ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠨᠡᠶ᠋ᠢᠲᠡᠯᠡᠭᠰᠡᠨ ᠴᠠᠭ᠄ 2022-03-18

     3 ᠰᠠᠷ᠎ᠠ ᠵᠢᠨ 16᠎ᠤ ᠡᠳᠦᠷ᠎ᠤᠨ 0 ᠴᠠᠭ᠎ᠠᠴᠠ 24 ᠴᠠᠭ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠲᠤᠬᠠᠢ ᠵᠢᠨ ᠭᠠᠵᠠᠷ᠎ᠤᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 4 (ᠴᠥᠮ ᠲᠦᠩᠯᠢᠶᠣᠣ ᠬᠤᠲᠠ᠎ᠳᠤ ᠪᠣᠢ) ᠨᠡᠮᠡᠭᠳᠡᠵᠡᠢ᠃ ᠲᠤᠬᠠᠢ ᠵᠢᠨ ᠭᠠᠵᠠᠷ᠎ᠤᠨ 10 ᠲᠣᠳᠣᠯᠠᠭᠰᠠᠨ ᠡᠪᠡᠳᠴᠢᠨ᠎ᠤ ᠵᠢᠱ᠌ᠢᠶ᠎ᠡ ᠢᠯᠠᠷᠢᠰᠢᠵᠤ ᠡᠮᠨᠡᠯᠭᠡ᠎ᠠᠴᠠ ᠭᠠᠷᠪᠠ᠂ ᠡᠭᠦᠨ᠎ᠳᠤ ᠬᠥᠬᠡᠬᠤᠲᠠ᠎ᠳᠤ 4᠂ ᠪᠤᠭᠤᠲᠤ ᠬᠤᠲᠠ᠎ᠳᠤ 2᠂ ᠬᠥᠯᠥᠨ ᠪᠣᠶ᠋ᠢᠷ ᠬᠤᠲᠠ᠎ᠳᠤ 3᠂ ᠣᠷᠳᠣᠰ ᠬᠤᠲᠠ᠎ᠳᠤ 1 ᠪᠣᠢ᠃ 3 ᠰᠠᠷ᠎ᠠ ᠵᠢᠨ 16᠎ᠤ ᠡᠳᠦᠷ᠎ᠤᠨ 24 ᠴᠠᠭ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠪᠠᠶ᠋ᠢᠭ᠎ᠠ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ 24 ᠪᠠᠶ᠋ᠢᠵᠤ᠂ ᠡᠭᠦᠨ᠎ᠳᠤ ᠬᠥᠬᠡᠬᠤᠲᠠ᠎ᠳᠤ 9᠂ ᠪᠤᠭᠤᠲᠤ ᠬᠤᠲᠠ᠎ᠳᠤ 6᠂ ᠬᠥᠯᠥᠨ ᠪᠣᠶ᠋ᠢᠷ ᠬᠤᠲᠠ᠎ᠳᠤ 5᠂ ᠣᠷᠳᠣᠰ ᠬᠤᠲᠠ᠎ᠳᠤ 2᠂ ᠠᠯᠠᠱ᠌ᠠ ᠠᠶ᠋ᠢᠮᠠᠭ᠎ᠲᠤ 2 ᠪᠣᠢ᠃ ᠲᠤᠬᠠᠢ ᠵᠢᠨ ᠭᠠᠵᠠᠷ᠎ᠤᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ᠪᠠᠶ᠋ᠢᠵᠤ᠂ ᠲᠦᠩᠯᠢᠶᠣᠣ ᠬᠤᠲᠠ᠎ᠳᠤ 5᠂ ᠪᠠᠶᠠᠨᠨᠠᠭᠤᠷ ᠬᠤᠲᠠ᠎ᠳᠤ 1 ᠪᠣᠢ᠃ ᠬᠢᠯᠢ ᠵᠢᠨ ᠭᠠᠳᠠᠨ᠎ᠠ᠎ᠠᠴᠠ ᠣᠷᠣᠵᠤ ᠢᠷᠡᠭᠰᠡᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 1 (ᠤᠯᠠᠭ᠋ᠠᠨᠬᠠᠳᠠ ᠬᠤᠲᠠ᠎ᠳᠤ) ᠪᠣᠢ᠃ ᠪᠥᠬᠦᠨ᠎ᠢ ᠲᠣᠭᠲᠠᠭᠰᠠᠨ ᠡᠮᠨᠡᠯᠭᠡ ᠵᠢᠨ ᠬᠤᠷᠢᠶ᠎ᠠ᠎ᠳᠤ ᠲᠤᠰᠠᠭ᠋ᠠᠷᠯᠠᠨ ᠡᠮᠴᠢᠯᠡᠵᠦ᠂ ᠨᠢᠭᠲᠠ ᠣᠶ᠋ᠢᠷᠠᠲᠤᠭᠰᠠᠳ᠎ᠢ᠎ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ᠂ ᠬᠢᠵᠢᠭ ᠲᠠᠷᠬᠠᠬᠤ ᠵᠢ ᠴᠢᠩᠭ᠎ᠠ ᠰᠡᠷᠭᠡᠶ᠋ᠢᠯᠡᠵᠦ ᠪᠣᠢ᠃ 2 ᠰᠠᠷ᠎ᠠ ᠵᠢᠨ 15᠎ᠤ ᠡᠳᠦᠷ᠎ᠠᠴᠠ ᠨᠠᠭ᠋ᠠᠰᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠮᠡᠳᠡᠭᠦᠯᠦᠭᠰᠡᠨ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ ᠨᠡᠶ᠋ᠢᠲᠡ 475 ᠪᠠᠶ᠋ᠢᠵᠤ᠂ ᠡᠭᠦᠨ᠎ᠳᠤ ᠬᠥᠬᠡᠬᠤᠲᠠ᠎ᠳᠤ 427᠂ ᠪᠤᠭᠤᠲᠤ ᠬᠤᠲᠠ᠎ᠳᠤ 25᠂ ᠬᠥᠯᠥᠨ ᠪᠣᠶ᠋ᠢᠷ ᠬᠤᠲᠠ᠎ᠳᠤ 15᠂ ᠣᠷᠳᠣᠰ ᠬᠤᠲᠠ᠎ᠳᠤ 3 ᠪᠠᠶᠠᠨᠨᠠᠭᠤᠷ ᠬᠤᠲᠠ᠎ᠳᠤ 3᠂ ᠠᠯᠠᠱ᠌ᠠ ᠠᠶ᠋ᠢᠮᠠᠭ᠎ᠲᠤ 2 ᠪᠣᠢ᠃ ᠢᠯᠠᠷᠢᠰᠢᠵᠤ ᠡᠮᠨᠡᠯᠭᠡ᠎ᠠᠴᠠ ᠭᠠᠷᠤᠭᠰᠠᠨ ᠡᠪᠡᠳᠴᠢᠲᠡᠨ ᠨᠡᠶ᠋ᠢᠲᠡ 451 ᠪᠠᠶ᠋ᠢᠨ᠎ᠠ᠂ ᠡᠭᠦᠨ᠎ᠳᠤ ᠬᠥᠬᠡᠬᠤᠲᠠ᠎ᠳᠤ 418᠂ ᠪᠤᠭᠤᠲᠤ ᠬᠤᠲᠠ᠎ᠳᠤ 19᠂ ᠬᠥᠯᠥᠨ ᠪᠣᠶ᠋ᠢᠷ ᠬᠤᠲᠠ᠎ᠳᠤ 10᠂ ᠪᠠᠶᠠᠨᠨᠠᠭᠤᠷ ᠬᠤᠲᠠ᠎ᠳᠤ 3᠂ ᠣᠷᠳᠣᠰ ᠬᠤᠲᠠ᠎ᠳᠤ 1 ᠪᠣᠢ᠃
   

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ ᠣᠷᠣᠨ᠎ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠦᠪᠦᠷ ᠮᠣᠩᠭᠤᠯ ᠣᠷᠤᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠦᠪᠦᠷ ᠮᠣᠩᠭᠤᠯ ᠣᠷᠤᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠦᠪᠦᠷ ᠮᠣᠩᠭᠤᠯ ᠣᠷᠤᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
ᠦᠪᠦᠷ ᠮᠣᠩᠭᠤᠯ ᠣᠷᠤᠨ᠎ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ
 
             蒙ICP备05000248号