1 ᠳ᠋ᠦ᠍ᠭᠡᠷ ᠰᠠᠷ᠎ᠠ ᠵᠢᠨ 10᠎ᠤ ᠡᠳᠦᠷ᠎ᠤᠨ 0 — 24 ᠴᠠᠭ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠲᠣᠳᠣᠯᠠᠭᠰᠠᠨ ᠡᠪᠡᠳᠴᠢᠨ᠎ᠤ ᠵᠢᠱ᠌ᠢᠶ᠎ᠡ᠂ ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ ᠪᠠ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ᠎ᠪᠠᠷ ᠨᠡᠮᠡᠭᠳᠡᠭᠰᠡᠨ ᠥᠬᠡᠶ᠃ 1 ᠳ᠋ᠦ᠍ᠭᠡᠷ ᠰᠠᠷ᠎ᠠ ᠵᠢᠨ 10᠎ᠤ ᠡᠳᠦᠷ᠎ᠤᠨ 24 ᠴᠠᠭ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠬᠢᠯᠢ ᠵᠢᠨ ᠭᠠᠳᠠᠨ᠎ᠠ᠎ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ 5 ᠪᠠᠶ᠋ᠢᠵᠤ᠂ ᠴᠥᠮ ᠴᠡᠭ ᠲᠣᠭᠲᠠᠭ᠋ᠠᠭᠰᠠᠨ ᠡᠮᠨᠡᠯᠭᠡ ᠵᠢᠨ ᠬᠤᠷᠢᠶ᠎ᠠ᠎ᠳᠤ ᠲᠤᠰᠠᠭ᠋ᠠᠷᠯᠠᠨ ᠡᠮᠴᠢᠯᠡᠵᠦ᠂ ᠨᠢᠭᠲᠠ ᠣᠶ᠋ᠢᠷᠠᠲᠤᠭᠰᠠᠳ᠎ᠢ᠎ᠨᠢ ᠪᠦᠬᠦᠨ᠎ᠢ ᠲᠣᠭᠲᠠᠭᠰᠠᠨ ᠲᠠᠯᠠᠪᠤᠷ᠎ᠲᠤ ᠲᠥᠪᠯᠡᠷᠡᠭᠦᠯᠦᠨ ᠲᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ᠂ ᠪᠦᠬᠦ ᠶᠠᠪᠤᠴᠠ᠎ᠳᠤ ᠪᠢᠲᠡᠭᠦᠮᠵᠢᠲᠦ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠵᠢ ᠴᠢᠩᠭ᠎ᠠ ᠰᠡᠷᠭᠡᠶ᠋ᠢᠯᠡᠵᠦ ᠪᠠᠶ᠋ᠢᠨ᠎ᠠ᠃