ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠦᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ᠎ᠤᠨ ᠬᠢᠵᠢᠭ᠎ᠤᠨ ᠪᠠᠶ᠋ᠢᠳᠠᠯ
ᠨᠡᠶ᠋ᠢᠲᠡᠯᠡᠭᠰᠡᠨ ᠴᠠᠭ᠄ 2022-02-23

     2 ᠰᠠᠷ᠎ᠠ ᠵᠢᠨ 21᠎ᠤ ᠡᠳᠦᠷ᠎ᠤᠨ 0 ᠴᠠᠭ᠎ᠠᠴᠠ 24 ᠴᠠᠭ ᠪᠣᠯᠲᠠᠯ᠎ᠠ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠲᠤᠬᠠᠢ ᠵᠢᠨ ᠭᠠᠵᠠᠷ᠎ᠤᠨ ᠲᠣᠳᠤᠯᠠᠭᠰᠠᠨ ᠡᠪᠡᠳᠴᠢᠨ᠎ᠤ ᠵᠢᠱ᠌ᠢᠶ᠎ᠡ 20 ᠨᠡᠮᠡᠭᠳᠡᠵᠡᠢ᠂ ᠡᠭᠦᠨ᠎ᠳᠤ᠂ ᠬᠥᠬᠡᠬᠤᠲᠠ᠎ᠳᠤ 18᠂ ᠪᠣᠭᠤᠲᠤ ᠬᠤᠲᠠ᠎ᠳᠤ 1᠂ ᠪᠠᠶᠠᠨᠨᠠᠭᠤᠷ ᠬᠤᠲᠠ᠎ᠳᠤ 1 ᠨᠡᠮᠡᠭᠳᠡᠵᠡᠢ᠃ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 2 (ᠴᠥᠮ ᠪᠠᠶᠠᠨᠨᠠᠭᠤᠷ ᠬᠤᠲᠠ᠎ᠳᠤ) ᠨᠡᠮᠡᠭᠳᠡᠵᠡᠢ᠃ ᠰᠢᠨ᠎ᠡ᠎ᠪᠠᠷ ᠨᠡᠮᠡᠭᠳᠡᠭᠰᠡᠨ ᠡᠪᠡᠳᠴᠢᠨ᠎ᠤ ᠵᠢᠱ᠌ᠢᠶ᠎ᠡ᠎ᠨᠢ ᠴᠥᠮ ᠭᠤᠣᠯᠳᠠᠯᠭ᠎ᠠ᠎ᠲᠠᠢ ᠬᠦᠮᠦᠰ᠂ ᠲᠥᠪᠯᠡᠷᠡᠭᠦᠯᠦᠨ ᠲᠤᠰᠠᠭ᠋ᠠᠷᠯᠠᠬᠤ ᠴᠡᠭ᠂ ᠪᠢᠲᠡᠭᠦᠮᠵᠢᠯᠡᠨ ᠡᠵᠡᠮᠳᠡᠬᠦ ᠣᠷᠣᠨ ᠪᠠ ᠬᠠᠮᠢᠶᠠᠷᠤᠨ ᠡᠵᠡᠮᠳᠡᠬᠦ ᠣᠷᠣᠨ᠎ᠤ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ᠎ᠳᠤ ᠠᠷᠭ᠎ᠠ ᠴᠢᠨᠠᠷ ᠢᠯᠡᠷᠡᠭᠰᠡᠨ ᠬᠦᠮᠦᠰ ᠪᠣᠯᠤᠨ᠎ᠠ᠃ 2 ᠳ᠋ᠤᠭ᠋ᠠᠷ ᠰᠠᠷ᠎ᠠ ᠵᠢᠨ 21᠎ᠤ ᠡᠳᠦᠷ᠎ᠤᠨ 24 ᠴᠠᠭ ᠪᠣᠯᠲᠠᠯ᠎ᠠ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠣᠳᠤ ᠪᠠᠶ᠋ᠢᠭ᠎ᠠ ᠲᠤᠬᠠᠢ ᠵᠢᠨ ᠭᠠᠵᠠᠷ᠎ᠤᠨ ᠲᠣᠳᠤᠯᠠᠭᠰᠠᠨ ᠡᠪᠡᠳᠴᠢᠨ᠎ᠤ ᠵᠢᠱ᠌ᠢᠶ᠎ᠡ 195 ᠪᠠᠶ᠋ᠢᠵᠤ᠂ ᠡᠭᠦᠨ᠎ᠳᠤ ᠬᠥᠬᠡᠬᠤᠲᠠ᠎ᠳᠤ 179᠂ ᠪᠣᠭᠤᠲᠤ ᠬᠤᠲᠠ᠎ᠳᠤ 9᠂ ᠬᠦᠯᠦᠨ ᠪᠤᠶ᠋ᠢᠷ ᠬᠤᠲᠠ᠎ᠳᠤ 5᠂ ᠪᠠᠶᠠᠨᠨᠠᠭᠤᠷ ᠬᠤᠲᠠ᠎ᠳᠤ 2 ᠡᠪᠡᠳᠴᠢᠨ᠎ᠤ ᠵᠢᠱ᠌ᠢᠶ᠎ᠡ ᠪᠤᠢ᠃ ᠲᠤᠬᠠᠢ ᠵᠢᠨ ᠭᠠᠵᠠᠷ᠎ᠤᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 2 (ᠴᠥᠮ ᠪᠠᠶᠠᠨᠨᠠᠭᠤᠷ ᠬᠤᠲᠠ᠎ᠳᠤ) ᠪᠤᠢ᠃ ᠬᠢᠯᠢ ᠵᠢᠨ ᠭᠠᠳᠠᠨ᠎ᠠ᠎ᠠᠴᠠ ᠣᠷᠣᠵᠣ ᠢᠷᠡᠭᠰᠡᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 1 (ᠲᠦᠩᠯᠢᠶᠣᠣ ᠬᠤᠲᠠ᠎ᠳᠤ) ᠪᠣᠢ᠃ ᠪᠦᠬᠦᠨ᠎ᠢ ᠲᠣᠭᠲᠠᠭᠰᠠᠨ ᠡᠮᠨᠡᠯᠭᠡ ᠵᠢᠨ ᠬᠤᠷᠢᠶ᠎ᠠ᠎ᠳᠤ ᠲᠤᠰᠠᠭ᠋ᠠᠷᠯᠠᠨ ᠡᠮᠴᠢᠯᠡᠵᠦ᠂ ᠨᠢᠭᠲᠠ ᠣᠶ᠋ᠢᠷᠠᠲᠤᠭᠰᠠᠳ᠎ᠢ᠎ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ᠂ ᠬᠢᠵᠢᠭ ᠲᠠᠷᠬᠠᠬᠤ ᠵᠢ ᠴᠢᠩᠭ᠎ᠠ ᠰᠡᠷᠭᠡᠶ᠋ᠢᠯᠡᠵᠦ ᠪᠤᠢ᠃
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠥᠪᠥᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠥᠪᠥᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠥᠪᠥᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠦᠪᠦᠷ ᠮᠣᠩᠭᠤᠯ ᠣᠷᠤᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
 
             蒙ICP备05000248号