4 ᠰᠠᠷ᠎ᠠ ᠵᠢᠨ 5᠎ᠤ ᠡᠳᠦᠷ᠎ᠤᠨ 0 ᠴᠠᠭ᠎ᠠᠴᠠ 24 ᠴᠠᠭ ᠪᠣᠯᠲᠠᠯ᠎ᠠ᠂ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠤᠨ᠎ᠳᠤ ᠲᠤᠬᠠᠢ ᠵᠢᠨ ᠭᠠᠵᠠᠷ᠎ᠤᠨ ᠲᠣᠳᠤᠯᠠᠭᠰᠠᠨ ᠡᠪᠡᠳᠴᠢᠨ᠎ᠤ ᠵᠢᠱ᠌ᠢᠶ᠎ᠡ᠂ ᠰᠡᠵᠢᠭᠯᠡᠯᠲᠡᠢ ᠡᠪᠡᠳᠴᠢᠨ᠎ᠤ ᠵᠢᠱ᠌ᠢᠶ᠎ᠡ᠂ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ 4 ᠰᠠᠷ᠎ᠠ ᠵᠢᠨ 5᠎ᠤ ᠡᠳᠦᠷ᠎ᠤᠨ 24 ᠴᠠᠭ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠣᠲᠣ ᠪᠠᠶ᠋ᠢᠭ᠎ᠠ ᠲᠤᠬᠠᠶ ᠵᠢᠨ ᠭᠠᠵᠠᠷ᠎ᠤᠨ ᠳᠣᠲᠣᠯᠠᠭᠰᠠᠨ ᠡᠪᠡᠳᠴᠢᠨ᠎ᠤ ᠵᠢᠱ᠌ᠢᠶ᠎ᠡ 6 ᠪᠠᠶ᠋ᠢᠵᠦ᠂ ᠡᠬᠦᠨ᠎ᠳᠤ ᠬᠥᠬᠡᠬᠤᠲᠠ᠎ᠳᠤ 1᠂ ᠲᠦᠩᠯᠢᠶᠣᠣ ᠬᠤᠲᠠ᠎ᠳᠤ 4᠂ ᠤᠯᠠᠭ᠋ᠠᠨᠬᠠᠳᠠ᠎ᠳᠤ 1 ᠪᠤᠢ᠃ ᠳᠤᠬᠠᠢ ᠵᠢᠨ ᠭᠠᠵᠠᠷ᠎ᠤᠨ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠳᠠᠬ᠍ᠴᠢ 18 ᠪᠠᠶ᠋ᠢᠵᠤ᠂ ᠡᠭᠦᠨ᠎ᠳᠤ ᠬᠦᠬᠡᠬᠤᠳᠠ᠎ᠳᠤ 9᠂ ᠲᠦᠩᠯᠢᠶᠣᠣ ᠬᠤᠲᠠ᠎ᠳᠤ 9 ᠪᠤᠢ᠃ ᠬᠢᠯᠢ ᠵᠢᠨ ᠭᠠᠳᠠᠨ᠎ᠠ᠎ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ᠎ᠤ ᠵᠢᠱ᠌ᠢᠶ᠎ᠡ 1 (ᠤᠯᠠᠭ᠋ᠠᠨᠬᠠᠳᠠ ᠬᠤᠲᠠ᠎ᠳᠤ) ᠪᠣᠢ᠃ ᠪᠦᠬᠦᠨ᠎ᠢ ᠲᠣᠭᠲᠠᠭᠰᠠᠨ ᠡᠮᠨᠡᠯᠭᠡ ᠵᠢᠨ ᠬᠤᠷᠢᠶ᠎ᠠ᠎ᠳᠤ ᠲᠤᠰᠠᠭ᠋ᠠᠷᠯᠠᠨ ᠡᠮᠴᠢᠯᠡᠵᠦ᠂ ᠨᠢᠭᠲᠠ ᠣᠶ᠋ᠢᠷᠠᠲᠤᠭᠰᠠᠳ᠎ᠢ᠎ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ᠂ ᠬᠢᠵᠢᠭ ᠲᠠᠷᠬᠠᠬᠤ ᠵᠢ ᠴᠢᠩᠭ᠎ᠠ ᠰᠡᠷᠭᠡᠶ᠋ᠢᠯᠡᠵᠦ ᠪᠤᠢ᠃ 2 ᠰᠠᠷ᠎ᠠ ᠵᠢᠨ 15᠎ᠤ ᠡᠳᠦᠷ᠎ᠠᠴᠠ ᠨᠠᠭ᠋ᠠᠰᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠮᠡᠳᠡᠭᠦᠯᠦᠭᠰᠡᠨ ᠲᠤᠬᠠᠶ ᠵᠢᠨ ᠭᠠᠵᠠᠷ᠎ᠤᠨ ᠳᠣᠲᠣᠯᠠᠭᠰᠠᠨ ᠡᠪᠡᠳᠴᠢᠨ᠎ᠤ ᠵᠢᠱ᠌ᠢᠶ᠎ᠡ ᠨᠡᠶ᠋ᠢᠲᠡ 492 ᠪᠠᠶ᠋ᠢᠵᠤ᠂ ᠡᠭᠦᠨ᠎ᠳᠤ ᠬᠥᠬᠡᠬᠤᠲᠠ᠎ᠳᠤ 436᠂ ᠪᠤᠭᠤᠲᠤ ᠬᠤᠲᠠ᠎ᠳᠤ 25᠂ ᠬᠥᠯᠥᠨ ᠪᠣᠶ᠋ᠢᠷ ᠬᠤᠲᠠ᠎ᠳᠤ 15᠂ ᠲᠦᠩᠯᠢᠶᠣᠣ ᠬᠤᠲᠠ᠎ᠳᠤ 7᠂ ᠤᠯᠠᠭ᠋ᠠᠨᠬᠠᠳᠠ ᠬᠤᠲᠠ᠎ᠳᠤ 1᠂ ᠤᠷᠳᠤᠰ ᠬᠤᠲᠠ᠎ᠳᠤ 3᠂ ᠪᠠᠶᠠᠨᠨᠠᠭᠤᠷ ᠬᠤᠲᠠ᠎ᠳᠤ 3᠂ ᠠᠯᠠᠱ᠌ᠠ ᠠᠶ᠋ᠢᠮᠠᠬ᠎ᠲᠤ 2 ᠪᠣᠶ᠃ ᠢᠯᠡᠷᠢᠰᠢᠵᠤ ᠡᠮᠨᠡᠯᠭᠡ᠎ᠠᠴᠠ ᠭᠠᠷᠤᠭᠰᠠᠨ ᠡᠪᠡᠳᠴᠢᠲᠡᠨ ᠨᠡᠶ᠋ᠢᠲᠡ 486 ᠪᠠᠶ᠋ᠢᠨ᠎ᠠ᠂ ᠡᠭᠦᠨ᠎ᠳᠤ ᠬᠥᠬᠡᠬᠤᠲᠠ᠎ᠳᠤ 435᠂ ᠪᠤᠭᠤᠲᠤ ᠬᠤᠲᠠ᠎ᠳᠤ 25᠂ ᠬᠥᠯᠥᠨ ᠪᠣᠶ᠋ᠢᠷ ᠬᠤᠲᠠ᠎ᠳᠤ 15᠂ ᠣᠷᠳᠤᠰ ᠬᠤᠲᠠ᠎ᠳᠤ 3᠂ ᠪᠠᠶᠠᠨᠨᠠᠭᠤᠷ ᠬᠤᠲᠠ᠎ᠳᠤ 3᠂ ᠠᠯᠠᠱ᠌ᠠ ᠠᠶ᠋ᠢᠮᠠᠭ᠎ᠲᠤ 2 ᠪᠣᠶ᠃