ᠮᠠᠨ᠎ᠤ ᠤᠯᠤᠰ᠎ᠤᠨ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠎ᠤᠨ ᠠᠮᠢ ᠠᠬᠤᠶ ᠵᠢᠨ ᠴᠢᠳᠠᠮᠵᠢ ᠵᠢᠨ ᠶᠡᠷᠦᠩᠬᠡᠶ ᠥᠷᠲᠡᠭ ᠵᠢᠯ ᠪᠦᠷᠢ 28.58 ᠲᠦᠮᠡᠨ ᠳ᠋ᠦᠩᠰᠢᠭᠤᠷ ᠲᠥᠭᠥᠷᠢᠭ᠎ᠲᠤ ᠬᠦᠷᠴᠦ ᠪᠠᠢ᠌ᠨ᠎ᠠ᠃
ᠲᠦᠷᠦᠭᠦᠬᠡᠨ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《2021 ᠣᠨ᠎ᠤ ᠳᠤᠮᠳᠠᠳᠤ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ ᠵᠢᠴᠢ ᠠᠮᠢ ᠠᠬᠤᠶ ᠵᠢᠨ ᠪᠠᠶ᠋ᠢᠳᠠᠯ》᠎ᠢ ᠨᠡᠶ᠋ᠢᠲᠡᠯᠡᠪᠡ᠃ ᠡᠨᠡ ᠪᠣᠯ ᠮᠠᠨ᠎ᠤ ᠤᠯᠤᠰ᠎ᠤᠨ ᠠᠩᠬᠠᠳᠤᠭ᠋ᠠᠷ ᠤᠳᠠᠭ᠋ᠠᠨ᠎ᠤ ᠤᠯᠤᠰ᠎ᠤᠨ ᠤᠢ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢ ᠬᠢᠨᠠᠨ ᠬᠡᠮᠵᠢᠵᠤ ᠬᠢᠨᠡᠨ ᠦᠨᠡᠯᠡᠬᠦ ᠠᠵᠢᠯ᠎ᠢ ᠥᠷᠨᠢᠭᠦᠯᠵᠦ ᠪᠠᠢ᠌ᠭ᠎ᠠ ᠠᠵᠢᠯᠯᠠᠭ᠎ᠠ ᠪᠤᠯᠬᠤ ᠮᠦᠷᠲᠡᠭᠡᠨ ᠤᠯᠤᠰ᠎ᠠᠴᠠ ᠤᠢ ᠰᠢᠭᠤᠢ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠵᠡᠷᠭᠡ ᠭᠤᠷᠪᠠᠨ ᠶᠡᠬᠡ ᠠᠮᠢ ᠠᠬᠤᠢ ᠵᠢᠨ ᠰᠢᠰᠲ᠋ᠧᠮ ᠵᠶ᠋ᠠᠷ ᠪᠦᠷᠢᠯᠳᠦᠭᠰᠡᠨ ᠠᠮᠢ ᠠᠬᠤᠢ ᠵᠢᠨ ᠣᠷᠣᠨ ᠵᠠᠢ᠂ ᠠᠮᠢ ᠠᠬᠤᠢ ᠵᠢᠨ ᠪᠦᠲᠦᠭᠡᠭᠳᠡᠬᠦᠨ᠂ ᠠᠮᠢ ᠠᠬᠤᠢ ᠵᠢᠨ ᠰᠢᠰᠲ᠋ᠧᠮ᠎ᠤᠨ ᠴᠢᠳᠠᠮᠵᠢ ᠵᠢᠨ ᠦᠷᠳᠡᠭ᠎ᠤᠨ ᠬᠡᠮᠵᠢᠶ᠎ᠡ᠎ᠳᠤ ᠰᠢᠰᠲ᠋ᠧᠮ᠎ᠲᠠᠢ ᠦᠨᠡᠯᠡᠯᠲᠡ ᠬᠢᠵᠦ ᠪᠠᠶ᠋ᠢᠭ᠎ᠠ ᠶᠠᠪᠤᠳᠠᠯ ᠪᠣᠯᠤᠨ᠎ᠠ᠃
ᠮᠠᠨ᠎ᠤ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ ᠵᠢᠴᠢ ᠠᠮᠢ ᠠᠬᠤᠶ ᠵᠢᠨ ᠪᠠᠶ᠋ᠢᠳᠠᠯ᠎ᠢ ᠣᠨᠣᠪᠴᠢᠲᠠᠶ ᠡᠵᠡᠮᠰᠢᠵᠤ᠂ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠵᠤ ᠰᠡᠷᠭᠦᠭᠡᠭᠰᠡᠨ ᠦᠷ᠎ᠡ ᠪᠦᠲᠦᠮᠵᠢ ᠵᠢ ᠪᠤᠰᠤᠳᠴᠢ᠎ᠪᠠᠷ ᠦᠨᠡᠯᠡᠬᠦ ᠵᠢᠨ ᠲᠥᠯᠥᠭᠡ᠂ 2021 ᠣᠨ᠎ᠳᠤ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠤᠯᠤᠰ᠎ᠤᠨ ᠨᠤᠲᠤᠭ ᠳᠡᠪᠢᠰᠬᠡᠷ᠎ᠤᠨ 《ᠭᠤᠷᠪᠠ ᠵᠢ ᠲᠣᠬᠢᠷᠠᠭᠤᠯᠬᠤ》 ᠲᠣᠭ᠎ᠠ ᠪᠠᠷᠢᠮᠲᠠ᠎ᠳᠤ ᠰᠠᠭᠤᠷᠢᠯᠠᠵᠤ᠂ ᠰᠢᠨ᠎ᠡ ᠮᠡᠷᠭᠡᠵᠢᠯ᠎ᠤᠨ ᠠᠷᠭ᠎ᠠ ᠵᠢ ᠬᠡᠷᠡᠭᠯᠡᠵᠦ᠂ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠵᠡᠷᠭᠡ ᠡᠯ᠎ᠡ ᠲᠥᠷᠥᠯ᠎ᠤᠨ ᠡᠬᠢ ᠪᠠᠶᠠᠯᠢᠭ᠎ᠲᠤ ᠬᠢᠨᠠᠨ ᠬᠡᠮᠵᠢᠯᠲᠠ ᠬᠢᠵᠦ᠂ ᠤᠯᠤᠰ᠎ᠤᠨ ᠤᠢ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢ ᠶᠡᠷᠦᠩᠬᠡᠶ᠋ᠢᠯᠡᠨ ᠬᠢᠨᠠᠨ ᠬᠡᠮᠵᠢᠵᠦ ᠬᠢᠨᠠᠨ ᠦᠨᠡᠯᠡᠬᠦ ᠠᠵᠢᠯ᠎ᠢ ᠦᠷᠨᠢᠬᠦᠯᠪᠡ᠃ ᠤᠢ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠳ᠋ᠠᠶ᠋ᠢᠲ᠋ᠠ ᠬᠥᠮᠥᠷᠭᠡ ᠵᠢ ᠪᠠᠶ᠋ᠢᠭᠤᠯᠵᠤ᠂ ᠣᠷᠣᠨ ᠵᠠᠢ ᠣᠷᠣᠨ ᠪᠠᠶ᠋ᠢᠷᠢ᠂ ᠬᠠᠮᠢᠶᠠᠷᠤᠯᠲᠠ ᠵᠢᠨ ᠪᠠᠢ᠌ᠳᠠᠯ᠂ ᠪᠠᠶ᠋ᠢᠭ᠋ᠠᠯᠢ ᠵᠢᠨ ᠡᠯᠧᠮᠧᠨ᠋ᠲ᠂ ᠡᠬᠢ ᠪᠠᠶᠠᠯᠢᠭ᠎ᠤᠨ ᠣᠨᠴᠠᠯᠢᠭ ᠵᠡᠷᠭᠡ ᠮᠡᠳᠡᠭᠡ ᠵᠠᠩᠭᠢ ᠵᠢ ᠬᠠᠮᠤᠷᠤᠭᠰᠠᠨ᠂ ᠤᠯᠤᠰ ᠪᠣᠯᠤᠨ ᠣᠷᠣᠨ ᠨᠤᠲᠤᠭ᠎ᠢ ᠵᠣᠯᠭ᠋ᠠᠭᠤᠯᠤᠭᠰᠠᠨ ᠤᠢ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠪᠠᠢ᠌ᠳᠠᠯ᠎ᠤᠨ ᠲᠤᠭ᠋ᠠᠵᠢᠭᠤᠯᠤᠭᠰᠠᠨ ᠬᠦᠮᠦᠷᠭᠡ ᠵᠢ ᠪᠠᠢ᠌ᠭᠤᠯᠪᠠ᠃ ᠬᠡᠷᠡᠭᠯᠡᠬᠦ ᠬᠦᠷᠭᠡᠵᠦ
ᠬᠢᠨᠠᠨ ᠬᠡᠮᠵᠢᠵᠦ ᠬᠢᠨᠠᠨ ᠦᠨᠡᠯᠡᠭᠰᠡᠨ ᠦᠷ᠎ᠡ ᠳ᠋ᠦᠩ᠎ᠠᠴᠠ ᠦᠵᠡᠪᠡᠯ᠂ 2021 ᠣᠨ᠎ᠳᠤ ᠮᠠᠨ᠎ᠤ ᠤᠯᠤᠰ᠎ᠤᠨ ᠣᠶ ᠰᠢᠭᠤᠶ ᠵᠢᠨ ᠲᠠᠯᠠᠪᠠᠶ 34.6 ᠳ᠋ᠦᠩᠰᠢᠭᠤᠷ ᠮᠥ᠍᠂ ᠣᠶ ᠰᠢᠭᠤᠶ ᠵᠢᠨ ᠪᠦᠷᠬᠦᠴᠡ ᠵᠢᠨ ᠨᠣᠷᠮ᠎ᠠ 24.02%᠂ ᠣᠶ ᠰᠢᠭᠤᠶ ᠵᠢᠨ ᠬᠠᠳᠠᠭ᠋ᠠᠯᠠᠭᠳᠠᠴᠠ ᠵᠢᠨ ᠬᠡᠮᠵᠢᠶ᠎ᠡ 194.93 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠂ ᠡᠪᠡᠰᠦ ᠪᠡᠯᠴᠢᠭᠡᠷ᠎ᠤᠨ ᠲᠠᠯᠠᠪᠠᠶ 39.68 ᠳ᠋ᠦᠩᠰᠢᠭᠤᠷ ᠮᠥ᠍᠂ ᠨᠤᠲᠤᠭ ᠪᠡᠯᠴᠢᠭᠡᠷ᠎ᠤᠨ ᠶᠡᠷᠦᠩᠬᠡᠶ᠋ᠢᠯᠡᠭᠰᠡᠨ ᠤᠷᠭᠤᠮᠠᠯ᠎ᠤᠨ ᠬᠤᠴᠢᠯᠭ᠎ᠠ ᠵᠢᠨ ᠪᠦᠷᠬᠦᠴᠡ 50.32%᠂ ᠰᠢᠨ᠎ᠡ ᠰᠣᠷᠭᠣᠭ ᠡᠪᠡᠰᠦᠨ᠎ᠤ ᠵᠢᠯ᠎ᠤᠨ ᠶᠡᠷᠦᠩᠬᠡᠶ ᠭᠠᠷᠤᠯᠲᠠ 5.95 ᠳ᠋ᠦᠩᠰᠢᠭᠤᠷ ᠲᠣᠨ᠂ ᠣᠶ ᠰᠢᠭᠤᠶ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢᠨ ᠨᠡᠭᠦᠷᠡᠰᠦᠲᠥ᠋ᠷᠥᠭᠴᠢ ᠵᠢᠨ ᠶᠡᠷᠦᠩᠬᠡᠶ ᠬᠠᠳᠠᠭ᠋ᠠᠯᠠᠭᠳᠠᠴᠠ 114.43 ᠳ᠋ᠦᠩᠰᠢᠭᠤᠷ ᠲᠣᠨ ᠪᠣᠯᠤᠨ᠎ᠠ᠃
2021 ᠣᠨ᠎ᠳᠤ ᠮᠠᠨ᠎ᠤ ᠤᠯᠤᠰ᠎ᠤᠨ ᠤᠢ ᠰᠢᠭᠤᠢ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠎ᠤᠨ ᠠᠮᠢ ᠠᠬᠤᠢ ᠵᠢᠨ ᠰᠢᠰᠲ᠋ᠧᠮ᠎ᠤᠨ ᠵᠢᠯ᠎ᠤᠨ ᠤᠰᠤᠨ ᠰᠤᠷᠪᠤᠯᠵᠢ ᠵᠢ ᠬᠠᠳᠠᠭ᠋ᠠᠯᠠᠬᠤ ᠬᠡᠮᠵᠢᠶ᠎ᠡ 8038.53 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠂ ᠵᠢᠯ᠎ᠤᠨ ᠬᠥᠷᠥᠰᠥ ᠵᠢ ᠲᠣᠭᠲᠠᠪᠤᠷᠢᠵᠢᠭᠤᠯᠬᠤ ᠬᠡᠮᠵᠢᠶ᠎ᠡ 117.20 ᠳ᠋ᠦᠩᠰᠢᠭᠤᠷ ᠲᠣᠨ᠂ ᠵᠢᠯ᠎ᠤᠨ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠢ ᠰᠢᠩᠭᠡᠭᠡᠨ ᠠᠪᠬᠤ ᠬᠡᠮᠵᠢᠶ᠎ᠡ 0.75 ᠳ᠋ᠦᠩᠰᠢᠭᠤᠷ ᠲᠣᠨ᠂ ᠵᠢᠯ᠎ᠤᠨ ᠲᠣᠭᠣᠰᠣ ᠰᠢᠷᠣᠢ ᠵᠢ ᠲᠤᠭᠳᠠᠪᠤᠷᠢᠵᠢᠭᠤᠯᠬᠤ ᠬᠡᠮᠵᠢᠶ᠎ᠡ 102.57 ᠳ᠋ᠦᠩᠰᠢᠭᠤᠷ ᠲᠣᠨ᠂ ᠵᠢᠯ᠎ᠤᠨ ᠬᠦᠴᠢᠯᠲᠥ᠋ᠷᠥᠭᠴᠢ ᠢᠯᠭ᠋ᠠᠷᠠᠭᠤᠯᠬᠤ ᠬᠡᠮᠵᠢᠶ᠎ᠡ 9.34 ᠳ᠋ᠦᠩᠰᠢᠭᠤᠷ ᠲᠣᠨ᠂ ᠵᠢᠯ᠎ᠤᠨ ᠤᠷᠭᠤᠮᠠᠯ᠎ᠤᠨ ᠰᠢᠮ᠎ᠡ ᠲᠡᠵᠢᠭᠡᠯ᠎ᠢ ᠲᠣᠭᠲᠠᠪᠤᠷᠢᠵᠢᠭᠤᠯᠬᠤ ᠬᠡᠮᠵᠢᠶ᠎ᠡ 0.49 ᠳ᠋ᠦᠩᠰᠢᠭᠤᠷ ᠲᠣᠨ᠎ᠳᠤ ᠬᠦᠷᠴᠡᠢ᠃ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠎ᠤᠨ ᠠᠮᠢ ᠠᠬᠤᠶ ᠵᠢᠨ ᠪᠦᠲᠦᠭᠡᠭᠳᠡᠬᠦᠨ᠎ᠤ ᠶᠡᠷᠦᠩᠬᠡᠶ ᠥᠷᠲᠡᠭ᠎ᠤᠨ ᠬᠡᠮᠵᠢᠶ᠎ᠡ᠎ᠨᠢ ᠵᠢᠯ ᠪᠦᠷᠢ 28.58 ᠲᠦᠮᠡᠨ ᠳ᠋ᠦᠩᠰᠢᠭᠤᠷ ᠲᠥᠭᠥᠷᠢᠭ ᠪᠣᠯᠤᠨ᠎ᠠ᠃
ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠰᠢᠰᠲ᠋ᠧᠮ ᠰᠠᠶ᠋ᠢᠵᠢᠷᠠᠬᠤ᠂ ᠠᠮᠢ ᠠᠬᠤᠢ ᠵᠢᠨ ᠴᠢᠳᠠᠮᠵᠢ ᠲᠣᠭᠲᠠᠭᠤᠨ ᠵᠶ᠋ᠠᠷ ᠨᠡᠮᠡᠭᠳᠡᠬᠦ ᠪᠠᠶ᠋ᠢᠳᠠᠯ ᠢᠯᠡᠷᠡᠪᠡ᠃