3 ᠰᠠᠷ᠎ᠠ ᠵᠢᠨ 20᠎ᠤ ᠡᠳᠦᠷ᠎ᠤᠨ 0 ᠴᠠᠭ᠎ᠠᠴᠠ 24 ᠴᠠᠭ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ 2 (ᠴᠥᠮ ᠬᠥᠬᠡᠬᠤᠲᠠ᠎ᠳᠤ) ᠨᠡᠮᠡᠭᠳᠡᠵᠡᠢ᠃ ᠲᠤᠬᠠᠢ ᠵᠢᠨ ᠭᠠᠵᠠᠷ᠎ᠤᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 5 (ᠴᠥᠮ ᠬᠥᠬᠡᠬᠤᠲᠠ᠎ᠳᠤ) ᠨᠡᠮᠡᠭᠳᠡᠵᠡᠢ᠃ ᠲᠤᠬᠠᠢ ᠵᠢᠨ ᠭᠠᠵᠠᠷ᠎ᠤᠨ 2 ᠲᠣᠳᠣᠯᠠᠭᠰᠠᠨ ᠡᠪᠡᠳᠴᠢᠨ᠎ᠤ ᠵᠢᠱ᠌ᠢᠶ᠎ᠡ (ᠬᠥᠬᠡᠬᠤᠲᠠ᠎ᠳᠤ 1᠂ ᠣᠷᠳᠣᠰ ᠬᠤᠲᠠ᠎ᠳᠤ 1) ᠢᠯᠠᠷᠢᠰᠢᠵᠤ ᠡᠮᠨᠡᠯᠭᠡ᠎ᠠᠴᠠ ᠭᠠᠷᠪᠠ᠃ 3 ᠰᠠᠷ᠎ᠠ ᠵᠢᠨ 20᠎ᠤ ᠡᠳᠦᠷ᠎ᠤᠨ 24 ᠴᠠᠭ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠣᠳᠣ ᠪᠠᠶ᠋ᠢᠭ᠎ᠠ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ 10 ᠪᠠᠶ᠋ᠢᠵᠤ᠂ ᠡᠭᠦᠨ᠎ᠳᠤ ᠬᠥᠬᠡᠬᠤᠲᠠ᠎ᠳᠤ 5᠂ ᠬᠥᠯᠥᠨ ᠪᠣᠶ᠋ᠢᠷ ᠬᠤᠲᠠ᠎ᠳᠤ 1᠂ ᠲᠦᠩᠯᠢᠶᠣᠣ ᠬᠤᠲᠠ᠎ᠳᠤ 4 ᠪᠣᠢ᠃ ᠲᠤᠬᠠᠢ ᠵᠢᠨ ᠭᠠᠵᠠᠷ᠎ᠤᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 24 ᠪᠠᠶ᠋ᠢᠵᠤ᠂ ᠡᠭᠦᠨ᠎ᠳᠤ ᠬᠥᠬᠡᠬᠤᠲᠠ᠎ᠳᠤ 19᠂ ᠲᠦᠩᠯᠢᠶᠣᠣ ᠬᠤᠲᠠ᠎ᠳᠤ 5 ᠪᠣᠢ᠃ ᠬᠢᠯᠢ ᠵᠢᠨ ᠭᠠᠳᠠᠨ᠎ᠠ᠎ᠠᠴᠠ ᠣᠷᠣᠵᠤ ᠢᠷᠡᠭᠰᠡᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ 1 (ᠤᠯᠠᠭ᠋ᠠᠨᠬᠠᠳᠠ ᠬᠤᠲᠠ᠎ᠳᠤ) ᠪᠣᠢ᠃ ᠪᠥᠬᠦᠨ᠎ᠢ ᠲᠣᠭᠲᠠᠭᠰᠠᠨ ᠡᠮᠨᠡᠯᠭᠡ ᠵᠢᠨ ᠬᠤᠷᠢᠶ᠎ᠠ᠎ᠳᠤ ᠲᠤᠰᠠᠭ᠋ᠠᠷᠯᠠᠨ ᠡᠮᠴᠢᠯᠡᠵᠦ᠂ ᠨᠢᠭᠲᠠ ᠣᠶ᠋ᠢᠷᠠᠲᠤᠭᠰᠠᠳ᠎ᠢ᠎ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ᠂ ᠬᠢᠵᠢᠭ ᠲᠠᠷᠬᠠᠬᠤ ᠵᠢ ᠴᠢᠩᠭ᠎ᠠ ᠰᠡᠷᠭᠡᠶ᠋ᠢᠯᠡᠵᠦ ᠪᠣᠢ᠃ 2 ᠰᠠᠷ᠎ᠠ ᠵᠢᠨ 15᠎ᠤ ᠡᠳᠦᠷ᠎ᠠᠴᠠ ᠨᠠᠭ᠋ᠠᠰᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠮᠡᠳᠡᠭᠦᠯᠦᠭᠰᠡᠨ ᠲᠤᠬᠠᠢ ᠵᠢᠨ ᠭᠠᠵᠠᠷ᠎ᠤᠨ ᠲᠣᠳᠣᠯᠠᠭᠰᠠᠨ ᠡᠪᠡᠳᠴᠢᠨ᠎ᠤ ᠵᠢᠱ᠌ᠢᠶ᠎ᠡ ᠨᠡᠶ᠋ᠢᠲᠡ 484 ᠪᠠᠶ᠋ᠢᠵᠤ᠂ ᠡᠭᠦᠨ᠎ᠳᠤ ᠬᠥᠬᠡᠬᠤᠲᠠ᠎ᠳᠤ 432᠂ ᠪᠤᠭᠤᠲᠤ ᠬᠤᠲᠠ᠎ᠳᠤ 25᠂ ᠬᠥᠯᠥᠨ ᠪᠣᠶ᠋ᠢᠷ ᠬᠤᠲᠠ᠎ᠳᠤ 15᠂ ᠲᠦᠩᠯᠢᠶᠣᠣ ᠬᠤᠲᠠ᠎ᠳᠤ 4᠂ ᠣᠷᠳᠣᠰ ᠬᠤᠲᠠ᠎ᠳᠤ 3᠂ ᠪᠠᠶᠠᠨᠨᠠᠭᠤᠷ ᠬᠤᠲᠠ᠎ᠳᠤ 3᠂ ᠠᠯᠠᠱ᠌ᠠ ᠠᠶ᠋ᠢᠮᠠᠭ᠎ᠲᠤ 2 ᠪᠣᠢ᠃ ᠢᠯᠠᠷᠢᠰᠢᠵᠤ ᠡᠮᠨᠡᠯᠭᠡ᠎ᠠᠴᠠ ᠭᠠᠷᠤᠭᠰᠠᠨ ᠡᠪᠡᠳᠴᠢᠲᠡᠨ ᠨᠡᠶ᠋ᠢᠲᠡ 474 ᠪᠠᠶ᠋ᠢᠨ᠎ᠠ᠂ ᠡᠭᠦᠨ᠎ᠳᠤ ᠬᠥᠬᠡᠬᠤᠲᠠ᠎ᠳᠤ 427᠂ ᠪᠤᠭᠤᠲᠤ ᠬᠤᠲᠠ᠎ᠳᠤ 25᠂ ᠬᠥᠯᠥᠨ ᠪᠣᠶ᠋ᠢᠷ ᠬᠤᠲᠠ᠎ᠳᠤ 14᠂ ᠣᠷᠳᠣᠰ ᠬᠤᠲᠠ᠎ᠳᠤ 3᠂ ᠪᠠᠶᠠᠨᠨᠠᠭᠤᠷ ᠬᠤᠲᠠ᠎ᠳᠤ 3᠂ ᠠᠯᠠᠱ᠌ᠠ ᠠᠶ᠋ᠢᠮᠠᠭ᠎ᠲᠤ 2 ᠪᠣᠢ᠃