ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
2023 ᠣᠨ᠎ᠤ ᠪᠦᠬᠦ ᠤᠯᠤᠰ᠎ᠤᠨ ᠴᠢᠬᠢ ᠮᠣᠳᠣᠨ᠎ᠤ ᠬᠠᠩᠭ᠋ᠠᠯᠭ᠎ᠠ ᠬᠡᠷᠡᠭᠴᠡᠭᠡ ᠵᠢᠨ ᠵᠠᠳᠠᠯᠤᠯᠲᠠ ᠵᠢᠨ ᠮᠡᠳᠡᠭᠦᠯᠦᠯᠳᠡ (ᠬᠤᠶᠠᠷ)
ᠨᠡᠶ᠋ᠢᠲᠡᠯᠡᠭᠰᠡᠨ ᠴᠠᠭ᠄ 2022-12-02

ᠣᠳᠣᠬᠠᠨ᠎ᠤ ᠪᠦᠬᠦ ᠤᠯᠤᠰ᠎ᠤᠨ ᠴᠢᠬᠢ ᠮᠣᠳᠣᠨ᠎ᠤ ᠦᠢ᠍ᠯᠡᠳᠪᠦᠷᠢᠯᠡᠯ ᠪᠠ ᠬᠡᠷᠡᠭᠯᠡᠯᠲᠡ ᠵᠢᠨ ᠣᠳᠣᠬᠢ ᠪᠠᠶ᠋ᠢᠳᠠᠯ᠎ᠢ ᠦᠨᠳᠦᠰᠦᠯᠡᠨ ᠵᠢᠱ᠌ᠢᠯᠲᠡ᠎ᠪᠠᠷ 2023 ᠣᠨ᠎ᠤ ᠮᠠᠨ᠎ᠤ ᠤᠯᠤᠰ᠎ᠤᠨ ᠴᠢᠬᠢ ᠮᠣᠳᠣᠨ᠎ᠤ ᠬᠠᠩᠭ᠋ᠠᠯᠭ᠎ᠠ ᠬᠡᠷᠡᠭᠴᠡᠭᠡ ᠵᠢᠨ ᠪᠠᠶ᠋ᠢᠳᠠᠯ ᠳᠣᠣᠷᠠᠬᠢ ᠮᠡᠲᠦ᠄
     (1) ᠴᠢᠬᠢ ᠮᠣᠳᠣᠨ᠎ᠤ ᠦᠢ᠍ᠯᠡᠳᠪᠦᠷᠢᠯᠡᠯ ᠬᠠᠩᠭ᠋ᠠᠯᠭ᠎ᠠ ᠵᠢᠨ ᠬᠡᠮᠵᠢᠶ᠎ᠡ ᠦᠷᠭᠦᠯᠵᠢᠯᠡᠨ   ᠪᠠᠭᠤᠷᠠᠬᠤ ᠪᠤᠯᠤᠨ᠎ᠠ᠃ ᠲᠠᠷᠢᠶᠠᠨ ᠭᠠᠵᠠᠷ᠎ᠢ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠢᠨ ᠦᠷᠭᠦᠯᠵᠢᠯᠡᠨ ᠭᠦᠨᠵᠡᠭᠡᠶ᠋ᠢᠷᠡᠬᠦ ᠵᠢ ᠳᠠᠭ᠋ᠠᠯᠳᠤᠨ᠂ ᠴᠢᠬᠢ ᠪᠣᠶ᠋ᠢᠵᠢᠭᠤᠯᠬᠤ᠎ᠳᠤ ᠬᠡᠷᠡᠭᠯᠡᠬᠦ ᠭᠠᠵᠠᠷ ᠰᠢᠷᠣᠢ ᠵᠢᠨ ᠲᠠᠯᠠᠪᠠᠢ ᠢᠳᠡᠭ ᠢᠳᠡᠭ ᠵᠶ᠋ᠠᠷ ᠪᠠᠭ᠋ᠠᠰᠬᠤ ᠪᠣᠯᠤᠨ᠎ᠠ᠃ ᠵᠢᠱ᠌ᠢᠯᠲᠡ᠎ᠪᠠᠷ 2023 ᠣᠨ᠎ᠳᠤ ᠪᠦᠬᠦ ᠤᠯᠤᠰ᠎ᠤᠨ ᠴᠢᠬᠢ ᠪᠣᠶ᠋ᠢᠵᠢᠭᠤᠯᠬᠤ ᠲᠠᠯᠠᠪᠠᠢ 2021 ᠣᠨ᠎ᠳᠤ 125 ᠲᠦᠮᠡᠨ ᠾᠧᠺᠲ᠋ᠠᠷ ᠪᠠᠶ᠋ᠢᠭᠰᠠᠨ᠎ᠠᠴᠠ᠎ᠪᠠᠨ 110 ᠲᠦᠮᠡᠨ ᠾᠧᠺᠲ᠋ᠠᠷ ᠣᠷᠴᠢᠮ ᠪᠣᠯᠤᠨ ᠪᠠᠭ᠋ᠠᠰᠴᠤ᠂ ᠪᠦᠬᠦ ᠤᠯᠤᠰ᠎ᠤᠨ ᠴᠢᠬᠢ ᠮᠣᠳᠣᠨ᠎ᠤ ᠣᠶ᠋ᠢᠵᠢᠭᠤᠯᠬᠤ᠎ᠳᠤ ᠬᠡᠷᠡᠭᠯᠡᠬᠦ ᠴᠢᠬᠢ ᠮᠤᠳᠤᠨ᠎ᠤ ᠵᠢᠨ ᠬᠡᠮᠵᠢᠶ᠎ᠡ 2021 ᠣᠨ᠎ᠳᠤ 356 ᠳ᠋ᠦᠩᠰᠢᠭᠤᠷ ᠰᠠᠭᠤᠷᠢ ᠪᠠᠶ᠋ᠢᠭᠰᠠᠨ᠎ᠠᠴᠠ᠎ᠪᠠᠨ 282 ᠳ᠋ᠦᠩᠰᠢᠭᠤᠷ ᠣᠷᠴᠢᠮ ᠪᠣᠯᠤᠨ ᠪᠠᠭ᠋ᠠᠰᠬᠤ ᠪᠣᠯᠤᠨ᠎ᠠ᠃
     (2)   ᠴᠢᠬᠢ ᠮᠣᠳᠣᠨ᠎ᠤ ᠬᠡᠷᠡᠭᠰᠡᠬᠦ ᠬᠡᠮᠵᠢᠶ᠎ᠡ ᠤᠯᠠᠮ ᠵᠶ᠋ᠠᠷ ᠪᠠᠭ᠋ᠠᠰᠬᠤ ᠪᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠬᠥᠮᠦᠨ᠎ᠤ ᠬᠦᠴᠦ᠎ᠪᠠᠷ ᠣᠶ᠋ᠢᠵᠢᠭᠤᠯᠬᠤ ᠲᠠᠯᠠᠪᠠᠢ ᠵᠢ ᠶᠡᠬᠡ᠎ᠪᠠᠷ ᠪᠠᠭ᠋ᠠᠰᠬᠠᠵᠤ᠂ 2022 ᠣᠨ᠎ᠤ ᠣᠶ᠋ᠢᠵᠢᠭᠤᠯᠤᠯᠲᠠ ᠵᠢᠨ ᠶᠡᠷᠦᠩᠬᠡᠢ ᠲᠥᠯᠥᠪᠯᠡᠭᠡ᠎ᠪᠠᠷ ᠪᠠᠷᠤᠭ 5000 ᠲᠦᠮᠡᠨ ᠮᠦ᠍ ᠪᠠᠢ᠌ᠵᠤ᠂ ᠡᠭᠦᠨ᠎ᠳᠤ ᠬᠥᠮᠦᠨ᠎ᠤ ᠬᠦᠴᠦ᠎ᠪᠠᠷ ᠣᠶ᠋ᠢᠵᠢᠭᠤᠯᠬᠤ ᠲᠠᠯᠠᠪᠠᠢ ᠵᠥᠪᠬᠡᠨ 1370 ᠲᠦᠮᠡᠨ ᠮᠦ᠍ ᠪᠠᠢ᠌ᠵᠤ᠂ 2021 ᠣᠨ᠎ᠤ᠎ᠬᠢ᠎ᠲᠠᠢ ᠬᠠᠷᠢᠴᠠᠭᠤᠯᠪᠠᠯ ᠨᠡᠯᠢᠶᠡᠳ ᠶᠡᠬᠡ ᠬᠡᠮᠵᠢᠶ᠎ᠡ᠎ᠪᠠᠷ ᠪᠠᠭᠤᠷᠠᠭᠰᠠᠨ ᠪᠠᠶ᠋ᠢᠨ᠎ᠠ᠃ ᠠᠭᠤᠯᠠ ᠵᠢ ᠪᠢᠲᠡᠭᠦᠮᠵᠢᠯᠡᠨ ᠣᠶ᠋ᠢᠵᠢᠭᠤᠯᠬᠤ ᠪᠠ ᠮᠠᠭᠤᠳᠠᠭᠰᠠᠨ ᠣᠢ ᠵᠢ ᠵᠠᠰᠠᠨ ᠰᠡᠷᠭᠦᠭᠡᠬᠦ᠎ᠨᠢ ᠨᠡᠩ ᠶᠡᠬᠡ ᠬᠤᠪᠢ ᠵᠢᠨ ᠵᠢᠩ᠎ᠢ ᠡᠵᠡᠯᠡᠵᠦ᠂ ᠨᠡᠶ᠋ᠢᠲᠡ ᠪᠠᠷᠤᠭ 3450 ᠲᠦᠮᠡᠨ ᠮᠦ᠍᠎ᠳᠤ ᠬᠦᠷᠦᠨ᠎ᠡ᠃ ᠡᠭᠦᠨ᠎ᠠᠴᠠ ᠭᠠᠳᠠᠨ᠎ᠠ᠂ ᠲᠠᠷᠢᠶᠠᠨ ᠭᠠᠵᠠᠷ᠎ᠤᠨ ᠬᠤᠷᠢᠭ᠎ᠠ ᠱᠤᠭᠤᠮ᠎ᠢ ᠡᠷᠬᠡᠪᠰᠢ ᠴᠢᠩᠭ᠎ᠠ ᠰᠠᠬᠢᠵᠤ᠂ ᠨᠣᠭᠣᠭ᠋ᠠᠷᠠᠭᠤᠯᠤᠯᠲᠠ ᠵᠢᠨ ᠭᠠᠵᠠᠷ ᠰᠢᠷᠣᠢ ᠵᠢ ᠪᠠᠭ᠋ᠠᠰᠬᠠᠨ᠎ᠠ᠃ ᠬᠣᠶ᠋ᠢᠰᠢᠳᠠ ᠨᠣᠭᠣᠭ᠋ᠠᠷᠠᠭᠤᠯᠤᠯᠲᠠ ᠵᠢᠨ ᠢᠨᠵᠧᠨᠧᠷᠢᠩ᠎ᠢ ᠭᠣᠣᠯᠳᠠᠭᠤ ᠠᠭᠯᠠᠭ ᠠᠭᠤᠯᠠ᠂ ᠲᠠᠴᠢᠷ ᠭᠤᠤ᠂ ᠬᠠᠯᠴᠠᠭ᠋ᠠᠢ ᠳᠣᠪᠣ᠂ ᠡᠵᠡᠭᠦᠢ ᠴᠦᠯ᠂ ᠬᠣᠲᠠ ᠵᠢᠨ ᠦᠵᠡᠮᠵᠢ᠂ ᠴᠡᠴᠡᠷᠯᠢᠭ ᠵᠡᠷᠭᠡ ᠵᠢ ᠪᠠᠭᠲᠠᠭ᠋ᠠᠭᠰᠠᠨ ᠤᠷᠤᠨ ᠪᠦᠰᠡ ᠵᠢ ᠨᠣᠭᠣᠭ᠋ᠠᠷᠠᠭᠤᠯᠬᠤ ᠠᠷᠭ᠎ᠠ ᠮᠠᠶᠢᠭ ᠵᠶ᠋ᠡᠷ ᠲᠦᠯᠬᠢᠨ ᠠᠬᠢᠭᠤᠯᠵᠤ᠂ ᠴᠢᠬᠢ ᠮᠣᠳᠣᠨ᠎ᠤ ᠬᠡᠷᠡᠭᠯᠡᠯᠲᠡ ᠵᠢᠨ ᠬᠡᠮᠵᠢᠶ᠎ᠡ ᠵᠢ ᠵᠣᠬᠢᠬᠤ ᠬᠡᠮᠵᠢᠶ᠎ᠡ᠎ᠪᠠᠷ ᠪᠠᠭᠤᠷᠠᠭᠤᠯᠬᠤ ᠪᠣᠯᠤᠨ᠎ᠠ᠃ ᠵᠢᠱ᠌ᠢᠯᠲᠡ᠎ᠪᠠᠷ 2023 ᠣᠨ᠎ᠳᠤ ᠪᠦᠬᠦ ᠤᠯᠤᠰ᠎ᠤᠨ ᠴᠢᠬᠢ ᠮᠣᠳᠣᠨ᠎ᠤ ᠬᠡᠷᠡᠭᠯᠡᠯᠲᠡ ᠵᠢᠨ ᠬᠡᠮᠵᠢᠶ᠎ᠡ ᠦᠷᠭᠦᠯᠵᠢᠯᠡᠨ ᠪᠠᠭᠤᠷᠠᠵᠤ᠂ ᠪᠠᠷᠤᠭ 86 ᠳ᠋ᠦᠩᠰᠢᠭᠤᠷ ᠣᠷᠴᠢᠮ ᠰᠠᠭᠤᠷᠢ ᠪᠣᠯᠬᠤ ᠪᠣᠯᠤᠨ᠎ᠠ᠃
     (3)   ᠴᠢᠬᠢ ᠮᠣᠳᠣᠨ᠎ᠤ ᠲᠥᠷᠥᠯ ᠵᠦᠢ᠍ᠯ ᠵᠢᠴᠢ ᠶᠠᠰᠤ ᠴᠢᠨᠠᠷ᠎ᠤᠨ ᠲᠠᠯ᠎ᠠ᠎ᠪᠠᠷ᠎ᠬᠢ ᠱᠠᠭ᠋ᠠᠷᠳᠠᠯᠭ᠎ᠠ ᠤᠯᠠᠮ᠎ᠠᠴᠠ ᠤᠯᠠᠮ ᠥᠨᠳᠥᠷ ᠪᠤᠯᠬᠤ ᠪᠤᠯᠤᠨ᠎ᠠ᠃ ᠨᠢᠭᠡ᠎ᠳᠤ᠂ ᠬᠣᠪᠣᠷ ᠴᠤᠬᠠᠭ ᠤᠷᠤᠨ ᠨᠤᠲᠤᠭ᠎ᠤᠨ ᠮᠣᠳᠣᠨ᠎ᠤ ᠲᠥᠷᠥᠯ᠎ᠤᠨ ᠬᠡᠷᠡᠭᠴᠡᠭᠡ ᠨᠡᠮᠡᠭᠳᠡᠬᠦ ᠪᠤᠯᠤᠨ᠎ᠠ᠃ ᠬᠣᠶᠠᠷ᠎ᠲᠤ᠂   ᠰᠠᠪᠠᠨ᠎ᠳᠤ ᠴᠢᠬᠢ ᠪᠣᠶ᠋ᠢᠵᠢᠭᠤᠯᠬᠤ ᠪᠠ ᠬᠦᠯᠡᠮᠵᠢᠲᠦ ᠰᠠᠪᠠ᠎ᠪᠠᠷ ᠴᠢᠬᠢ ᠪᠣᠶ᠋ᠢᠵᠢᠭᠤᠯᠬᠤ ᠮᠡᠷᠭᠡᠵᠢᠯ᠎ᠢ ᠦᠷᠭᠡᠨ ᠵᠶ᠋ᠡᠷ ᠳᠡᠯᠭᠡᠷᠡᠬᠦᠯᠬᠦ ᠪᠣᠯᠤᠨ᠎ᠠ᠃ ᠭᠤᠷᠪᠠ᠎ᠳᠤ᠂ ᠳᠠᠭ᠋ᠠᠮᠠᠭ᠋ᠠᠢ ᠴᠢᠨᠠᠷᠳᠠᠢ ᠮᠤᠳᠤᠨ᠎ᠤ ᠲᠥᠷᠥᠯ᠎ᠤᠨ ᠬᠡᠷᠡᠭᠯᠡᠭᠡ ᠦᠷᠭᠦᠯᠵᠢᠯᠡᠨ ᠨᠡᠮᠡᠭᠳᠡᠬᠦ ᠪᠤᠯᠤᠨ᠎ᠠ᠃ ᠵᠢᠱ᠌ᠢᠶᠡᠯᠡᠪᠡᠯ ᠠᠭᠯᠠᠭ ᠠᠭᠤᠯᠠ᠂ ᠲᠠᠴᠢᠷ ᠭᠤᠤ᠂ ᠬᠠᠯᠴᠠᠭ᠋ᠠᠢ ᠳᠣᠪᠣ᠂ ᠡᠵᠡᠭᠦᠢ ᠴᠦᠯ᠎ᠳᠤ ᠲᠣᠬᠢᠷᠠᠬᠤ ᠭᠠᠩ᠎ᠳᠤ ᠳᠠᠭ᠋ᠠᠭ᠋ᠠᠮᠠᠭ᠋ᠠᠢ᠂ ᠬᠤᠵᠢᠷ᠎ᠲᠤ ᠳᠠᠭ᠋ᠠᠭ᠋ᠠᠮᠠᠭ᠋ᠠᠢ᠂ ᠴᠢᠭᠢᠭ ᠨᠣᠶ᠋ᠢᠲᠠᠨ᠎ᠳᠤ ᠳᠠᠭ᠋ᠠᠭ᠋ᠠᠮᠠᠭ᠋ᠠᠢ᠂ ᠰᠠᠯᠬᠢ ᠡᠯᠡᠰᠦᠨ᠎ᠳᠤ ᠳᠠᠭ᠋ᠠᠭ᠋ᠠᠮᠠᠭ᠋ᠠᠢ᠂ ᠬᠦᠢ᠍ᠲᠡᠨ᠎ᠳᠤ ᠲᠡᠰᠪᠦᠷᠢᠲᠡᠢ ᠮᠣᠳᠣᠨ᠎ᠤ ᠲᠥᠷᠥᠯ᠎ᠨᠢ ᠵᠠᠬ᠎ᠠ ᠳᠡᠯᠭᠡᠭᠦᠷ᠎ᠤᠨ ᠭᠤᠤᠯ ᠬᠡᠷᠡᠭᠯᠡᠭᠡᠨ᠎ᠤ ᠮᠣᠳᠣᠨ᠎ᠤ ᠲᠥᠷᠥᠯ ᠪᠤᠯᠬᠤ ᠪᠣᠯᠤᠨ᠎ᠠ᠃ ᠳᠥᠷᠪᠡ᠎ᠳᠤ᠂ 2 ~ 3 ᠵᠢᠯ᠎ᠤᠨ ᠲᠦ᠊- ᠭᠦ᠍ᠬᠡᠢ ᠲᠣᠰᠣᠨ ᠴᠠᠢ ᠵᠢᠨ ᠰᠢᠯᠢᠳᠡᠭ ᠡᠭᠦᠯᠳᠡᠷ᠎ᠤᠨ ᠰᠠᠪᠠᠨ᠎ᠳᠤ ᠪᠤᠢ᠌ᠵᠢᠭᠤᠯᠤᠭᠰᠠᠨ ᠴᠢᠬᠢ ᠮᠤᠳᠤᠨ᠎ᠤ ᠬᠡᠷᠡᠭᠴᠡᠭᠡ ᠶᠡᠬᠡ᠎ᠪᠠᠷ ᠨᠡᠮᠡᠭᠳᠡᠬᠦ ᠪᠣᠯᠤᠨ᠎ᠠ᠃ ᠲᠠᠪᠤ᠎ᠳᠤ᠂ ᠣᠶ᠋ᠢᠵᠢᠭᠤᠯᠵᠤ ᠨᠣᠭᠣᠭ᠋ᠠᠷᠠᠭᠤᠯᠬᠤ᠎ᠳᠤ ᠬᠡᠷᠡᠭᠯᠡᠬᠦ ᠴᠢᠬᠢ ᠮᠤᠳᠤᠨ᠎ᠤ ᠬᠡᠯᠪᠡᠷᠢ ᠪᠠᠢ᠌ᠳᠠᠯ᠂ ᠴᠢᠬᠢ ᠮᠤᠳᠤᠨ᠎ᠤ ᠤᠷᠭᠤᠬᠤ ᠬᠤᠭᠤᠴᠠᠭ᠎ᠠ ᠪᠠ ᠪᠣᠶ᠋ᠢᠵᠢᠭᠤᠯᠬᠤ ᠥᠪᠡᠷ᠎ᠤᠨ ᠥᠷᠲᠡᠭ᠎ᠤᠨ ᠰᠣᠩᠭᠣᠯᠲᠠ ᠵᠢᠨ ᠲᠠᠯ᠎ᠠ᠎ᠪᠠᠷ᠎ᠬᠢ ᠰᠢᠨᠵᠢᠯᠡᠬᠦ ᠤᠬᠠᠭ᠋ᠠᠨᠴᠢ ᠴᠢᠨᠠᠷ᠎ᠢ ᠨᠡᠩ ᠴᠢᠬᠤᠯᠠᠴᠢᠯᠠᠬᠤ ᠪᠤᠯᠤᠨ᠎ᠠ᠃ ᠵᠢᠱ᠌ᠢᠶᠡᠯᠡᠪᠡᠯ᠂ ᠤᠰᠤ ᠠᠷᠪᠢᠯᠠᠬᠤ ᠭᠠᠩ᠎ᠳᠤ ᠲᠡᠰᠪᠦᠷᠢᠲᠡᠢ ᠴᠢᠬᠢ ᠮᠣᠳᠣ ᠪᠤᠶᠤ ᠦᠵᠡᠮᠦᠷᠢ ᠵᠢᠨ ᠴᠢᠬᠢ ᠮᠤᠳᠤ ᠵᠡᠷᠭᠡ᠎ᠨᠢ ᠬᠦᠮᠦᠰ᠎ᠤᠨ ᠨᠡᠩ ᠰᠠᠢ᠌ᠨ ᠰᠤᠩᠭᠤᠯᠳᠠ ᠪᠤᠯᠬᠤ ᠪᠤᠯᠤᠨ᠎ᠠ᠃


_menksoft_page_break_tag_


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠪᠦᠲᠦᠭᠡᠭᠳᠡᠬᠦᠨ᠎ᠤ ᠣᠶ ᠵᠢᠨ ᠰᠢᠯᠭ᠋ᠠᠨ ᠪᠠᠶ᠋ᠢᠴᠠᠭ᠋ᠠᠵᠤ ᠬᠢᠨᠠᠨ ᠬᠡᠮᠵᠢᠬᠦ ᠲᠥᠪ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠢᠯᠭ᠋ᠠᠨ ᠪᠠᠢ᠌ᠴᠠᠭ᠋ᠠᠯᠳᠠ ᠵᠢ ᠦᠩᠭᠡᠷᠡᠪᠡ
ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠠᠩᠬᠠᠳᠤᠭ᠋ᠠᠷ ᠬᠤᠷᠠᠯ ᠪᠡᠯᠡᠳᠬᠡᠯ ᠬᠤᠷᠠᠯ ᠬᠢᠪᠡ
ᠪᠦᠬᠦ ᠤᠯᠤᠰ᠎ᠤᠨ ᠬᠤᠶᠠᠷ ᠬᠤᠷᠠᠯ᠎ᠤᠨ ᠮᠡᠳᠡᠭᠡᠯᠡᠯ
ᠪᠦᠬᠦ ᠤᠯᠤᠰ᠎ᠤᠨ ᠬᠤᠶᠠᠷ ᠬᠤᠷᠠᠯ᠎ᠤᠨ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠲᠤᠭᠤᠰᠢᠯᠠᠭᠤᠯᠪᠠ
 
             蒙ICP备05000248号