ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠦᠷ ᠮᠣᠩᠭᠤᠯ ᠣᠷᠤᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠨᠡᠶ᠋ᠢᠲᠡᠯᠡᠭᠰᠡᠨ ᠴᠠᠭ᠄ 2022-02-16

     2 ᠰᠠᠷ᠎ᠠ ᠵᠢᠨ 15᠎ᠤ ᠡᠳᠦᠷ᠎ᠤᠨ 0 — 24 ᠴᠠᠭ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ ᠪᠠ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ᠎ᠪᠠᠷ ᠨᠡᠮᠡᠭᠳᠡᠭᠰᠡᠨ ᠥᠬᠡᠶ᠂ ᠲᠤᠬᠠᠢ ᠵᠢᠨ ᠭᠠᠵᠠᠷ᠎ᠤᠨ ᠲᠣᠳᠤᠯᠠᠭᠰᠠᠨ ᠡᠪᠡᠳᠴᠢᠨ᠎ᠤ ᠵᠢᠱ᠌ᠢᠶ᠎ᠡ 7 (ᠬᠥᠬᠡᠬᠤᠲᠠ ᠵᠢᠨ ᠢᠤᠢ ᠴᠢᠤᠸᠠᠨ ᠲᠣᠭᠤᠷᠢᠭ᠎ᠲᠤ 1᠂ ᠰᠠᠶ᠋ᠢᠬᠠᠨ ᠲᠣᠭᠤᠷᠢᠭ᠎ᠲᠤ 1᠂ ᠬᠥᠯᠥᠨ ᠪᠤᠶ᠋ᠢᠷ᠎ᠤᠨ ᠮᠠᠨᠵᠤᠤᠷ ᠬᠤᠲᠠ᠎ᠳᠤ 5) ᠰᠢᠨ᠎ᠡ᠎ᠪᠠᠷ ᠨᠡᠮᠡᠭᠳᠡᠵᠡᠶ᠃ ᠰᠢᠨ᠎ᠡ᠎ᠪᠠᠷ ᠨᠡᠮᠡᠭᠳᠡᠭᠰᠡᠨ ᠲᠤᠬᠠᠢ ᠵᠢᠨ ᠭᠠᠵᠠᠷ᠎ᠤᠨ ᠲᠣᠳᠤᠯᠠᠭᠰᠠᠨ ᠡᠪᠡᠳᠴᠢᠨ᠎ᠤ ᠵᠢᠱ᠌ᠢᠶ᠎ᠡ ᠵᠢᠨ ᠪᠣᠳᠠᠲᠠᠶ ᠪᠠᠶ᠋ᠢᠳᠠᠯ᠎ᠨᠢ ᠳᠣᠤᠷᠠᠬᠢ ᠮᠡᠲᠦ᠄ ᠲᠣᠳᠤᠯᠠᠭᠰᠠᠨ ᠡᠪᠡᠳᠴᠢᠨ᠎ᠤ ᠵᠢᠱ᠌ᠢᠶ᠎ᠡ 1᠂ 2᠄ ᠬᠠᠮᠲᠤ ᠠᠵᠢᠯᠲᠠᠨ᠎ᠤ ᠬᠠᠷᠢᠴᠠᠭ᠎ᠠ᠎ᠲᠠᠢ᠂ ᠴᠥᠮ ᠬᠥᠬᠡᠬᠤᠲᠠ ᠵᠢᠨ 2 ᠰᠠᠷ᠎ᠠ ᠵᠢᠨ 15᠎ᠤ ᠡᠳᠦᠷ ᠰᠠᠨᠠᠭ᠋ᠠᠴᠢᠯᠠᠭ᠎ᠠ᠎ᠠᠴᠠ᠎ᠪᠠᠨ ᠬᠢᠭᠰᠡᠨ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ᠎ᠪᠠᠷ ᠳᠠᠮᠵᠢᠨ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠬᠤ᠎ᠳᠤ ᠮᠦᠨ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ᠎ᠤ ᠣᠨᠤᠰᠢᠯᠠᠯᠲᠠ᠎ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠲᠣᠳᠤᠯᠠᠭᠰᠠᠨ ᠡᠪᠡᠳᠴᠢᠨ᠎ᠤ ᠵᠢᠱ᠌ᠢᠶ᠎ᠡ ᠪᠣᠯᠬᠤ ᠵᠢ ᠲᠣᠳᠤᠯᠠᠪᠠ᠃ ᠲᠣᠳᠤᠯᠠᠭᠰᠠᠨ ᠡᠪᠡᠳᠴᠢᠨ᠎ᠤ ᠵᠢᠱ᠌ᠢᠶ᠎ᠡ 3᠂ 4᠄ ᠴᠥᠮ ᠮᠠᠨᠵᠤᠤᠷ ᠬᠤᠲᠠ ᠵᠢᠨ 2 ᠰᠠᠷ᠎ᠠ ᠵᠢᠨ 15᠎ᠤ ᠡᠳᠦᠷ ᠰᠠᠨᠠᠭ᠋ᠠᠴᠢᠯᠠᠭ᠎ᠠ᠎ᠠᠴᠠ᠎ᠪᠠᠨ ᠬᠢᠭᠰᠡᠨ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ᠎ᠪᠠᠷ ᠳᠠᠮᠵᠢᠨ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠬᠤ᠎ᠳᠤ ᠮᠦᠨ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ᠎ᠤ ᠣᠨᠤᠰᠢᠯᠠᠯᠲᠠ᠎ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠲᠣᠳᠤᠯᠠᠭᠰᠠᠨ ᠡᠪᠡᠳᠴᠢᠨ᠎ᠤ ᠵᠢᠱ᠌ᠢᠶ᠎ᠡ ᠪᠣᠯᠬᠤ ᠵᠢ ᠲᠣᠳᠤᠯᠠᠪᠠ᠃ ᠲᠣᠳᠤᠯᠠᠭᠰᠠᠨ ᠡᠪᠡᠳᠴᠢᠨ᠎ᠤ ᠵᠢᠱ᠌ᠢᠶ᠎ᠡ 5 — 7᠄ ᠴᠥᠮ ᠡᠪᠡᠳᠴᠢᠨ᠎ᠤ ᠵᠢᠱ᠌ᠢᠶ᠎ᠡ 3᠂ 4 ᠵᠢᠨ ᠨᠢᠭᠲᠠ ᠣᠶ᠋ᠢᠷᠠᠲᠤᠭᠰᠠᠳ ᠪᠠᠶ᠋ᠢᠵᠤ᠂ ᠨᠢᠭᠲᠠ ᠣᠶ᠋ᠢᠷᠠᠲᠤᠭᠰᠠᠳ᠎ᠤᠨ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ᠎ᠳᠤ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠬᠤ᠎ᠳᠤ ᠮᠦᠨ ᠠᠷᠭ᠎ᠠ ᠴᠢᠨᠠᠷ ᠢᠯᠡᠷᠡᠵᠦ᠂ ᠲᠤᠰᠬᠠᠶ ᠮᠡᠷᠭᠡᠵᠢᠯᠲᠡᠨ᠎ᠤ ᠣᠨᠤᠰᠢᠯᠠᠯᠲᠠ᠎ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠲᠣᠳᠤᠯᠠᠭᠰᠠᠨ ᠡᠪᠡᠳᠴᠢᠨ᠎ᠤ ᠵᠢᠱ᠌ᠢᠶ᠎ᠡ ᠪᠣᠯᠬᠤ ᠵᠢ ᠲᠣᠳᠤᠯᠠᠪᠠ᠃ ᠣᠳᠣᠬᠠᠨ᠎ᠳᠤ᠂ ᠳᠡᠭᠡᠷ᠎ᠡ ᠳᠤᠷᠠᠳᠤᠭᠰᠠᠨ 7 ᠬᠥᠮᠦᠨ᠎ᠢ ᠴᠦᠮ ᠨᠢᠭᠡᠨᠲᠡ ᠲᠣᠭᠲᠠᠭᠰᠠᠨ ᠡᠮᠨᠡᠯᠭᠡ ᠵᠢᠨ ᠬᠤᠷᠢᠶ᠎ᠠ᠎ᠳᠤ ᠰᠢᠯᠵᠢᠭᠦᠯᠦᠨ ᠲᠤᠰᠠᠭ᠋ᠠᠷᠯᠠᠨ ᠡᠮᠴᠢᠯᠡᠵᠦ᠂ ᠬᠠᠮᠢᠶ᠎ᠠ ᠪᠥᠬᠦᠶ ᠳᠠᠬᠤᠯ ᠡᠪᠡᠳᠴᠢᠨ᠎ᠤ ᠪᠠᠶ᠋ᠢᠴᠠᠭ᠋ᠠᠯᠲᠠ᠂ ᠰᠢᠭᠰᠢᠨ ᠪᠠᠶ᠋ᠢᠴᠠᠭ᠋ᠠᠬᠤ ᠵᠡᠷᠭᠡ ᠠᠵᠢᠯ᠎ᠢ ᠡᠷᠴᠢᠮᠲᠡᠢ ᠶᠠᠪᠤᠭᠳᠠᠭᠤᠯᠵᠤ ᠪᠠᠶ᠋ᠢᠨ᠎ᠠ᠃

     2 ᠰᠠᠷ᠎ᠠ ᠵᠢᠨ 15᠎ᠤ ᠡᠳᠦᠷ᠎ᠤᠨ 24 ᠴᠠᠭ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠣᠲᠣ ᠪᠠᠶ᠋ᠢᠭ᠎ᠠ ᠲᠤᠬᠠᠢ ᠵᠢᠨ ᠭᠠᠵᠠᠷ᠎ᠤᠨ ᠲᠣᠳᠤᠯᠠᠭᠰᠠᠨ ᠡᠪᠡᠳᠴᠢᠨ᠎ᠤ ᠵᠢᠱ᠌ᠢᠶ᠎ᠡ 7 (ᠬᠥᠬᠡᠬᠤᠲᠠ ᠵᠢᠨ ᠢᠤᠢ ᠴᠢᠤᠸᠠᠨ ᠲᠣᠭᠤᠷᠢᠭ᠎ᠲᠤ 1᠂ ᠰᠠᠶ᠋ᠢᠬᠠᠨ ᠲᠣᠭᠤᠷᠢᠭ᠎ᠲᠤ 1᠂ ᠬᠥᠯᠥᠨ ᠪᠤᠶ᠋ᠢᠷ ᠬᠤᠲᠠ ᠵᠢᠨ ᠮᠠᠨᠵᠤᠤᠷ ᠬᠤᠲᠠ᠎ᠳᠤ 5) ᠪᠣᠶ᠃ ᠪᠦᠬᠦᠨ᠎ᠢ ᠴᠥᠮ ᠲᠣᠭᠲᠠᠭᠰᠠᠨ ᠡᠮᠨᠡᠯᠭᠡ ᠵᠢᠨ ᠬᠤᠷᠢᠶ᠎ᠠ᠎ᠳᠤ ᠲᠤᠰᠠᠭ᠋ᠠᠷᠯᠠᠨ ᠡᠮᠴᠢᠯᠡᠵᠦ᠂ ᠨᠢᠭᠲᠠ ᠣᠶ᠋ᠢᠷᠠᠲᠤᠭᠰᠠᠳ᠎ᠢ᠎ᠨᠢ ᠴᠦᠮ ᠲᠣᠭᠲᠠᠭᠰᠠᠨ ᠭᠠᠵᠠᠷ ᠲᠦᠪᠯᠡᠷᠡᠭᠦᠯᠦᠨ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ᠂ ᠬᠢᠵᠢᠭ ᠲᠠᠷᠬᠠᠬᠤ ᠵᠢ ᠴᠢᠩᠭ᠎ᠠ ᠰᠡᠷᠭᠡᠶ᠋ᠢᠯᠡᠵᠦ ᠪᠤᠢ᠃
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠦᠪᠦᠷ ᠮᠣᠩᠭᠤᠯ ᠣᠷᠤᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠥᠪᠦᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ᠎ᠤᠨ ᠬᠢᠵᠢᠭ᠎ᠤᠨ ᠪᠠᠶ᠋ᠢᠳᠠᠯ
ᠥᠪᠥᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠥᠪᠥᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠥᠪᠥᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
 
             蒙ICP备05000248号