ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
 ᠰᠢ ᠵᠢᠨ ᠫᠢᠩ 《ᠴᠢᠭᠢᠭᠯᠢᠭ ᠭᠠᠵᠠᠷ᠎ᠤᠨ ᠨᠡᠶ᠋ᠢᠲᠡ ᠵᠢᠨ ᠭᠡᠷ᠎ᠡ》 ᠵᠢᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠶᠡᠬᠡ ᠬᠤᠷᠠᠯ᠎ᠤᠨ ᠡᠬᠢᠯᠡᠯᠲᠡ ᠵᠢᠨ ᠶᠣᠰᠣᠯᠠᠯ ᠳᠡᠭᠡᠷ᠎ᠡ ᠪᠠᠶᠠᠷ᠎ᠤᠨ ᠦᠭᠡ ᠬᠡᠯᠡᠪᠡ
ᠨᠡᠶ᠋ᠢᠲᠡᠯᠡᠭᠰᠡᠨ ᠴᠠᠭ᠄ 2022-11-15


    ᠰᠢᠨᠬᠤᠸᠠ ᠬᠣᠷᠢᠶᠠᠨ᠎ᠤ ᠪᠡᠭᠡᠵᠢᠩ᠎ᠤᠨ 11 ᠰᠠᠷ᠎ᠠ ᠵᠢᠨ 5᠎ᠤ ᠴᠠᠬᠢᠯᠭ᠋ᠠᠨ ᠮᠡᠳᠡᠭᠡ 11 ᠰᠠᠷ᠎ᠠ ᠵᠢᠨ 5᠎ᠤ ᠦᠳᠡ ᠵᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠸᠢᠳᠢᠣ᠋ ᠵᠢᠨ ᠬᠡᠯᠪᠡᠷᠢ᠎ᠪᠠᠷ ᠦᠬᠠᠨ᠎ᠳᠤ ᠶᠠᠪᠤᠭᠳᠠᠭᠰᠠᠨ 《ᠴᠢᠭᠢᠭᠯᠢᠭ ᠭᠠᠵᠠᠷ᠎ᠤᠨ ᠨᠡᠶ᠋ᠢᠲᠡ ᠵᠢᠨ ᠭᠡᠷ᠎ᠡ》 ᠵᠢᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠭᠡᠷᠡᠲᠦ ᠲᠠᠯ᠎ᠠ ᠵᠢᠨ ᠶᠡᠬᠡ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ 《ᠴᠢᠭᠢᠭᠯᠢᠭ ᠭᠠᠵᠠᠷ᠎ᠢ ᠬᠠᠮᠠᠭ᠋ᠠᠯᠠᠵᠤ᠂ ᠢᠷᠡᠭᠡᠳᠦᠢ ᠵᠢ ᠴᠤᠭᠴᠠᠯᠠᠵᠤ᠂ ᠴᠢᠭᠢᠭᠯᠢᠭ ᠭᠠᠵᠠᠷ᠎ᠢ ᠪᠦᠬᠦ ᠪᠥᠮᠪᠥᠷᠴᠡᠭ ᠵᠶ᠋ᠠᠷ ᠵᠶ᠋ᠠᠨ ᠬᠠᠮᠠᠭ᠋ᠠᠯᠠᠬᠤ ᠠᠵᠢᠯᠯᠠᠭ᠎ᠠ ᠵᠢ ᠠᠬᠢᠭᠤᠯᠤᠶ᠎ᠠ》 ᠭᠡᠬᠦ ᠰᠡᠳᠦᠪ ᠵᠶ᠋ᠠᠷ ᠪᠠᠶᠠᠷ᠎ᠤᠨ ᠦᠭᠡ ᠬᠡᠯᠡᠪᠡ᠃
      ᠰᠢ ᠵᠢᠨ ᠫᠢᠩ ᠵᠢᠭ᠋ᠠᠵᠤ ᠭᠠᠷᠭ᠋ᠠᠭᠰᠠᠨ᠎ᠨᠢ᠂ ᠳᠤᠮᠳᠠᠳᠤ ᠤᠯᠤᠰ᠎ᠤᠨ ᠴᠢᠭᠢᠭᠯᠢᠭ ᠭᠠᠵᠠᠷ᠎ᠤᠨ ᠬᠠᠮᠠᠭ᠋ᠠᠯᠠᠯᠲᠠ ᠲᠡᠦᠬᠡᠲᠦ ᠴᠢᠨᠠᠷᠲᠠᠢ ᠠᠮᠵᠢᠯᠲᠠ ᠣᠯᠵᠤ᠂ ᠬᠠᠮᠠᠭ᠋ᠠᠯᠠᠯᠲᠠ ᠵᠢᠨ ᠳᠦᠷᠢᠮ᠎ᠤᠨ ᠰᠢᠰᠲ᠋ᠧᠮ᠎ᠢ ᠪᠠᠶ᠋ᠢᠭᠤᠯᠤᠨ᠂ 《ᠴᠢᠭᠢᠭᠯᠢᠭ ᠭᠠᠵᠠᠷ᠎ᠤᠨ ᠬᠠᠮᠠᠭ᠋ᠠᠯᠠᠯᠲᠠ ᠵᠢᠨ ᠬᠠᠤᠯᠢ》 ᠵᠢ ᠨᠡᠶ᠋ᠢᠲᠡᠯᠡᠪᠡ᠃ ᠳᠤᠮᠳᠠᠳᠤ ᠤᠯᠤᠰ ᠬᠥᠮᠦᠨ ᠪᠣᠯᠤᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠪᠦᠲᠦᠭᠡᠨ ᠪᠠᠶ᠋ᠢᠭᠤᠯᠵᠤ᠂ ᠴᠢᠭᠢᠭᠯᠢᠭ ᠭᠠᠵᠠᠷ᠎ᠤᠨ ᠬᠠᠮᠠᠭ᠋ᠠᠯᠠᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠪᠠ᠃ ᠳᠤᠮᠳᠠᠳᠤ ᠤᠯᠤᠰ 《ᠤᠯᠤᠰ᠎ᠤᠨ ᠴᠡᠴᠡᠷᠯᠢᠭ᠎ᠤᠨ ᠣᠷᠣᠨ ᠵᠠᠢ ᠵᠢᠨ ᠪᠠᠶ᠋ᠢᠷᠢᠰᠢᠭᠤᠯᠤᠯᠲᠠ ᠵᠢᠨ ᠲᠥᠰᠦᠯ》᠎ᠢ ᠲᠣᠭᠲᠠᠭ᠋ᠠᠵᠤ᠂ ᠨᠢᠭᠡ ᠪᠦᠯᠦᠭ ᠤᠯᠤᠰ᠎ᠤᠨ ᠴᠡᠴᠡᠷᠯᠢᠭ᠎ᠢ ᠵᠠᠯᠭ᠋ᠠᠭ᠎ᠠ᠎ᠪᠠᠷ ᠪᠠᠶ᠋ᠢᠭᠤᠯᠵᠤ᠂ 1100 ᠲᠦᠮᠡᠨ ᠾᠧᠺᠲ᠋ᠠᠷ ᠴᠢᠭᠢᠭᠯᠢᠭ ᠭᠠᠵᠠᠷ᠎ᠢ ᠤᠯᠤᠰ᠎ᠤᠨ ᠴᠡᠴᠡᠷᠯᠢᠭ᠎ᠤᠨ ᠰᠢᠰᠲ᠋ᠧᠮ᠎ᠳᠤ ᠣᠷᠣᠭᠤᠯᠵᠤ᠂ ᠪᠦᠬᠦ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠲᠥᠯᠥᠪᠵᠢᠭᠦᠯᠭᠡ ᠪᠠ ᠴᠢᠭᠢᠭᠯᠢᠭ ᠭᠠᠵᠠᠷ᠎ᠢ ᠬᠠᠮᠠᠭ᠋ᠠᠯᠠᠬᠤ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠬᠦᠯᠵᠦ᠎ᠪᠠᠷ ᠪᠤᠢ᠃ ᠳᠤᠮᠳᠠᠳᠤ ᠤᠯᠤᠰ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠵᠤ᠂ ᠱᠧᠨᠵᠧᠨ᠎ᠳᠤ 《ᠣᠯᠠᠨ ᠤᠯᠤᠰ᠎ᠤᠨ ᠤᠯᠠᠭ᠋ᠠᠨ ᠮᠣᠳᠣᠨ ᠣᠢ ᠵᠢᠨ ᠲᠥᠪ》᠎ᠢ ᠪᠠᠶ᠋ᠢᠭᠤᠯᠵᠤ᠂ ᠪᠦᠬᠦ ᠪᠥᠮᠪᠥᠷᠴᠡᠭ᠎ᠤᠨ ᠳᠠᠯᠠᠢ ᠳᠠᠭ᠋ᠠᠤ ᠶᠠᠷᠢᠶᠠᠨ᠎ᠤ ᠲᠠᠪᠴᠠᠩ᠎ᠤᠨ ᠬᠤᠷᠠᠯ᠎ᠢ ᠡᠷᠬᠢᠯᠡᠬᠦ ᠵᠢ ᠳᠡᠮᠵᠢᠨ᠎ᠡ᠃ ᠪᠢᠳᠡ ᠬᠠᠮᠲᠤᠪᠠᠷ ᠴᠢᠷᠮᠠᠶ᠋ᠢᠵᠤ᠂ ᠪᠦᠬᠦ ᠪᠥᠮᠪᠥᠷᠴᠡᠭ᠎ᠤᠨ ᠨᠤᠭᠤ ᠭᠠᠵᠠᠷ᠎ᠤᠨ ᠬᠠᠮᠠᠭ᠋ᠠᠯᠠᠯᠲᠠ ᠵᠢᠨ ᠰᠢᠨ᠎ᠡ ᠬᠠᠭᠤᠳᠠᠰᠤ ᠵᠢ ᠪᠢᠴᠢᠭᠯᠡᠶ᠎ᠡ ᠭᠡᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2021 ᠣᠨ᠎ᠤ ᠳᠤᠮᠳᠠᠳᠤ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ ᠵᠢᠴᠢ ᠠᠮᠢ ᠠᠬᠤᠶ ᠵᠢᠨ ᠪᠠᠶ᠋ᠢᠳᠠᠯ᠎ᠢ ᠨᠡᠶ᠋ᠢᠲᠡᠯᠡᠪᠡ
2023 ᠣᠨ᠎ᠤ ᠪᠦᠬᠦ ᠤᠯᠤᠰ᠎ᠤᠨ ᠴᠢᠬᠢ ᠮᠣᠳᠣᠨ᠎ᠤ ᠬᠠᠩᠭ᠋ᠠᠯᠭ᠎ᠠ ᠬᠡᠷᠡᠭᠴᠡᠭᠡ ᠵᠢᠨ ᠵᠠᠳᠠᠯᠤᠯᠲᠠ ᠵᠢᠨ ᠮᠡᠳᠡᠭᠦᠯᠦᠯᠳᠡ (ᠬᠤᠶᠠᠷ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠪᠦᠲᠦᠭᠡᠭᠳᠡᠬᠦᠨ᠎ᠤ ᠣᠶ ᠵᠢᠨ ᠰᠢᠯᠭ᠋ᠠᠨ ᠪᠠᠶ᠋ᠢᠴᠠᠭ᠋ᠠᠵᠤ ᠬᠢᠨᠠᠨ ᠬᠡᠮᠵᠢᠬᠦ ᠲᠥᠪ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠢᠯᠭ᠋ᠠᠨ ᠪᠠᠢ᠌ᠴᠠᠭ᠋ᠠᠯᠳᠠ ᠵᠢ ᠦᠩᠭᠡᠷᠡᠪᠡ
ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠠᠩᠬᠠᠳᠤᠭ᠋ᠠᠷ ᠬᠤᠷᠠᠯ ᠪᠡᠯᠡᠳᠬᠡᠯ ᠬᠤᠷᠠᠯ ᠬᠢᠪᠡ
ᠪᠦᠬᠦ ᠤᠯᠤᠰ᠎ᠤᠨ ᠬᠤᠶᠠᠷ ᠬᠤᠷᠠᠯ᠎ᠤᠨ ᠮᠡᠳᠡᠭᠡᠯᠡᠯ
 
             蒙ICP备05000248号