ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠤᠨ ᠠᠷᠪᠠᠨ ᠨᠠᠢ᠍ᠮᠠᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠡᠭᠡᠵᠢᠩ᠎ᠳᠤ ᠡᠬᠢᠯᠡᠪᠡ ᠰᠢ ᠵᠢᠨ ᠫᠢᠩ ᠵᠤᠤ ᠯᠧ ᠵᠢᠢ ᠸᠠᠩ ᠬᠤ᠌ ᠨᠢᠩ ᠳ᠋ᠢᠩ ᠰᠢᠤᠸᠠᠢ ᠰᠢᠶᠠᠩ ᠯᠢ ᠰᠢ ᠬᠤᠷᠠᠯ᠎ᠳᠤ ᠣᠷᠣᠯᠴᠠᠵᠤ ᠪᠠᠶᠠᠷ ᠬᠦᠷᠭᠡᠵᠡᠢ ᠼᠠᠢ ᠴᠢ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠠᠴᠠ ᠪᠠᠶᠠᠷ᠎ᠤᠨ ᠦᠭᠡ ᠬᠡᠯᠡᠪᠡ
ᠨᠡᠶ᠋ᠢᠲᠡᠯᠡᠭᠰᠡᠨ ᠴᠠᠭ᠄ 2023-10-11

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 10 ᠰᠠᠷ᠎ᠠ ᠵᠢᠨ 9᠎ᠤ ᠴᠠᠭᠢᠯᠭ᠋ᠠᠨ ᠮᠡᠳᠡᠭᠡ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠤᠨ ᠠᠷᠪᠠᠨ ᠨᠠᠢ᠍ᠮᠠᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ 9᠎ᠤ ᠦᠳᠡ ᠵᠢᠨ ᠡᠮᠦᠨ᠎ᠡ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠬᠢᠯᠡᠪᠡ᠃ ᠰᠢ ᠵᠢᠨ ᠫᠢᠩ᠂ ᠵᠣᠣ ᠯᠧ ᠵᠢᠢ᠂ ᠸᠠᠩ ᠬᠤ᠌ ᠨᠢᠩ᠂ ᠳ᠋ᠢᠩ ᠰᠢᠤᠸᠠᠢ ᠰᠢᠶᠠᠩ᠂ ᠯᠢ ᠰᠢ ᠵᠡᠷᠭᠡ ᠨᠠᠮ ᠪᠠ ᠲᠥᠷᠥ ᠵᠢᠨ ᠤᠳᠤᠷᠢᠳᠬᠤ ᠬᠥᠮᠥᠰ ᠬᠤᠷᠠᠯ᠎ᠳᠤ ᠣᠷᠣᠯᠴᠠᠨ ᠪᠠᠶᠠᠷ ᠬᠦᠷᠭᠡᠵᠦ᠂ ᠼᠠᠢ ᠴᠢ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠠᠴᠠ ᠪᠠᠶᠠᠷ᠎ᠤᠨ ᠦᠭᠡ ᠬᠡᠯᠡᠵᠡᠢ᠃



6383253017185222784570203.jpg



      10 ᠰᠠᠷ᠎ᠠ ᠵᠢᠨ 9᠎ᠤ ᠡᠳᠦᠷ᠂ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠤᠨ ᠠᠷᠪᠠᠨ ᠨᠠᠢ᠍ᠮᠠᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠬᠢᠯᠡᠪᠡ᠃ ᠵᠢᠷᠤᠭ ᠪᠣᠯ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠲᠡᠷᠢᠭᠦᠯᠡᠭᠴᠢ ᠵᠢᠨ ᠲᠠᠶ᠋ᠢᠰᠠᠨ᠎ᠠᠴᠠ ᠬᠤᠷᠠᠯ᠎ᠳᠤ ᠤᠷᠤᠯᠴᠠᠬᠰᠡᠨ ᠲᠥᠯᠥᠭᠡᠯᠡᠭᠴᠢᠳ᠎ᠲᠤ ᠮᠡᠨᠳᠦᠴᠢᠯᠡᠯ ᠬᠦᠷᠭᠡᠵᠦ ᠪᠠᠶ᠋ᠢᠭ᠎ᠠ᠎ᠨᠢ᠃

      ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠵᠢᠦᠢ ᠫᠧᠩ ᠰᠡᠭᠦᠳᠡᠷᠯᠡᠪᠡ



      ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠶᠣᠰᠣᠯᠠᠯ᠎ᠤᠨ ᠲᠠᠩᠬᠢᠮ᠎ᠳᠤ ᠭᠦᠷ ᠬᠥᠭᠵᠢᠶᠡᠨ ᠵᠶ᠋ᠠᠷ ᠪᠢᠯᠬᠠᠵᠤ ᠪᠠᠶ᠋ᠢᠯ᠎ᠠ᠃ ᠲᠡᠷᠢᠭᠦᠯᠡᠭᠴᠢ ᠵᠢᠨ ᠲᠠᠶ᠋ᠢᠰᠠᠨ᠎ᠤ ᠳᠡᠭᠡᠷ᠎ᠡ ᠲᠠᠯ᠎ᠠ᠎ᠳᠤ 《ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠤᠨ ᠠᠷᠪᠠᠨ ᠨᠠᠢ᠍ᠮᠠᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ》 ᠭᠡᠬᠦ ᠬᠤᠷᠠᠯ᠎ᠤᠨ ᠲᠡᠮᠳᠡᠭ᠎ᠢ ᠡᠯᠭᠦᠵᠦ᠂ ᠠᠷᠤ ᠬᠥᠰᠢᠭᠡ ᠵᠢᠨ ᠭᠤᠣᠯ ᠳᠤᠮᠳᠠ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ ᠪᠣᠯᠣᠨ ᠳᠤᠮᠳᠠᠳᠤ ᠤᠯᠤᠰ᠎ᠤᠨ ᠠᠵᠢᠯᠴᠢᠨ ᠠᠩᠭᠢ ᠵᠢᠨ ᠪᠦᠯᠬᠦᠮᠳᠡᠯ ᠨᠢᠭᠡᠳᠦᠯ᠎ᠢ ᠪᠡᠯᠭᠡᠳᠡᠭᠰᠡᠨ ᠠᠵᠢᠯᠴᠢᠨ᠎ᠤ ᠡᠪᠯᠡᠯ᠎ᠤᠨ ᠰᠦᠯᠳᠡ ᠭᠢᠯᠠᠯᠵᠠᠵᠤ᠂ 10 ᠤᠯᠠᠭ᠋ᠠᠨ ᠲᠤᠭ᠎ᠢ ᠬᠤᠶᠠᠷ ᠲᠠᠯ᠎ᠠ᠎ᠪᠠᠷ᠎ᠨᠢ ᠵᠢᠭᠰᠠᠭ᠋ᠠᠪᠠ᠃ ᠬᠤᠶᠠᠳᠤᠭ᠋ᠠᠷ ᠳᠠᠪᠬᠤᠷᠯᠢᠭ᠎ᠤᠨ ᠪᠠᠷᠠᠯᠠᠬᠤ ᠲᠠᠶ᠋ᠢᠰᠠᠨ᠎ᠳᠤ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ ᠎ᠪᠠᠷ ᠲᠤᠭᠤᠰᠢᠯᠠᠭᠤᠯᠵᠤ᠂ ᠲᠦᠭ ᠲᠦᠮᠡᠨ ᠠᠵᠢᠯᠲᠠᠨ ᠠᠵᠢᠯᠴᠢᠨ᠎ᠢ ᠵᠣᠬᠢᠶᠠᠨ ᠪᠠᠶ᠋ᠢᠭᠤᠯᠤᠨ ᠳᠠᠶ᠋ᠢᠴᠢᠯᠠᠵᠤ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ!》 ᠭᠡᠬᠦ ᠲᠣᠮᠣ ᠬᠥᠨᠳᠡᠯᠡᠨ ᠪᠢᠴᠢᠭᠡᠰᠦ ᠵᠢ ᠡᠯᠭᠦᠵᠡᠢ᠃ ᠪᠦᠭᠦ ᠤᠯᠤᠰ᠎ᠤᠨ ᠡᠯ᠎ᠡ ᠠᠵᠢᠯ ᠲᠦᠷᠦᠯ᠎ᠠᠴᠠ ᠬᠦᠷᠦᠯᠴᠡᠨ ᠢᠷᠡᠭᠰᠡᠨ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠤᠨ 2000 ᠰᠢᠬᠠᠮ ᠲᠥᠯᠥᠭᠡᠯᠡᠭᠴᠢ ᠪᠣᠯᠣᠨ 50 ᠭᠠᠷᠤᠢ ᠣᠨᠴᠠ ᠤᠷᠢᠭᠰᠠᠨ ᠲᠥᠯᠥᠭᠡᠯᠡᠭᠴᠢ ᠲᠦᠭ ᠲᠦᠮᠡᠨ ᠠᠵᠢᠯᠲᠠᠨ ᠠᠵᠢᠯᠴᠢᠨ᠎ᠤ ᠬᠦᠨᠳᠦ ᠨᠠᠶ᠋ᠢᠳᠠᠯᠭ᠎ᠠ ᠵᠢ ᠡᠭᠦᠷᠭᠡᠯᠡᠨ ᠶᠡᠭᠡ ᠬᠤᠷᠠᠯ᠎ᠳᠤ ᠣᠷᠣᠯᠴᠠᠪᠠ᠃ ᠦᠳᠡ ᠵᠢᠨ ᠡᠮᠦᠨᠡᠬᠢ 10 ᠴᠠᠭ᠎ᠲᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠨᠠᠷ ᠬᠤᠷᠠᠯ᠎ᠤᠨ ᠲᠠᠯᠠᠪᠠᠶ᠎ᠳᠤ ᠣᠷᠣᠵᠤ ᠢᠷᠡᠬᠦ ᠦᠶᠡᠰ ᠲᠠᠯᠠᠪᠠᠶ ᠳᠠᠶᠠᠭ᠋ᠠᠷ ᠨᠢᠵᠢᠭᠢᠨᠡᠲᠡᠯ᠎ᠡ ᠠᠯᠠᠭ᠎ᠠ ᠲᠠᠰᠢᠵᠠᠭ᠋ᠠᠪᠠ᠃



6383253022013347696519553.jpg



       10 ᠰᠠᠷ᠎ᠠ ᠵᠢᠨ 9᠎ᠤ ᠡᠳᠦᠷ᠂ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠤᠨ ᠠᠷᠪᠠᠨ ᠨᠠᠢ᠍ᠮᠠᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠬᠢᠯᠡᠪᠡ᠃ ᠰᠢ ᠵᠢᠨ ᠫᠢᠩ᠂ ᠵᠣᠣ ᠯᠧ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠨᠠᠷ ᠲᠡᠷᠢᠭᠦᠯᠡᠭᠴᠢ ᠵᠢᠨ ᠲᠠᠶ᠋ᠢᠰᠠᠨ᠎ᠳᠤ ᠰᠠᠭ᠋ᠠᠲᠠᠵᠤ᠂ ᠶᠡᠭᠡ ᠬᠤᠷᠠᠯ ᠬᠤᠷᠠᠯᠳᠤᠭᠰᠠᠨ᠎ᠳᠤ ᠪᠠᠶᠠᠷ ᠬᠦᠷᠭᠡᠪᠡ᠃

      ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠱᠧᠨ ᠬᠤᠩ ᠰᠡᠭᠦᠳᠡᠷᠯᠡᠪᠡ


      ᠶᠡᠭᠡ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠪᠠᠶ᠋ᠢᠩᠭᠤ ᠵᠢᠨ ᠲᠡᠷᠢᠭᠦᠯᠡᠭᠴᠢ ᠸᠠᠩ ᠳ᠋ᠦᠩ ᠮᠢᠩ ᠶᠡᠭᠡ ᠬᠤᠷᠠᠯ ᠡᠬᠢᠯᠡᠭᠰᠡᠨ᠎ᠢ ᠵᠠᠷᠯᠠᠪᠠ᠃ ᠪᠦᠭᠦᠳᠡᠭᠡᠷ ᠵᠶ᠋ᠠᠨ ᠪᠣᠰᠴᠤ ᠵᠣᠭᠰᠣᠨ ᠤᠯᠤᠰ᠎ᠤᠨ ᠰᠦᠯᠳᠡ ᠳᠠᠭᠤᠤ ᠵᠢ ᠬᠠᠩᠭᠢᠨᠠᠲᠠᠯ᠎ᠠ ᠳᠠᠭᠤᠯᠠᠵᠠᠭ᠋ᠠᠪᠠ᠃ ᠼᠠᠢ ᠴᠢ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠠᠴᠠ 《ᠮ᠊ᠠᠨ᠎ᠤ ᠤᠯᠤᠰ᠎ᠤᠨ ᠠᠵᠢᠯᠴᠢᠨ ᠠᠩᠭᠢ ᠵᠢᠨ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠣᠷᠤᠯᠴᠠᠬᠤ ᠢᠷᠠᠭᠤ ᠭᠠᠶ᠋ᠢᠬᠠᠮᠰᠢᠭᠲᠤ ᠬᠠᠭᠤᠳᠠᠰᠤ ᠵᠢ ᠴᠢᠷᠮᠠᠶ᠋ᠢᠨ ᠪᠢᠴᠢᠭᠯᠡᠵᠡᠭᠡᠶ᠎ᠡ》 ᠭᠡᠬᠦ ᠰᠡᠳᠦᠪ ᠵᠶ᠋ᠠᠷ ᠪᠠᠶᠠᠷ᠎ᠤᠨ ᠦᠭᠡ ᠬᠡᠯᠡᠵᠦ᠂ ᠶᠡᠭᠡ ᠬᠤᠷᠠᠯ᠎ᠤᠨ ᠬᠤᠷᠠᠯᠳᠤᠭᠰᠠᠨ᠎ᠳᠤ ᠬᠠᠯᠠᠭᠤᠨ ᠪᠠᠶᠠᠷ ᠬᠦᠷᠭᠡᠵᠦ᠂ ᠪᠦᠭᠦ ᠤᠯᠤᠰ᠎ᠤᠨ ᠥᠷᠭᠡᠨ ᠣᠯᠠᠨ ᠠᠵᠢᠯᠲᠠᠨ ᠠᠵᠢᠯᠴᠢᠨ ᠪᠠ ᠠᠵᠢᠯᠴᠢᠨ᠎ᠤ ᠡᠪᠯᠡᠯ᠎ᠤᠨ ᠺᠠᠳ᠋ᠷᠴᠤᠳ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠪᠡ᠃ ᠼᠠᠢ ᠴᠢ ᠪᠠᠶᠠᠷ᠎ᠤᠨ ᠦᠭᠡ᠎ᠳᠡᠭᠡᠨ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ᠎ᠤ ᠤᠯᠤᠰ᠎ᠤᠨ ᠠᠵᠢᠯᠴᠢᠨ ᠠᠩᠭᠢ ᠨᠠᠮ᠎ᠤᠨ ᠲᠣᠭᠤᠷᠢᠨ᠎ᠳᠤ ᠨᠢᠭᠲᠠᠷᠠᠨ ᠪᠦᠯᠬᠦᠮᠳᠡᠵᠦ᠂ ᠬᠦᠨᠳᠦ ᠡᠭᠦᠷᠭᠡ ᠵᠢ ᠵᠣᠷᠢᠭᠲᠠᠢ᠎ᠪᠠᠷ ᠡᠭᠦᠷᠭᠡᠯᠡᠵᠦ᠂ ᠡᠷᠡᠯᠬᠡᠭᠯᠡᠨ ᠲᠡᠮᠡᠴᠡᠵᠦ ᠪᠣᠳᠠᠲᠠᠢ ᠠᠵᠢᠯᠯᠠᠵᠤ᠂ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠵᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠤᠨ ᠠᠷᠪᠠᠨ ᠳᠣᠯᠣᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠡᠯ᠎ᠡ ᠱᠠᠲᠤᠨ᠎ᠤ ᠠᠵᠢᠯᠴᠢᠨ᠎ᠤ ᠡᠪᠯᠡᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠵᠦ᠂ ᠠᠵᠢᠯᠲᠠᠨ ᠠᠵᠢᠯᠴᠢᠨ᠎ᠤ ᠦᠵᠡᠯ ᠰᠠᠨᠠᠭ᠎ᠠ ᠤᠯᠤᠰ ᠲᠦᠷᠦ ᠵᠢᠨ ᠵᠢᠯᠣᠭᠤᠳᠤᠯᠭ᠎ᠠ ᠵᠢ ᠴᠢᠩᠭ᠋ᠠᠳᠬᠠᠵᠤ᠂ ᠠᠵᠤ ᠦᠢ᠍ᠯᠡᠰ᠎ᠤᠨ ᠠᠵᠢᠯᠴᠢᠨ᠎ᠤ ᠡᠩᠨᠡᠭᠡᠨ᠎ᠤ ᠪᠠᠶ᠋ᠢᠭᠤᠯᠤᠯᠲᠠ ᠥᠭᠡᠷᠡᠴᠢᠯᠡᠯᠲᠡ ᠵᠢ ᠠᠬᠢᠭᠤᠯᠵᠤ᠂ ᠡᠷᠬᠡ᠎ᠪᠠᠨ ᠬᠠᠮᠠᠭ᠋ᠠᠯᠠᠬᠤ ᠦᠢ᠍ᠯᠡᠴᠢᠯᠡᠭᠡᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠡᠶ᠎ᠡ ᠵᠣᠬᠢᠴᠠᠩᠭᠤᠢ ᠭᠦᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠵᠤ᠂ ᠥᠷᠭᠡᠨ ᠤᠯᠠᠨ ᠠᠵᠢᠯᠲᠠᠨ ᠠᠵᠢᠯᠴᠢᠨ᠎ᠢ ᠲᠠᠶ᠋ᠢᠴᠢᠯᠠᠨ ᠰᠢᠨ᠎ᠡ ᠴᠠᠭ ᠦᠶ᠎ᠡ᠎ᠳᠤ ᠢᠳᠡᠪᠬᠢᠲᠡᠢ᠎ᠪᠠᠷ ᠭᠠᠪᠢᠶ᠎ᠠ ᠪᠠᠶ᠋ᠢᠭᠤᠯᠵᠤ᠂ ᠪᠦᠭᠦ ᠤᠯᠤᠰ᠎ᠤᠨ ᠠᠷᠠᠳ ᠲᠦᠮᠡᠨ᠎ᠲᠠᠢ ᠬᠠᠮᠲᠤ᠎ᠪᠠᠷ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ᠎ᠳᠤ ᠠᠯᠬᠤᠭ᠎ᠠ ᠨᠢᠭᠡᠲᠡᠢ ᠤᠷᠤᠭᠰᠢᠯᠠᠵᠠᠢ ᠭᠡᠵᠦ ᠬᠡᠯᠡᠪᠡ᠃ ᠼᠠᠢ ᠴᠢ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠠᠴᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠤᠭ᠎ᠠ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠭᠤᠣᠯ ᠡᠭᠦᠷᠭᠡ ᠵᠢ ᠲᠣᠭᠲᠠᠭ᠋ᠠᠪᠠ᠃ ᠨᠠᠮ᠎ᠤᠨ ᠭᠤᠣᠯ ᠡᠭᠦᠷᠭᠡ ᠪᠣᠯ ᠳᠤᠮᠳᠠᠳᠤ ᠤᠯᠤᠰ᠎ᠤᠨ ᠠᠵᠢᠯᠴᠢᠨ᠎ᠤ ᠬᠥᠳᠡᠯᠭᠡᠭᠡᠨ ᠪᠠ ᠠᠵᠢᠯᠴᠢᠨ᠎ᠤ ᠡᠪᠯᠡᠯ᠎ᠤᠨ ᠠᠵᠢᠯ᠎ᠤᠨ ᠭᠤᠣᠯ ᠰᠡᠳᠦᠪ ᠪᠠ ᠴᠢᠭᠯᠡᠯ ᠪᠣᠯᠣᠨ᠎ᠠ᠃ ᠠᠵᠢᠯᠴᠢᠨ ᠠᠩᠭᠢ ᠦᠨᠡᠨᠴᠢ ᠰᠢᠳᠤᠷᠭᠤ ᠨᠠᠶ᠋ᠢᠳᠠᠪᠤᠷᠢᠲᠠᠢ ᠪᠠᠶ᠋ᠢᠬᠤ ᠣᠪᠣᠷ ᠵᠶ᠋ᠠᠷ ᠠᠵᠢᠯᠴᠢᠨ ᠠᠩᠭᠢ ᠵᠢᠨ ᠤᠯᠤᠰ ᠲᠦᠷᠦ ᠵᠢᠨ ᠣᠣᠷ ᠴᠢᠨᠠᠷ ᠵᠶ᠋ᠠᠨ ᠦᠷᠭᠦᠯᠵᠢᠯᠡᠭᠦᠯᠵᠦ᠂ ᠬᠥᠳᠡᠯᠮᠦᠷᠢᠯᠡᠵᠦ ᠡᠭᠦᠳᠦᠨ ᠪᠦᠲᠦᠭᠡᠬᠦ᠎ᠪᠠᠷ ᠳᠠᠮᠵᠢᠨ ᠠᠵᠢᠯᠴᠢᠨ ᠠᠩᠭᠢ ᠵᠢᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠣᠷᠣᠶ᠋ᠢᠯᠠᠭᠰᠠᠨ ᠡᠷᠳᠡᠮ ᠴᠢᠳᠠᠪᠤᠷᠢ᠎ᠪᠠᠷ ᠵᠶ᠋ᠠᠨ ᠠᠵᠢᠯᠴᠢᠨ ᠠᠩᠭᠢ ᠵᠢᠨ ᠴᠠᠭ ᠦᠶ᠎ᠡ ᠵᠢᠨ ᠴᠤᠭ ᠵᠢᠪᠬᠤᠭ᠎ᠠ ᠵᠢ ᠢᠯᠡᠷᠡᠭᠦᠯᠵᠦ᠂ ᠪᠦᠯᠬᠦᠮᠳᠡᠨ ᠲᠡᠮᠡᠴᠡᠬᠦ᠎ᠪᠠᠷ ᠳᠠᠮᠵᠢᠨ ᠠᠵᠢᠯᠴᠢᠨ ᠠᠩᠭᠢ ᠵᠢᠨ ᠡᠷᠬᠢᠮ ᠳᠡᠭᠡᠳᠦ ᠵᠠᠩ ᠴᠢᠨᠠᠷ᠎ᠢ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠠᠵᠢᠯᠴᠢᠨ ᠠᠩᠭᠢ ᠪᠣᠯᠣᠨ ᠠᠵᠢᠯᠴᠢᠨ᠎ᠤ ᠡᠪᠯᠡᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠦᠢ᠍ᠯᠡᠰ᠎ᠲᠤ ᠦᠨᠡᠨᠴᠢ ᠰᠢᠳᠤᠷᠭᠤ ᠪᠠᠶ᠋ᠢᠵᠤ᠂ ᠠᠵᠢᠯᠲᠠᠨ ᠠᠵᠢᠯᠴᠢᠨ᠎ᠳᠤ ᠴᠢᠩ ᠦᠨᠡᠨᠴᠢ᠎ᠪᠠᠷ ᠦᠢ᠍ᠯᠡᠴᠢᠯᠡᠵᠦ᠂ ᠵᠥᠪ ᠤᠯᠤᠰ ᠲᠥᠷᠥ ᠵᠢᠨ ᠴᠢᠭᠯᠡᠯ᠎ᠢ ᠢᠮᠠᠭᠲᠠ ᠪᠠᠷᠢᠮᠲᠠᠯᠠᠵᠤ᠂ ᠪᠦᠯᠬᠦᠮᠳᠡᠨ ᠲᠡᠮᠡᠴᠡᠬᠦ ᠠᠤᠭ᠎ᠠ ᠬᠦᠴᠦᠨ᠎ᠢ ᠥᠷᠭᠡᠨ ᠵᠶ᠋ᠠᠷ ᠨᠢᠭᠲᠠᠷᠠᠭᠤᠯᠵᠤ᠂ ᠡᠷᠬᠡ᠎ᠪᠠᠨ ᠬᠠᠮᠠᠭ᠋ᠠᠯᠠᠬᠤ ᠦᠢ᠍ᠯᠡᠴᠢᠯᠡᠭᠡᠨ᠎ᠤ ᠶᠠᠰᠤ ᠴᠢᠨᠠᠷ᠎ᠢ ᠦᠨᠡᠨ ᠬᠦ᠌ ᠳᠡᠭᠡᠭᠰᠢᠯᠡᠭᠦᠯᠵᠦ᠂ ᠬᠥᠭᠦᠷᠭᠡ ᠬᠤᠯᠪᠣᠭ᠋ᠠᠰᠤ ᠵᠢᠨ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠵᠤ᠂ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠵᠤ᠂ ᠨᠠᠮ᠎ᠤᠨ ᠠᠵᠢᠯᠴᠢᠨ᠎ᠤ ᠬᠥᠳᠡᠯᠭᠡᠭᠡᠨ᠎ᠤ ᠦᠢ᠍ᠯᠡᠰ᠎ᠤᠨ ᠴᠣ᠋ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠤᠷᠢᠶ᠎ᠠ ᠵᠢᠨ ᠱᠦᠵᠢ ᠨᠠᠷ᠎ᠤᠨ ᠭᠠᠵᠠᠷ᠎ᠤᠨ ᠨᠢᠭᠡᠳᠦᠭᠡᠷ ᠱᠦᠵᠢ ᠠ ᠳ᠋ᠦᠩ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠭᠡᠰᠢᠭᠦᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠤᠯᠤᠰ ᠲᠦᠷᠦ ᠵᠢᠨ ᠠᠵᠢᠯ᠎ᠤᠨ ᠬᠡᠯᠲᠡᠰ᠎ᠤᠨ ᠡᠷᠭᠢᠯᠡᠭᠴᠢ ᠮᠢᠶᠣᠣ ᠬᠤᠸᠠ᠂ ᠤᠷᠢᠳ ᠬᠤᠵᠢᠳ ᠠᠷᠠᠳ᠎ᠤᠨ ᠪᠦᠯᠭᠦᠮ ᠪᠣᠯᠣᠨ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠡᠮᠦᠨ᠎ᠡ᠎ᠠᠴᠠ ᠶᠡᠭᠡ ᠬᠤᠷᠠᠯ᠎ᠳᠤ ᠪᠠᠶᠠᠷ᠎ᠤᠨ ᠦᠭᠡ ᠬᠡᠯᠡᠵᠡᠢ᠃ ᠸᠠᠩ ᠳ᠋ᠦᠩ ᠮᠢᠩ ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠤᠨ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠭᠦᠢ᠍ᠴᠡᠳᠬᠡᠬᠦ ᠵᠥᠪᠯᠡᠯ᠎ᠤᠨ ᠡᠮᠦᠨ᠎ᠡ᠎ᠠᠴᠠ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ ᠲᠦᠭ ᠲᠦᠮᠡᠨ ᠠᠵᠢᠯᠲᠠᠨ ᠠᠵᠢᠯᠴᠢᠨ᠎ᠢ ᠵᠣᠬᠢᠶᠠᠨ ᠪᠠᠶ᠋ᠢᠭᠤᠯᠤᠨ ᠳᠠᠶ᠋ᠢᠴᠢᠯᠠᠵᠤ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ》 ᠭᠡᠬᠦ ᠰᠡᠳᠦᠪ ᠵᠶ᠋ᠠᠷ ᠮᠡᠳᠡᠭᠦᠯᠦᠯᠲᠡ ᠬᠢᠪᠡ᠃ ᠮᠡᠳᠡᠭᠦᠯᠦᠯᠲᠡ᠎ᠨᠢ 3 ᠬᠡᠰᠡᠭ ᠵᠶ᠋ᠠᠷ ᠪᠦᠷᠢᠯᠳᠦᠵᠡᠢ᠄ ᠰᠢᠨ᠎ᠡ ᠴᠠᠭ ᠦᠶ᠎ᠡ ᠵᠢᠨ ᠮᠠᠨ᠎ᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠤ ᠦᠢ᠍ᠯᠡᠰ᠎ᠤᠨ ᠬᠥᠭᠵᠢᠯᠲᠡ ᠪᠣᠯᠣᠨ ᠥᠩᠭᠡᠷᠡᠭᠰᠡᠨ ᠲᠠᠪᠤᠨ ᠵᠢᠯ᠎ᠤᠨ ᠠᠵᠢᠯ; ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠠᠵᠢᠯᠴᠢᠨ᠎ᠤ ᠡᠪᠯᠡᠯ᠎ᠤᠨ ᠠᠵᠢᠯ᠎ᠢ ᠶᠡᠷᠦᠩᠬᠡᠶ᠋ᠢᠯᠡᠨ ᠵᠢᠯᠤᠭᠤᠳᠬᠤ ᠵᠢ ᠪᠠᠷᠢᠮᠲᠠᠯᠠᠬᠤ; ᠬᠤᠶ᠋ᠢᠰᠢᠳᠠ ᠵᠢᠨ ᠲᠠᠪᠤᠨ ᠵᠢᠯ᠎ᠤᠨ ᠭᠤᠣᠯ ᠠᠵᠢᠯ ᠵᠡᠷᠭᠡ ᠪᠣᠯᠣᠨ᠎ᠠ᠃ ᠶᠡᠭᠡ ᠬᠤᠷᠠᠯ᠎ᠠᠴᠠ ᠪᠢᠴᠢᠭ᠎ᠤᠨ ᠭᠡᠯᠪᠡᠷᠢ᠎ᠪᠠᠷ ᠲᠥᠯᠥᠭᠡᠯᠡᠭᠴᠢᠳ᠎ᠲᠤ 《ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠤᠨ ᠳᠦᠷᠢᠮ (ᠵᠠᠰᠠᠪᠤᠷᠢ ᠣᠷᠣᠭᠤᠯᠬᠤ ᠲᠥᠰᠥᠯ)》᠂ 《ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠤᠨ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠭᠦᠢ᠍ᠴᠡᠳᠬᠡᠬᠦ ᠵᠥᠪᠯᠡᠯ᠎ᠤᠨ ᠡᠳ᠋᠎ᠤᠨ ᠶᠠᠪᠤᠳᠠᠯ᠎ᠤᠨ ᠠᠵᠢᠯ᠎ᠤᠨ ᠮᠡᠳᠡᠭᠦᠯᠦᠯᠲᠡ》᠂ 《ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠤᠨ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠵᠠᠷᠤᠳᠠᠯ᠎ᠢ ᠬᠢᠨᠠᠨ ᠪᠠᠶ᠋ᠢᠴᠠᠭ᠋ᠠᠬᠤ ᠵᠥᠪᠯᠡᠯ᠎ᠤᠨ ᠠᠵᠢᠯ᠎ᠤᠨ ᠮᠡᠳᠡᠭᠦᠯᠦᠯᠲᠡ》 ᠵᠢ ᠳᠡᠪᠰᠢᠭᠦᠯᠵᠦ᠂ ᠲᠥᠯᠥᠭᠡᠯᠡᠭᠴᠢᠳ ᠵᠶ᠋ᠠᠷ ᠬᠢᠨᠠᠨ ᠵᠥᠪᠯᠡᠭᠦᠯᠦᠨ᠎ᠡ᠃ ᠨᠠᠮ᠎ᠤᠨ ᠲᠥᠪ ᠬᠤᠷᠢᠶ᠎ᠠ ᠵᠢᠨ ᠱᠦᠵᠢ ᠨᠠᠷ᠎ᠤᠨ ᠭᠠᠵᠠᠷ᠎ᠤᠨ ᠱᠦᠵᠢ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ᠎ᠳᠤ ᠣᠷᠣᠯᠴᠠᠪᠠ᠃ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠷᠠᠳ᠎ᠤᠨ ᠪᠦᠯᠭᠦᠮ᠂ ᠴᠡᠷᠢᠭ ᠠᠩᠭᠢ ᠵᠢᠨ ᠬᠤᠯᠪᠣᠭᠳᠠᠯ ᠪᠦᠬᠦᠢ ᠨᠢᠭᠡᠴᠢ ᠪᠣᠯᠣᠨ ᠪᠡᠭᠡᠵᠢᠩ ᠬᠤᠳᠠ ᠵᠢᠨ ᠬᠠᠷᠢᠭᠤᠴᠠᠯᠭ᠋ᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠲᠥᠪ ᠬᠤᠷᠢᠶ᠎ᠠ᠂ ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠤᠯᠪᠤᠭ᠎ᠠ ᠵᠢᠨ ᠬᠠᠷᠢᠭᠤᠴᠠᠯᠭ᠋ᠠᠲᠠᠨ ᠪᠣᠯᠣᠨ ᠨᠠᠮ ᠪᠦᠯᠦᠭ᠎ᠤᠨ ᠪᠤᠰᠤ ᠬᠥᠮᠥᠰ᠎ᠤᠨ ᠲᠥᠯᠥᠭᠡᠯᠡᠭᠴᠢ᠂ ᠰᠢᠶᠠᠩᠭ᠋ᠠᠩ᠂ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠠᠵᠢᠯᠴᠢᠨ᠎ᠤ ᠡᠪᠯᠡᠯ᠎ᠤᠨ ᠡᠲᠡᠭᠡᠳ᠎ᠤᠨ ᠨᠠᠶ᠋ᠢᠵᠠ ᠨᠠᠷ᠂ ᠨᠡᠶ᠋ᠢᠰᠯᠡᠯ᠎ᠤᠨ ᠡᠯ᠎ᠡ ᠡᠲᠡᠭᠡᠳ᠎ᠤᠨ ᠠᠵᠢᠯᠲᠠᠨ ᠠᠵᠢᠯᠴᠢᠨ᠎ᠤ ᠲᠥᠯᠥᠭᠡᠯᠡᠭᠴᠢ ᠨᠠᠷ ᠡᠭᠢᠯᠡᠯᠲᠡ ᠵᠢᠨ ᠶᠣᠰᠣᠯᠠᠯ᠎ᠳᠤ ᠣᠷᠣᠯᠴᠠᠵᠠᠢ᠃
   

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠢᠷᠠᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠮᠠᠯᠵᠢᠯ᠎ᠤᠨ ᠲᠠᠯᠠᠪᠠᠶ ᠪᠣᠯᠤᠨ ᠰᠠᠪᠠ ᠭᠠᠵᠠᠷ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠲᠥᠯᠥᠭᠡᠯᠡᠭᠴᠢᠳ᠎ᠤᠨ ᠪᠦᠯᠬᠦᠮ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠪᠠ
ᠰᠢ ᠵᠢᠨ ᠫᠢᠩ 2023 ᠣᠨ᠎ᠤ ᠳᠡᠯᠡᠬᠡᠶ ᠵᠢᠨ ᠢᠨᠲ᠋ᠧᠷ ᠰᠦᠯᠵᠢᠶᠡᠨ᠎ᠤ ᠶᠡᠬᠡ ᠬᠤᠷᠠᠯ᠎ᠤᠨ ᠦᠵᠸᠨ᠎ᠳᠠᠬᠢ ᠲᠦᠷᠦᠭᠦᠴᠦᠳ᠎ᠤᠨ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠸᠢᠳᠢᠣ᠋᠎ᠪᠠᠷ ᠪᠠᠶᠠᠷ᠎ᠤᠨ ᠦᠭᠡ ᠬᠡᠯᠡᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠬᠦᠷᠴᠦ ᠥᠪᠥᠷ ᠮᠣᠩᠭᠣᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠲᠤᠬᠠᠶ ᠬᠠᠷᠢᠭᠤ ᠮᠡᠳᠡᠬᠦᠯᠦᠯᠳᠡ ᠬᠢᠵᠦ ᠰᠠᠨᠠᠯ ᠵᠶ᠋ᠠᠨ ᠣᠯᠣᠯᠴᠠᠪᠠ
ᠰᠢ ᠵᠢᠨ ᠫᠢᠩ ᠪᠡᠭᠡᠵᠢᠩ ᠾᠧᠪᠧᠢ᠎ᠳᠤ ᠭᠠᠮᠰᠢᠭ᠎ᠤᠨ ᠳᠠᠷᠠᠭ᠋ᠠᠬᠢ ᠰᠡᠷᠭᠦᠭᠡᠵᠦ ᠲᠠᠬᠢᠨ ᠪᠦᠲᠦᠭᠡᠨ ᠪᠠᠶ᠋ᠢᠭᠤᠯᠬᠤ ᠠᠵᠢᠯ᠎ᠢ ᠰᠢᠨᠵᠢᠯᠡᠨ ᠪᠠᠶ᠋ᠢᠴᠠᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠢᠭᠡᠳ ᠪᠡᠭᠡᠵᠢᠩ ᠬᠣᠲᠠ ᠵᠢᠨ ᠴᠡᠴᠡᠷᠯᠢᠭᠵᠢᠭᠦᠯᠦᠨ ᠨᠣᠭᠣᠭ᠋ᠠᠷᠠᠭᠤᠯᠬᠤ ᠲᠣᠪᠴᠢᠶ᠎ᠠ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠶ ᠵᠥᠪᠳᠡᠨ ᠶᠠᠷᠢᠯᠴᠠᠪᠠ
 
             蒙ICP备05000248号