10 ᠰᠠᠷ᠎ᠠ ᠵᠢᠨ 19᠎ᠤ ᠡᠳᠦᠷ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠤᠷᠭ᠋ᠠᠨ᠎ᠤ ᠤᠷᠢᠯᠭ᠎ᠠ᠎ᠪᠠᠷ᠂ ᠢᠷᠠᠨ᠎ᠤ ᠢᠰᠯᠠᠮ᠎ᠤᠨ ᠪᠥᠬᠥᠳᠡ ᠨᠠᠶ᠋ᠢᠷᠠᠮᠳᠠᠬᠤ ᠤᠯᠤᠰ᠎ᠤᠨ ᠲᠠᠷᠢᠶᠠᠯᠠᠩ᠎ᠤᠨ ᠶᠠᠮᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠮᠠᠯᠵᠢᠯ᠎ᠤᠨ ᠲᠠᠯᠠᠪᠠᠶ ᠬᠢᠭᠡᠳ ᠰᠠᠪᠠ ᠭᠠᠵᠠᠷ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠬᠠᠰᠠᠩ· ᠸᠠᠰᠢᠳ᠋ ᠵᠡᠷᠭᠡ 12 ᠬᠥᠮᠦᠨ (ᠣᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠠᠮᠤ ᠪᠤᠳᠠᠭ᠎ᠠ ᠲᠠᠷᠢᠶᠠᠯᠠᠩ᠎ᠤᠨ ᠵᠣᠬᠢᠶᠠᠨ ᠪᠠᠶ᠋ᠢᠭᠤᠯᠤᠯᠲᠠ ᠵᠢᠨ ᠲᠤᠰᠬᠠᠶ ᠮᠡᠷᠭᠡᠵᠢᠯᠲᠡᠨ 2 ᠬᠥᠮᠦᠨ ᠪᠠᠭᠲᠠᠨ᠎ᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣᠰ ᠬᠣᠲᠠ ᠵᠢᠨ ᠵᠡᠭᠦᠨᠭ᠋ᠠᠷ ᠬᠣᠰᠢᠭᠤᠨ᠎ᠤ ᠤᠯᠠᠭ᠋ᠠᠨᠪᠤᠯᠠᠭ ᠤᠯᠤᠰ᠎ᠤᠨ ᠦᠮᠴᠢᠯᠡᠯᠲᠦ ᠣᠶ ᠰᠢᠭᠤᠶ ᠵᠢᠨ ᠲᠠᠯᠠᠪᠠᠶ᠎ᠳᠤ ᠬᠦᠷᠴᠦ ᠮᠠᠨ᠎ᠤ ᠤᠯᠤᠰ᠎ᠤᠨ ᠰᠦᠷᠭᠡᠦ ᠤᠷᠴᠢᠨ ᠨᠦᠬᠦᠴᠡᠯ᠎ᠳᠠᠬᠢ ᠣᠶ ᠰᠢᠭᠤᠶ ᠵᠢᠨ ᠵᠠᠰᠠᠨ ᠰᠡᠷᠭᠦᠭᠡᠯᠲᠡ ᠵᠡᠷᠭᠡ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠥᠷᠨᠢᠭᠦᠯᠦᠭᠰᠡᠨ ᠠᠷᠭ᠎ᠠ ᠬᠢᠳᠡᠯ ᠪᠠ ᠲᠤᠷᠰᠢᠯᠭ᠎ᠠ ᠵᠢ ᠰᠢᠨᠵᠢᠯᠡᠨ ᠪᠠᠶ᠋ᠢᠴᠠᠭ᠋ᠠᠵᠤ ᠰᠤᠷᠤᠯᠴᠠᠪᠠ᠃ ᠲᠥᠯᠥᠭᠡᠯᠡᠭᠴᠢᠳ᠎ᠤᠨ ᠪᠦᠯᠬᠦᠮ ᠤᠯᠠᠭ᠋ᠠᠨᠪᠤᠯᠠᠭ ᠤᠯᠤᠰ᠎ᠤᠨ ᠦᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠬᠥᠪᠴᠢ ᠵᠢᠨ ᠡᠯᠡᠰᠦ ᠵᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ᠎ᠤᠨ ᠲᠣᠭᠣᠷᠢᠭ᠂ ᠤᠯᠠᠭ᠋ᠠᠨᠪᠤᠯᠠᠭ ᠤᠯᠤᠰ᠎ᠤᠨ ᠦᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠦᠷ᠎ᠡ ᠴᠢᠬᠢ ᠵᠢᠨ ᠰᠠᠭᠤᠷᠢᠨ᠂ ᠥᠪᠥᠷ ᠮᠣᠩᠭᠣᠯ᠎ᠤᠨ ᠥᠨᠳᠥᠷᠯᠢᠭ᠎ᠤᠨ ᠭᠦᠢ᠍ᠯᠡᠰᠦᠨ ᠴᠥᠮ᠎ᠡ ᠵᠢᠨ ᠤᠮᠳᠠᠭ᠋ᠠᠨ᠎ᠤ ᠬᠢᠵᠠᠭ᠋ᠠᠷᠲᠤ ᠺᠣᠮᠫᠠᠨᠢ ᠵᠢᠨ ᠦᠢ᠍ᠯᠡᠳᠪᠦᠷᠢ ᠵᠢᠨ ᠲᠣᠭᠣᠷᠢᠭ᠎ᠢ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠵᠤ᠂ ᠬᠥᠪᠴᠢ ᠵᠢᠨ ᠡᠯᠡᠰᠦ ᠵᠢ ᠵᠠᠰᠠᠬᠤ ᠵᠠᠭᠪᠤᠷ᠎ᠢ ᠭᠦᠨᠵᠡᠭᠡᠶ ᠣᠶ᠋ᠢᠯᠠᠭ᠋ᠠᠵᠤ᠂ ᠦᠷ᠎ᠡ ᠴᠢᠬᠢ ᠵᠢᠨ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ ᠪᠣᠯᠤᠨ ᠠᠵᠤ ᠠᠬᠤᠶ ᠵᠢᠨ ᠣᠶ ᠵᠢᠨ ᠪᠥᠲᠥᠭᠡᠨ ᠪᠠᠶ᠋ᠢᠭᠤᠯᠤᠯᠲᠠ ᠵᠢ ᠨᠠᠷᠢᠨ ᠬᠢᠨᠠᠮᠠᠭ᠋ᠠᠶ ᠰᠤᠷᠤᠯᠴᠠᠵᠤ᠂ ᠭᠦᠢ᠍ᠯᠡᠰᠦᠨ ᠴᠥᠮ᠎ᠡ ᠵᠢᠨ ᠤᠮᠳᠠᠭ᠋ᠠᠨ᠎ᠤ ᠦᠢ᠍ᠯᠡᠳᠪᠦᠷᠢᠯᠡᠯ᠎ᠤᠨ ᠲᠠᠰᠤᠭ᠎ᠢ ᠲᠣᠭᠣᠷᠢᠨ ᠦᠵᠡᠪᠡ᠃ ᠲᠥᠯᠥᠭᠡᠯᠡᠭᠴᠢᠳ᠎ᠤᠨ ᠪᠦᠯᠬᠦᠮ ᠮᠠᠨ᠎ᠤ ᠤᠯᠤᠰ᠎ᠤᠨ ᠡᠯᠡᠰᠦᠷᠬᠡᠭ ᠭᠠᠵᠠᠷ᠎ᠤᠨ ᠵᠠᠰᠠᠯᠲᠠ ᠵᠢᠨ ᠲᠠᠯ᠎ᠠ᠎ᠪᠠᠷ ᠣᠯᠤᠭᠰᠠᠨ ᠠᠮᠵᠢᠯᠲᠠ ᠪᠦᠲᠦᠮᠵᠢ ᠵᠢ ᠳᠡᠭᠡᠳᠦ ᠬᠡᠮᠵᠢᠶ᠎ᠡ᠎ᠪᠠᠷ ᠮᠠᠭᠲᠠᠨ ᠰᠠᠶ᠋ᠢᠰᠢᠶᠠᠵᠤ᠂ ᠬᠣᠶ᠋ᠢᠰᠢᠳᠠ ᠨᠡᠪᠲᠡᠷᠡᠯᠴᠡᠭᠡ ᠰᠣᠯᠢᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠬᠤ ᠵᠢ ᠬᠦᠰᠡᠵᠦ ᠪᠠᠶ᠋ᠢᠨ᠎ᠠ ᠭᠡᠪᠡ᠃