ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠠᠵᠤ ᠠᠬᠤᠶ ᠵᠢᠨ ᠤᠢ ᠵᠢᠨ ᠪᠦᠲᠦᠭᠡᠭᠳᠡᠬᠦᠨ᠎ᠤ ᠬᠦᠷᠢᠶᠡᠨ᠎ᠳᠠᠬᠢ ᠪᠠᠷᠢᠮᠵᠢᠶ᠎ᠠ ᠵᠢᠨ ᠰᠢᠰᠲ᠋ᠧᠮ》᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2021-08-24

     8 ᠰᠠᠷ᠎ᠠ ᠵᠢᠨ 18᠎ᠤ ᠡᠳᠦᠷ᠂ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ᠂ ᠤᠢ ᠰᠢᠭᠤᠶ ᠪᠠ ᠨᠤᠲᠤᠭ ᠪᠡᠯᠴᠢᠭᠡᠷ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠵᠤᠷᠭ᠋ᠠᠨ᠎ᠤ ᠨᠠᠶ᠋ᠢᠷᠠᠭᠤᠯᠤᠨ ᠵᠣᠬᠢᠶᠠᠭᠰᠠᠨ 《ᠠᠵᠤ ᠠᠬᠤᠶ ᠵᠢᠨ ᠤᠢ ᠵᠢᠨ ᠪᠦᠲᠦᠭᠡᠭᠳᠡᠬᠦᠨ᠎ᠤ ᠬᠦᠷᠢᠶᠡᠨ᠎ᠳᠠᠬᠢ ᠪᠠᠷᠢᠮᠵᠢᠶ᠎ᠠ ᠵᠢᠨ ᠰᠢᠰᠲ᠋ᠧᠮ》᠎ᠢ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠪᠠ᠂ ᠡᠨᠡ᠎ᠨᠢ ᠠᠵᠤ ᠠᠬᠤᠶ ᠵᠢᠨ ᠤᠢ ᠵᠢᠨ ᠪᠦᠲᠦᠭᠡᠭᠳᠡᠬᠦᠨ᠎ᠤ ᠬᠦᠷᠢᠶᠡᠨ᠎ᠳᠠᠬᠢ ᠪᠠᠷᠢᠮᠵᠢᠶᠠᠵᠢᠭᠤᠯᠤᠯᠲᠠ ᠵᠢᠨ ᠠᠵᠢᠯ ᠰᠢᠨᠵᠢᠯᠡᠬᠦ ᠤᠬᠠᠭ᠋ᠠᠨᠴᠢᠯᠠᠭᠰᠠᠨ᠂   ᠰᠢᠰᠲᠸᠮᠵᠢᠭᠰᠡᠨ᠂ ᠵᠢᠷᠤᠮᠵᠢᠭᠰᠠᠨ ᠰᠢᠨ᠎ᠡ ᠱᠠᠲᠤᠨ᠎ᠳᠤ ᠤᠷᠤᠭᠰᠠᠨ᠎ᠢ ᠬᠠᠷᠠᠭᠤᠯᠵᠤ ᠪᠠᠶ᠋ᠢᠨ᠎ᠠ᠃
     《ᠠᠵᠤ ᠠᠬᠤᠶ ᠵᠢᠨ ᠤᠢ ᠵᠢᠨ ᠪᠦᠲᠦᠭᠡᠭᠳᠡᠬᠦᠨ᠎ᠤ ᠬᠦᠷᠢᠶᠡᠨ᠎ᠳᠠᠬᠢ ᠪᠠᠷᠢᠮᠵᠢᠶ᠎ᠠ ᠵᠢᠨ ᠰᠢᠰᠲ᠋ᠧᠮ》᠎ᠳᠤ ᠰᠠᠭᠤᠷᠢ ᠴᠢᠨᠠᠷᠳᠠᠢ ᠬᠡᠷᠡᠭᠯᠡᠯᠲᠡ᠂ ᠬᠠᠮᠢᠶᠠᠷᠤᠯᠲᠠ ᠵᠢᠨ ᠦᠢ᠍ᠯᠡᠴᠢᠯᠡᠭᠡ᠂   ᠬᠠᠲᠠᠭ᠋ᠠᠮᠠᠯ ᠵᠢᠮᠢᠰ᠎ᠤᠨ ᠤᠢ ᠵᠢᠴᠢ ᠦᠢ᠍ᠯᠡᠳᠬᠦᠨ᠂ ᠰᠢᠨ᠎ᠡ ᠰᠣᠷᠭᠣᠭ ᠵᠢᠮᠢᠰ᠎ᠤᠨ ᠤᠢ ᠵᠢᠴᠢ ᠦᠢ᠍ᠯᠡᠳᠬᠦᠨ᠂ ᠲᠤᠰᠤᠨ᠎ᠤ ᠭᠠᠷᠤᠯᠳᠠ᠎ᠤᠨ ᠤᠢ ᠵᠢᠴᠢ ᠦᠢ᠍ᠯᠡᠳᠬᠦᠨ᠂ ᠠᠮᠲᠠ ᠤᠷᠤᠭᠤᠯᠤᠭᠴᠢ ᠡᠳ᠋᠎ᠤᠨ ᠤᠢ ᠵᠢᠴᠢ ᠦᠢ᠍ᠯᠡᠳᠬᠦᠨ᠂ ᠠᠵᠤ ᠦᠢ᠍ᠯᠡᠳᠪᠦᠷᠢ ᠵᠢᠨ ᠲᠦᠭᠦᠬᠡᠶ ᠮᠠᠲ᠋ᠧᠷᠢᠶᠠᠯ᠎ᠤᠨ ᠤᠢ ᠵᠢᠴᠢ ᠦᠢ᠍ᠯᠡᠳᠬᠦᠨ᠂ ᠡᠮ᠎ᠤᠨ ᠮᠠᠲ᠋ᠧᠷᠢᠶᠠᠯ᠎ᠤᠨ ᠤᠢ ᠵᠢᠴᠢ ᠦᠢ᠍ᠯᠡᠳᠬᠦᠨ ᠵᠡᠷᠭᠡ ᠶᠢᠰᠦᠨ ᠶᠡᠬᠡ ᠲᠦᠷᠦᠯ᠎ᠤᠨ ᠠᠭᠤᠯᠭ᠎ᠠ ᠪᠠᠭᠲᠠᠨ᠎ᠠ᠃
      ᠡᠭᠦᠨ᠎ᠳᠤ᠂ ᠰᠠᠭᠤᠷᠢ ᠴᠢᠨᠠᠷᠳᠠᠢ ᠬᠡᠷᠡᠭᠯᠡᠯᠳᠡ ᠪᠠ ᠬᠠᠮᠢᠶᠠᠷᠤᠯᠳᠠ ᠵᠢᠨ ᠦᠢ᠍ᠯᠡᠴᠢᠯᠡᠭᠡᠨ᠎ᠤ ᠲᠥᠷᠥᠯ᠎ᠤᠨ ᠪᠠᠷᠢᠮᠵᠢᠶ᠎ᠠ᠎ᠨᠢ ᠠᠵᠤ ᠠᠬᠤᠶ ᠵᠢᠨ ᠣᠶ ᠵᠢᠨ ᠪᠦᠲᠦᠭᠡᠭᠳᠡᠬᠦᠨ ᠪᠠ ᠠᠵᠤ ᠦᠢ᠍ᠯᠡᠰ᠎ᠤᠨ ᠬᠥᠭᠵᠢᠯᠲᠡ᠎ᠳᠤ ᠮᠡᠷᠭᠡᠵᠢᠯ᠎ᠤᠨ ᠲᠤᠯᠭ᠋ᠠᠭᠤᠷᠢᠯᠠᠯ ᠪᠠ ᠦᠨᠳᠦᠰᠦᠨ ᠪᠠᠲᠤᠯᠠᠭ᠎ᠠ ᠬᠠᠩᠭ᠋ᠠᠨ᠎ᠠ; ᠬᠠᠲᠠᠭ᠋ᠠᠮᠠᠯ ᠵᠢᠮᠢᠰ᠎ᠤᠨ ᠣᠢ᠂ ᠰᠣᠷᠭᠣᠭ ᠵᠢᠮᠢᠰ᠎ᠤᠨ ᠣᠢ᠂ ᠲᠤᠰᠤᠨ᠎ᠤ ᠭᠠᠷᠤᠯᠳᠠ ᠵᠢᠨ ᠣᠢ᠂ ᠠᠮᠲᠠ ᠤᠷᠤᠭᠤᠯᠤᠭᠴᠢ ᠡᠳ᠋᠎ᠤᠨ ᠣᠢ᠂ ᠠᠵᠤ ᠦᠢ᠍ᠯᠡᠳᠪᠦᠷᠢ ᠵᠢᠨ ᠲᠦᠭᠦᠬᠡᠶ ᠮᠠᠲ᠋ᠧᠷᠢᠶᠠᠯ᠎ᠤᠨ ᠣᠢ᠂   ᠡᠮ᠎ᠤᠨ ᠮᠠᠲ᠋ᠧᠷᠢᠶᠠᠯ ᠪᠠ ᠪᠤᠰᠤᠳ ᠳᠣᠯᠣᠭ᠋ᠠᠨ ᠶᠡᠬᠡ ᠪᠦᠲᠦᠭᠡᠭᠳᠡᠬᠦᠨ᠎ᠤ ᠲᠥᠷᠥᠯ᠎ᠤᠨ ᠪᠠᠷᠢᠮᠵᠢᠶ᠎ᠠ ᠵᠢ ᠬᠡᠷᠡᠭᠵᠢᠭᠦᠯᠵᠦ᠂ ᠶᠡᠬᠡ ᠬᠡᠮᠵᠢᠶᠡᠨ᠎ᠤ ᠠᠵᠤ ᠠᠬᠤᠢ ᠵᠢᠨ ᠣᠢ᠂ ᠣᠨᠴᠠᠯᠢᠭᠲᠤ ᠠᠵᠤ ᠦᠢ᠍ᠯᠡᠰ᠎ᠤᠨ ᠣᠢ ᠵᠢᠨ ᠪᠠᠷᠢᠮᠵᠢᠶ᠎ᠠ ᠵᠢ 《  ᠨᠢᠭᠡ ᠴᠤᠭᠴᠠᠵᠢᠭᠤᠯᠬᠤ》 ᠵᠢ 《  ᠨᠢᠭᠡ ᠴᠤᠭᠴᠠᠵᠢᠭᠤᠯᠬᠤ》 ᠵᠢ ᠪᠡᠶᠡᠯᠡᠬᠦᠯᠵᠦ᠂ ᠲᠡᠬᠦᠨ᠎ᠤ ᠯᠣᠭᠢᠭ ᠴᠢᠨᠠᠷ᠂ ᠪᠦᠬᠦᠯᠢ ᠴᠣᠭᠴᠠᠲᠤ ᠴᠢᠨᠠᠷ᠎ᠢ ᠬᠦᠢ᠍ᠴᠡᠳ ᠬᠠᠷᠠᠭᠤᠯᠵᠤ᠂ 《ᠰᠠᠭᠤᠷᠢ ᠬᠠᠮᠢᠶᠠᠷᠤᠯᠲᠠ᠂ ᠪᠦᠬᠦᠯᠢ ᠴᠣᠭᠴᠠ᠎ᠪᠠᠷ ᠬᠥᠲᠥᠯᠥᠨ ᠳᠠᠭ᠋ᠠᠭᠤᠯᠬᠤ᠂ ᠤᠯᠠᠨ ᠲᠦᠷᠦᠯ᠎ᠤᠨ ᠪᠦᠲᠦᠭᠡᠭᠳᠡᠬᠦᠨ᠎ᠢ ᠣᠯᠠᠨ ᠴᠡᠭ ᠵᠶ᠋ᠠᠷ ᠴᠡᠴᠡᠭᠯᠡᠭᠦᠯᠬᠦ》 ᠪᠦᠷᠢᠨ ᠪᠦᠲᠦᠨ ᠰᠢᠰᠲ᠋ᠧᠮᠵᠢ ᠵᠢ ᠪᠦᠷᠢᠯᠳᠦᠭᠦᠯᠵᠦ᠂ ᠠᠵᠤ ᠠᠬᠤᠢ ᠵᠢᠨ ᠣᠢ ᠵᠢᠨ ᠪᠦᠲᠦᠭᠡᠭᠳᠡᠬᠦᠨ᠎ᠤ ᠪᠠᠷᠢᠮᠵᠢᠶ᠎ᠠ ᠵᠢ 《ᠬᠡᠷᠡᠭᠴᠡᠭᠡ᠎ᠲᠠᠢ᠂ ᠲᠤᠰᠠᠲᠠᠶ᠂ ᠬᠡᠷᠡᠭᠯᠡᠬᠦ᠎ᠳᠤ ᠰᠠᠶ᠋ᠢᠨ》 ᠴᠢᠭᠯᠡᠯ ᠲᠡᠰᠢ ᠬᠦᠭᠵᠢᠬᠦᠯᠦᠨ᠎ᠡ᠃
      ᠮᠠᠨ᠎ᠤ ᠤᠯᠤᠰ᠎ᠤᠨ ᠠᠵᠤ ᠠᠬᠤᠶ ᠵᠢᠨ ᠤᠢ ᠵᠢᠨ ᠲᠠᠷᠢᠮᠠᠯ᠎ᠤᠨ ᠲᠠᠯᠠᠪᠠᠢ 6 ᠳ᠋ᠦᠩᠰᠢᠭᠤᠷ ᠮᠦ᠍ ᠵᠢ ᠳᠠᠪᠠᠵᠤ᠂ ᠤᠨᠠᠯᠲᠠ᠎ᠨᠢ 2 ᠳ᠋ᠦᠩᠰᠢᠭᠤᠷ ᠲᠣᠨ᠎ᠢ ᠳᠠᠪᠠᠵᠤ᠂ ᠦᠢ᠍ᠯᠡᠳᠬᠦᠨ᠎ᠤ ᠦᠷᠳᠡᠭ᠎ᠨᠢ 2 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠤᠢ ᠰᠢᠭᠤᠶ ᠵᠢᠨ ᠭᠤᠷᠪᠠᠨ ᠶᠡᠬᠡ ᠲᠤᠯᠭ᠋ᠠᠭᠤᠷᠢ ᠠᠵᠤ ᠦᠢ᠍ᠯᠡᠰ᠎ᠤᠨ ᠨᠢᠭᠡ ᠪᠣᠯᠵᠠᠶ; ᠠᠵᠤ ᠠᠬᠤᠶ ᠵᠢᠨ ᠤᠢ ᠵᠢᠨ ᠭᠠᠷᠤᠯᠲᠠ ᠨᠢᠭᠡᠨᠲᠡ ᠠᠮᠤ ᠪᠤᠳᠠᠭ᠎ᠠ᠂ ᠢᠳᠡᠰᠢᠨ ᠨᠣᠭᠣᠭ᠎ᠠ ᠵᠢᠨ ᠳᠠᠷᠠᠭ᠋ᠠᠬᠢ ᠭᠤᠷᠪᠠᠳᠤᠭ᠋ᠠᠷ ᠶᠡᠬᠡ ᠲᠠᠷᠢᠶᠠᠯᠠᠩ᠎ᠤᠨ ᠪᠦᠲᠦᠭᠡᠭᠳᠡᠬᠦᠨ ᠪᠣᠯᠵᠠᠶ᠃ ᠰᠤᠷᠪᠤᠯᠵᠢᠯᠠᠭᠴᠢ ᠸᠠᠩ ᠱᠧᠩ ᠨᠠᠨ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮᠤᠷ ᠡᠪᠦᠯ᠎ᠤᠨ ᠤᠯᠠᠷᠢᠯ᠎ᠤᠨ ᠣᠢ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠪᠠ ᠯᠢ ᠪᠢᠩ ᠷᠦᠩ ᠶᠠᠷᠢᠶ᠎ᠠ ᠲᠠᠯᠪᠢᠵᠠᠢ
ᠰᠢ ᠵᠢᠨ ᠫᠢᠩ᠄ ᠳᠤᠮᠳᠠᠳᠤ ᠤᠯᠤᠰ ᠤᠯᠤᠰ᠎ᠤᠨ ᠴᠡᠴᠡᠷᠯᠢᠭ ᠵᠶ᠋ᠠᠷ ᠭᠤᠤᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ ᠪᠠᠶ᠋ᠢᠨ᠎ᠠ
ᠥᠪᠥᠷ ᠮᠣᠩᠭᠤᠯ᠎ᠳᠤ ᠤᠯᠤᠰ᠎ᠤᠨ ᠲᠠᠰ᠎ᠤᠨ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠰᠢᠨᠵᠢᠯᠡᠨ ᠰᠤᠳᠤᠯᠬᠤ ᠥᠷᠲᠡᠭᠡ ᠰᠢᠨ᠎ᠡ᠎ᠪᠠᠷ ᠨᠢᠭᠡ ᠨᠡᠮᠡᠭᠳᠡᠪᠡ
ᠮᠠᠨ᠎ᠤ ᠣᠷᠣᠨ᠎ᠤ ᠭᠤᠷᠪᠠᠳᠤᠭ᠋ᠠᠷ ᠤᠳᠠᠭ᠎ᠠ ᠵᠢᠨ ᠤᠯᠤᠰ᠎ᠤᠨ ᠨᠤᠲᠤᠭ ᠳᠡᠪᠢᠰᠬᠡᠷ᠎ᠤᠨ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢ ᠨᠡᠶ᠋ᠢᠲᠡᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠤ ᠣᠶ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠬᠤᠷᠠᠯ ᠬᠤᠷᠠᠯᠳᠤᠪᠠ
 
             蒙ICP备05000248号