ᠠᠯᠠᠬᠤ ᠲᠠᠯ᠎ᠠ᠎ᠳᠤ ᠡᠨᠡ ᠪᠤᠳᠤᠯᠭ᠎ᠠ ᠪᠤᠯ ᠶᠡᠭᠡ ᠵᠦᠪ ᠬᠡᠵᠤ ᠦᠵᠡᠨ᠎ᠡ᠃ ᠨᠦᠬᠦᠭᠡ ᠨᠢᠭᠡ ᠲᠠᠯ᠎ᠠ᠎ᠠᠴᠠ ᠦᠵᠡᠪᠡᠯ᠂ ᠨᠤᠳᠤᠭ ᠪᠡᠯᠴᠢᠭᠡᠷ᠎ᠢ ᠡᠷᠦᠬᠡ᠎ᠳᠤ ᠲᠠᠭ᠋ᠠᠭ᠋ᠠᠴᠢᠯᠠᠭᠤᠯᠤᠬᠰᠠᠨᠠᠴᠠ ᠲᠠᠷᠠᠭ᠋ᠠᠬᠢ ᠭᠤᠴᠢᠭ᠋ᠠᠳ ᠵᠢᠯ᠎ᠤᠨ ᠲᠤᠷᠰᠢ᠂ ᠮᠠᠯᠴᠢᠳ ᠲᠠᠰᠤᠷᠠᠯᠳᠠ ᠦᠭᠡᠢ ᠰᠠᠭᠤᠷᠢ ᠪᠦᠳᠦᠭᠡᠨ ᠪᠠᠶ᠋ᠢᠭᠤᠯᠤᠯᠳᠠ ᠬᠢᠵᠤ ᠲᠡᠭᠦᠯᠳᠡᠷᠵᠢᠭᠦᠯᠦᠭᠰᠡᠭᠡᠷ ᠢᠷᠡᠭᠰᠡᠨ᠃ ᠤᠳᠤᠬᠠᠨ᠎ᠳᠤ᠂ ᠮᠠᠯᠴᠢᠳ ᠨᠤᠳᠤᠭ ᠪᠡᠯᠴᠢᠭᠡᠷ᠎ᠢ ᠲᠠᠭ᠋ᠠᠭ᠋ᠠᠴᠢᠯᠠᠬᠰᠠᠨ᠎ᠠᠴᠠ ᠨᠠᠭ᠋ᠠᠰᠢ ᠬᠡᠷ ᠪᠦᠯᠢ ᠵᠢᠨ ᠡᠵᠡᠩᠨᠡᠯᠳᠡ᠎ᠪᠠᠷ ᠲᠠᠮᠵᠢᠵᠦ᠂ ᠰᠠᠭᠤᠷᠢ ᠪᠦᠳᠦᠭᠡᠨ ᠪᠠᠶ᠋ᠢᠭᠤᠯᠤᠯᠳᠠ᠎ᠨᠢ ᠪᠦᠷ ᠵᠤᠬᠢᠬᠤ ᠬᠡᠪᠴᠢᠶᠡᠨ᠎ᠳᠤ ᠬᠦᠷᠴᠢᠭᠡᠭᠰᠡᠨ᠃ ᠡᠭᠦᠨ᠎ᠳᠡᠭᠡᠨ ᠲᠠᠰᠤᠬᠰᠠᠨ ᠪᠤᠶᠤ ᠡᠭᠦᠨ᠎ᠳᠡᠭᠡᠨ ᠡᠵᠡᠩᠨᠡᠯᠳᠡ ᠵᠢᠨ ᠲᠦᠷᠦᠯ ᠵᠦᠢ᠍ᠯ᠎ᠤᠳ᠎ᠢ ᠤᠷᠤᠭᠤᠯᠤᠭ᠋ᠠᠳ ᠪᠠᠰᠠ ᠨᠡᠯᠢᠶᠡᠳ ᠪᠡᠯᠡ ᠤᠷᠤᠭᠤᠯᠴᠢᠬᠠᠬᠰᠠᠨ᠃ ᠡᠵᠡᠩᠨᠡᠯᠳᠡ ᠵᠢᠨ ᠵᠶ᠋ᠠᠨ ᠲᠠᠯ᠎ᠠ᠎ᠳᠤ ᠲᠦᠭᠦᠮ ᠦᠭᠡᠢ ᠪᠤᠯᠭ᠋ᠠᠬᠰᠠᠨ ᠵᠠᠷᠢᠮ ᠤᠷᠴᠢᠨ ᠲᠤᠭᠤᠷᠢᠨ᠎ᠤ ᠪᠠᠶ᠋ᠢᠳᠠᠯ᠎ᠳᠤ ᠵᠤᠬᠢᠴᠠᠭᠤᠯᠵᠤ᠂ ᠠᠮᠢᠳᠤᠯᠢᠭ ᠵᠶ᠋ᠠᠷ ᠠᠰᠢᠬᠯᠠᠬᠤ ᠬᠡᠷᠡᠭᠳᠡᠢ᠃ ᠬᠠᠷᠢᠨ ᠵᠠᠪᠠᠯ ᠲᠤᠤᠷᠯᠠᠵᠤ᠂ ᠭᠠᠴᠠᠭ᠎ᠠ ᠲᠤᠰᠬᠤᠨ᠎ᠤ᠎ᠪᠠᠨ ᠵᠠᠮ ᠨᠡᠪᠳᠡᠷᠡᠯᠭᠡ ᠵᠢ ᠲᠦᠭᠦᠮ ᠦᠭᠡᠢ ᠪᠤᠯᠭ᠋ᠠᠬᠤ ᠪᠤᠶᠤ ᠠᠶ᠋ᠢᠯ ᠲᠤᠰᠬᠤᠨ ᠬᠠᠷᠢᠯᠴᠠᠨ ᠶᠠᠪᠤᠯᠴᠠᠬᠤ᠎ᠳᠤ ᠲᠦᠭᠦᠮ ᠦᠭᠡᠢ ᠪᠤᠯᠬᠤ᠂ ᠨᠠᠭ᠋ᠠᠳᠤ ᠵᠠᠬ᠎ᠠ᠎ᠳᠠᠭᠠᠨ ᠮᠠᠯ᠎ᠤᠨ ᠠᠰᠢᠭ ᠰᠢᠮ᠎ᠠ ᠠᠪᠬᠤ᠎ᠪᠠᠷ ᠢᠷᠡᠳᠡᠭ ᠬᠦᠮᠦᠰ᠎ᠲᠤ ᠠᠪᠴᠤ ᠬᠡᠯᠡᠪᠡᠯ᠂ ᠵᠠᠬ᠎ᠠ ᠲᠡᠯᠭᠡᠭᠦᠷ᠎ᠲᠠᠢ ᠵᠤᠯᠭ᠋ᠠᠬᠤ ᠵᠠᠮ ᠱᠤᠭᠤᠮ᠎ᠤᠨ ᠲᠠᠯ᠎ᠠ᠎ᠳᠤ ᠴᠤ᠌ ᠦᠪᠡᠷ᠎ᠤᠨ ᠤᠷᠤᠨ ᠨᠤᠳᠤᠭ᠎ᠤᠨ ᠵᠶ᠋ᠠᠨ ᠪᠠᠶ᠋ᠢᠳᠠᠯ᠎ᠳᠤ ᠵᠤᠬᠢᠴᠠᠭᠤᠯᠵᠤ᠂ ᠦᠪᠡᠷ᠎ᠤᠨ ᠵᠶ᠋ᠠᠨ ᠦᠢ᠍ᠯᠡᠳᠪᠦᠷᠢᠯᠡᠯ᠎ᠳᠡᠭᠡᠨ ᠵᠤᠬᠢᠴᠠᠭᠤᠯᠬᠤ ᠬᠡᠯᠪᠡᠷᠢ᠎ᠪᠠᠷ ᠪᠦᠳᠦᠭᠡᠨ ᠪᠠᠶ᠋ᠢᠭᠤᠯᠤᠯᠳᠠ ᠬᠢᠪᠠᠯ ᠵᠤᠬᠢᠰᠳᠠᠢ ᠬᠡᠵᠤ ᠦᠵᠡᠵᠤ ᠪᠠᠶ᠋ᠢᠨ᠎ᠠ᠃

ᠠᠷᠤ ᠬᠤᠷᠴᠢᠨ ᠬᠤᠰᠢᠭᠤᠨ᠎ᠤ ᠰᠠᠶ᠋ᠢᠬᠠᠨᠳᠠᠯᠠ ᠰᠤᠮᠤ ᠵᠢᠨ ᠮᠠᠯᠴᠢᠨ ᠪᠤᠶᠬᠠᠦ᠋ᠯᠵᠡᠢ᠄
ᠮᠠᠨ᠎ᠤ ᠤᠷᠤᠨ 1997 ᠤᠨ᠎ᠠᠴᠠ ᠡᠬᠢᠯᠡᠵᠤ ᠨᠤᠳᠤᠭ ᠪᠡᠯᠴᠢᠭᠡᠷ᠎ᠢ ᠬᠤᠶᠠᠳᠠᠬᠢ ᠤᠳᠠᠭ᠎ᠠ ᠲᠠᠭ᠋ᠠᠭ᠋ᠠᠴᠢᠯᠠᠭᠤᠯᠤᠬᠰᠠᠨᠤ ᠲᠠᠷᠠᠭ᠎ᠠ᠂ 2000 ᠤᠨ᠎ᠠᠴᠠ ᠡᠬᠢᠯᠡᠵᠤ ᠮᠠᠯᠴᠢᠳ ᠲᠤᠤᠷ ᠲᠠᠳᠠᠬᠰᠠᠨ ᠪᠠᠶ᠋ᠢᠳᠠᠯ᠎ᠲᠠᠢ᠃ ᠲᠤᠬᠠᠢ ᠵᠢᠨ ᠦᠶ᠎ᠠ᠎ᠳᠤ ᠨᠤᠳᠤᠭ ᠪᠡᠯᠴᠢᠭᠡᠷ᠎ᠢ ᠬᠤᠪᠢ ᠡᠷᠦᠬᠡ᠎ᠳᠤ ᠬᠤᠪᠢᠶᠠᠬᠰᠠᠨ ᠪᠤᠯᠬᠤᠷ ᠮᠠᠯᠴᠢᠳ ᠦᠪᠡᠷ᠎ᠤᠨ ᠨᠤᠳᠤᠬ ᠪᠡᠯᠴᠢᠭᠡᠷᠲᠡᠭᠡᠨ ᠪᠤᠰᠤᠳ᠎ᠤᠨ ᠮᠠᠯ᠎ᠢ ᠶᠠᠪᠤᠭᠤᠯᠬᠤ ᠦᠭᠡᠢ ᠡᠨᠡ ᠬᠦ᠌ ᠵᠤᠷᠢᠯᠭ᠎ᠠ᠎ᠪᠠᠷ ᠲᠤᠤᠷ ᠲᠠᠳᠠᠬᠰᠠᠨ᠎ᠠᠴᠠ ᠪᠢᠰᠢ ᠠᠮᠢ ᠠᠬᠤᠢ ᠵᠢ ᠬᠠᠮᠠᠭ᠋ᠠᠯᠠᠬᠤ ᠡᠭᠦᠳᠡᠨ᠎ᠠᠴᠠ ᠲᠠᠳᠠᠬᠰᠠᠨ ᠪᠢᠰᠢ᠃ ᠴᠦᠭᠡᠪᠦᠷᠢ ᠮᠠᠯ᠎ᠲᠠᠢ ᠠᠶ᠋ᠢᠯ᠎ᠨᠢ ᠦᠪᠡᠷ᠎ᠤᠨ ᠪᠡᠯᠴᠢᠭᠡᠷᠲᠡᠭᠡᠨ ᠮᠠᠯ ᠤᠯᠠᠨ᠎ᠲᠠᠢ ᠠᠶ᠋ᠢᠯ᠎ᠤᠨ ᠮᠠᠯ᠎ᠢ ᠪᠡᠯᠴᠢᠬᠡᠷᠯᠡᠬᠦᠯᠬᠦ ᠦᠭᠡᠢ ᠵᠢᠨ ᠲᠦᠯᠦᠬᠡ ᠲᠤᠤᠷ ᠲᠠᠳᠠᠵᠠᠢ᠃
ᠨᠤᠳᠤᠭ ᠪᠡᠯᠴᠢᠭᠡᠷ᠎ᠢ ᠬᠤᠪᠢᠶᠠᠬᠤ᠎ᠠᠴᠠ ᠡᠮᠦᠨ᠎ᠠ᠂ ᠲᠤᠤᠷ ᠲᠠᠳᠠᠬᠤ᠎ᠠᠴᠠ ᠡᠮᠦᠨ᠎ᠡ ᠨᠤᠳᠤᠭ ᠪᠡᠯᠴᠢᠭᠡᠷ ᠶᠡᠭᠡ ᠰᠠᠶ᠋ᠢᠬᠠᠨ ᠠᠭᠤᠳᠠᠮ ᠪᠠᠶ᠋ᠢᠬᠰᠠᠨ᠃ ᠮᠠᠨ᠎ᠤ ᠭᠠᠴᠠᠭ᠎ᠠ᠎ᠪᠠᠷ ᠠᠪᠴᠤ ᠬᠡᠯᠡᠪᠡᠯ᠂ 10 ᠲᠦᠮᠡᠨ ᠮᠦ᠍ ᠨᠤᠳᠤᠭ ᠪᠡᠯᠴᠢᠭᠡᠷ᠎ᠲᠠᠢ᠃ ᠡᠨᠡ ᠲᠤᠳᠤᠷ᠎ᠠ᠎ᠪᠠᠨ ᠠᠭᠤᠯᠠ᠂ ᠲᠠᠯ᠎ᠠ᠂ ᠮᠠᠩᠬ᠎ᠠ᠂ ᠵᠤᠪᠠᠷ ᠮᠠᠯ ᠴᠢᠯᠦᠬᠡᠳᠡᠢ ᠪᠡᠯᠴᠢᠳᠡᠭ ᠪᠠᠶ᠋ᠢᠬᠰᠠᠨ᠂ ᠮᠠᠯ᠎ᠤᠨ ᠲᠤᠭ᠎ᠠ ᠲᠤᠯᠤᠭ᠋ᠠᠢ ᠴᠤ᠌ ᠤᠳᠤ ᠵᠢᠨ᠎ᠬᠢ᠎ᠠᠴᠠ ᠤᠯᠠᠨ ᠪᠠᠶ᠋ᠢᠬᠰᠠᠨ᠎ᠠᠴᠠ ᠪᠢᠰᠢ ᠲᠤᠳᠠᠭᠤ ᠪᠠᠶ᠋ᠢᠬᠰᠠᠨ ᠦᠭᠡᠢ᠃ ᠬᠡᠪᠡᠴᠤ 2000 ᠤᠨ᠎ᠠᠴᠠ ᠡᠬᠢᠯᠡᠵᠦ ᠲᠤᠤᠷ ᠲᠠᠳᠠᠬᠰᠠᠨ᠎ᠠᠴᠠ ᠪᠠᠶ᠋ᠢᠭ᠋ᠠᠯᠢ ᠠᠮᠢ ᠠᠬᠤᠢ ᠮᠠᠭᠤᠳᠠᠵᠤ᠂ ᠡᠪᠡᠰᠦᠨ᠎ᠤ ᠲᠦᠷᠦᠯ ᠴᠦᠬᠡᠷᠡᠵᠦ᠂ ᠪᠡᠯᠴᠢᠬᠡᠷ ᠨᠢᠮᠬᠡᠷᠡᠭᠰᠡᠨ᠃ ᠶᠠᠭ᠋ᠠᠬᠢᠭ᠋ᠠᠳ ᠪᠤᠢ ᠬᠡᠪᠡᠯ᠂ ᠮᠠᠯ ᠬᠦᠯ ᠵᠶ᠋ᠠᠷ ᠵᠶ᠋ᠠᠨ ᠪᠤᠶᠤ ᠪᠠᠭ᠋ᠠᠰᠦ᠎ᠪᠠᠷ ᠵᠶ᠋ᠠᠨ ᠡᠪᠡᠰᠦᠨ᠎ᠤ ᠦᠷ᠎ᠡ ᠵᠢ ᠲᠠᠮᠵᠢᠭᠤᠯᠳᠠᠬ᠃ ᠲᠤᠤᠷ ᠲᠠᠳᠠᠬᠰᠠᠨ᠎ᠠᠴᠠ ᠮᠠᠯ ᠤᠨᠤᠭ᠎ᠠ ᠲᠡᠷᠡ ᠬᠡᠰᠡᠭ ᠭᠠᠵᠠᠷ᠎ᠲᠠᠭᠠᠨ ᠯᠡ ᠢᠳᠡᠰᠢᠯᠡᠬᠦ᠎ᠠᠴᠠ ᠪᠢᠰᠢ ᠦᠭᠡᠷ᠎ᠡ ᠭᠠᠵᠠᠷ ᠬᠦᠷᠴᠤ ᠲᠡᠶ᠋ᠢᠯᠭᠦ ᠦᠭᠡᠢ᠂ ᠡᠶ᠋ᠢᠮᠦ᠎ᠠᠴᠠ ᠨᠤᠳᠤᠭ ᠪᠡᠯᠴᠢᠭᠡᠷ᠎ᠤᠨ ᠤᠷᠭᠤᠮᠠᠯ᠎ᠤᠨ ᠲᠦᠷᠦᠯ ᠵᠦᠢ᠍ᠯ ᠴᠤ᠌ ᠤᠯᠠᠮ ᠵᠶ᠋ᠠᠷ ᠪᠠᠭ᠋ᠠᠰᠴᠠᠢ᠃ ᠲᠠᠬᠢᠭ᠋ᠠᠳ ᠬᠡᠯᠡᠪᠡᠯ᠂ ᠬᠤᠶᠠᠷ ᠲᠤᠤᠷ᠎ᠤᠨ ᠬᠤᠭᠤᠷᠤᠨᠳᠤ ᠮᠠᠯ ᠵᠶ᠋ᠠᠨ ᠬᠦᠭᠡᠭᠡᠭᠡᠳ ᠶᠠᠪᠤᠬᠰᠠᠭ᠋ᠠᠷ ᠴᠤᠪᠤᠭ᠎ᠠ ᠭᠠᠷᠴᠢᠬᠠᠳᠠᠭ᠂ ᠡᠨᠡ᠎ᠨᠢ ᠪᠤᠷᠤᠭ᠋ᠠᠨ ᠬᠤᠷ᠎ᠠ ᠤᠷᠤᠬᠤ᠎ᠪᠠᠷ ᠬᠦᠨ ᠭᠤᠤ ᠭᠠᠷᠤᠭ᠋ᠠᠳ ᠶᠠᠪᠤᠵᠤ ᠰᠠᠭᠤᠬᠤ᠎ᠳᠤ ᠶᠡᠭᠡ ᠲᠦᠭᠦᠮ ᠦᠭᠡᠢ ᠪᠤᠯᠤᠬᠰᠠᠨ ᠵᠡᠷᠭᠡ ᠦᠵᠡᠭᠳᠡᠯ ᠵᠦᠩᠳᠡᠭᠡᠨ ᠭᠠᠷᠴᠡᠢ᠃