ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠯ ᠪᠡᠯᠴᠢᠭᠡᠷ᠎ᠤᠨ ᠲᠡᠩᠴᠡᠭᠦᠷᠢᠰᠢᠯ᠎ᠢ ᠠᠬᠢᠭᠤᠯᠵᠤ ᠲᠠᠯ᠎ᠠ ᠨᠤᠳᠤᠭ ᠵᠶ᠋ᠠᠨ ᠦᠨᠢᠳᠡ ᠦᠷᠬᠦᠯᠵᠢᠯᠡᠡ ᠠᠰᠢᠬᠯᠠᠨ᠎ᠠ
ᠨᠡᠶ᠋ᠢᠲᠡᠯᠡᠭᠰᠡᠨ ᠴᠠᠭ᠄ 2023-10-09

      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ 2021 ᠣᠨ᠎ᠤ ᠬᠠᠤᠯᠢ ᠲᠣᠭᠲᠠᠭ᠋ᠠᠬᠤ ᠲᠥᠯᠥᠪᠯᠡᠭᠡ ᠵᠢᠨ ᠭᠤᠤᠯᠳᠠᠯᠭ᠎ᠠ᠎ᠲᠠᠢ ᠬᠢᠨᠠᠨ ᠵᠥᠪᠯᠡᠬᠦ ᠵᠦᠢ᠍ᠯᠡᠰ ᠪᠣᠯᠤᠭᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢᠰᠢᠬᠦᠯᠬᠦ ᠪᠠ ᠮᠠᠯᠵᠢᠬᠤ ᠵᠢ ᠴᠠᠭ᠋ᠠᠵᠠᠯᠠᠵᠤ ᠰᠡᠯᠭᠦᠨ ᠮᠠᠯᠵᠢᠬᠤ ᠲᠦᠷᠢᠮ》᠎ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢᠨ ᠳᠣᠯᠣᠳᠤᠭ᠋ᠠᠷ ᠬᠤᠷᠠᠯ᠎ᠠᠴᠠ ᠪᠠᠲᠤᠯᠠᠵᠦ᠂ 10 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠤᠨ᠎ᠠ᠃

      ᠨᠢᠭᠡ ᠵᠢᠯ ᠭᠠᠷᠤᠶ ᠵᠢᠨ ᠬᠤᠭᠤᠴᠠᠭ᠎ᠠ ᠬᠡᠷᠡᠭᠰᠡᠨ ᠨᠡᠶ᠋ᠢᠲᠡᠯᠡᠭᠰᠡᠨ ᠡᠨᠡ ᠬᠦ᠌ ᠲᠦᠷᠢᠮ᠎ᠨᠢ ᠮᠠᠯ ᠪᠡᠯᠴᠢᠭᠡᠷ᠎ᠤᠨ ᠲᠡᠩᠴᠡᠬᠦᠷᠢ ᠵᠢ ᠬᠠᠮᠠᠭ᠋ᠠᠯᠠᠬᠤ᠎ᠳᠤ ᠶᠠᠮᠠᠷ ᠰᠢᠤ ᠦᠢ᠍ᠯᠡᠳᠦᠯ ᠦᠵᠡᠬᠦᠯᠬᠦ ᠪᠤᠢ?

      《ᠲᠦᠷᠢᠮ》᠎ᠢ ᠲᠤᠬᠳᠠᠭ᠋ᠠᠬᠰᠠᠨ ᠠᠬᠤᠢ ᠪᠠᠶ᠋ᠢᠳᠠᠯ

      ᠲᠠᠯ᠎ᠠ ᠨᠤᠲᠤᠭ ᠪᠣᠯ ᠥᠪᠥᠷ ᠮᠣᠩᠭᠤᠯ᠎ᠤᠨ ᠬᠠᠮᠤᠭ᠎ᠤᠨ ᠶᠡᠭᠡ ᠡᠬᠡ ᠬᠠᠭᠤᠷᠠᠶ ᠵᠢᠨ ᠠᠮᠢ ᠠᠬᠤᠶ ᠵᠢᠨ ᠰᠢᠰᠲ᠋ᠧᠮ ᠪᠠ ᠪᠠᠶ᠋ᠢᠭ᠋ᠠᠯᠢ ᠵᠢᠨ ᠡᠬᠢ ᠪᠠᠶᠠᠯᠢᠭ ᠮᠥᠨ᠂ ᠪᠠᠰᠠ ᠴᠤ᠌ ᠮᠠᠯ ᠠᠵᠤ ᠠᠬᠤᠶ ᠵᠢᠨ ᠬᠥᠭᠵᠢᠯᠲᠡ ᠵᠢᠨ ᠴᠢᠬᠤᠯᠠ ᠪᠣᠳᠠᠰ᠎ᠤᠨ ᠰᠠᠭᠤᠷᠢ ᠪᠠᠶ᠋ᠢᠵᠤ᠂ ᠮᠠᠯᠴᠢᠨ ᠲᠦᠮᠡᠨ᠎ᠤ ᠣᠷᠣᠰᠢᠨ ᠠᠮᠢᠳᠤᠷᠠᠬᠤ ᠦᠨᠳᠦᠰᠦᠨ ᠦᠶᠯᠡᠳᠪᠦᠷᠢᠯᠡᠯ᠎ᠤᠨ ᠬᠡᠷᠡᠭᠰᠡᠯ ᠪᠤᠯᠤᠨ᠎ᠠ᠃ ᠨᠤᠲᠤᠭ ᠪᠡᠯᠴᠢᠭᠡᠷ᠎ᠤᠨ ᠠᠮᠢ ᠠᠬᠤᠶ ᠵᠢ ᠰᠠᠶ᠋ᠢᠲᠤᠷ ᠬᠠᠮᠠᠭ᠋ᠠᠯᠠᠬᠤ᠎ᠨᠢ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠡᠬᠡ ᠤᠯᠤᠰ᠎ᠤᠨ ᠤᠮᠠᠷᠠᠲᠤ ᠵᠢᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠴᠤᠬ᠍ᠴᠠᠯᠠᠵᠤ᠂ ᠲᠠᠷᠢᠶᠠᠯᠠᠩ ᠮᠠᠯ ᠠᠵᠤ ᠠᠬᠤᠶ ᠵᠢᠨ ᠪᠣᠬᠢᠷᠲᠤᠯ ᠥᠬᠡᠶ ᠬᠥᠭᠵᠢᠯᠲᠡ ᠵᠢ ᠠᠬᠢᠭᠤᠯᠬᠤ᠎ᠳᠤ ᠴᠢᠬᠤᠯᠠ ᠦᠶᠯᠡᠳᠦᠯ᠎ᠲᠠᠢ ᠶᠤᠮ᠃ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠬᠤᠶᠠᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠂ ᠨᠤᠲᠤᠭ ᠪᠡᠯᠴᠢᠭᠡᠷ᠂ ᠤᠢ ᠰᠢᠭᠤᠢ ᠵᠢ ᠬᠠᠮᠠᠭ᠋ᠠᠯᠠᠬᠤ ᠪᠣᠯ ᠥᠪᠥᠷ ᠮᠣᠩᠭᠤᠯ᠎ᠤᠨ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠲᠡᠷᠢᠭᠦᠨ ᠴᠢᠬᠤᠯᠠ ᠡᠭᠦᠷᠭᠡ ᠮᠥᠨ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠢᠨᠵᠧᠨᠧᠷᠢᠩ᠎ᠢ ᠰᠠᠶ᠋ᠢᠲᠤᠷ ᠬᠡᠷᠡᠭᠵᠢᠭᠦᠯᠵᠦ᠂ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠠᠮᠢ ᠠᠬᠤᠢ ᠵᠢᠨ ᠰᠢᠰᠲ᠋ᠧᠮ᠎ᠤᠨ ᠲᠣᠭᠲᠠᠪᠤᠷᠢᠲᠤ ᠴᠢᠨᠠᠷ ᠪᠠ ᠲᠠᠭ᠋ᠠᠭ᠋ᠠᠮᠠᠭ᠋ᠠᠢ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢᠰᠢᠬᠦᠯᠬᠦ ᠪᠠ ᠮᠠᠯᠵᠢᠬᠤ ᠵᠢ ᠴᠠᠭ᠋ᠠᠵᠠᠯᠠᠵᠤ ᠰᠡᠯᠭᠦᠨ ᠮᠠᠯᠵᠢᠬᠤ ᠲᠦᠷᠢᠮ》᠎ᠢ ᠲᠣᠭᠲᠠᠭ᠋ᠠᠬᠤ ᠪᠣᠯ ᠮᠠᠨ᠎ᠤ ᠣᠷᠣᠨ᠎ᠤ ᠶᠡᠷᠦᠩᠭᠡᠢ ᠱᠦᠵᠢ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠨᠠᠶ᠋ᠢᠳᠠᠪᠤᠷᠢᠵᠢᠭᠤᠯᠬᠤ ᠬᠦᠴᠦᠲᠡᠶ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ᠌ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠪᠣᠯᠤᠨ᠎ᠠ᠃

      ᠣᠶ᠋ᠢᠷ᠎ᠠ ᠵᠢᠨ ᠵᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠵᠢ ᠴᠠᠭ᠋ᠠᠵᠠᠯᠠᠬᠤ ᠪᠠ ᠮᠠᠯ ᠪᠡᠯᠴᠢᠭᠡᠷ᠎ᠢ ᠲᠡᠩᠴᠡᠭᠦᠷᠢᠰᠢᠬᠦᠯᠬᠦ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠡᠷᠭᠡ ᠰᠢᠷᠢᠰ ᠲᠣᠭᠲᠠᠭ᠋ᠠᠯ᠎ᠢ ᠨᠡᠶ᠋ᠢᠲᠡᠯᠡᠵᠦ᠂ ᠮᠠᠯ ᠪᠡᠯᠴᠢᠭᠡᠷ᠎ᠢ ᠲᠡᠩᠴᠡᠭᠦᠷᠢᠰᠢᠬᠦᠯᠬᠦ ᠪᠠ ᠮᠠᠯᠵᠢᠬᠤ ᠵᠢ ᠴᠠᠭ᠋ᠠᠵᠠᠯᠠᠵᠤ ᠰᠡᠯᠭᠦᠨ ᠮᠠᠯᠵᠢᠬᠤ ᠳᠦᠷᠢᠮ᠎ᠢ ᠨᠠᠶ᠋ᠢᠳᠠᠪᠤᠷᠢᠵᠢᠭᠤᠯᠤᠨ᠂ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠬᠤ ᠠᠵᠢᠯ ᠢᠳᠡᠪᠬᠢᠲᠡᠶ ᠦᠷ᠎ᠡ ᠪᠦᠲᠦᠭᠡᠯ ᠣᠯᠪᠠ᠃ ᠭᠡᠪᠡᠴᠦ ᠣᠯᠠᠨ ᠵᠦᠶᠯ᠎ᠤᠨ ᠬᠦᠴᠦᠨ ᠵᠤᠶ᠋ᠢᠯ᠎ᠤᠨ ᠨᠥᠯᠥᠭᠡ᠎ᠠᠴᠠ ᠪᠣᠯᠵᠣ᠂ ᠨᠤᠲᠤᠭ ᠪᠡᠯᠴᠢᠭᠡᠷ᠎ᠤᠨ ᠳᠠᠭ᠋ᠠᠭ᠋ᠠᠴᠠ ᠲᠠᠰᠤᠷᠠᠯᠲᠠ ᠥᠬᠡᠶ ᠨᠡᠮᠡᠭᠳᠡᠵᠦ᠂ ᠳᠠᠭ᠋ᠠᠭ᠋ᠠᠴᠠ᠎ᠠᠴᠠ ᠬᠡᠲᠦᠷᠡᠭᠰᠡᠨ ᠮᠠᠯᠵᠢᠬᠤ ᠵᠢ ᠬᠤᠷᠢᠬᠯᠠᠨ ᠵᠣᠭᠰᠣᠭ᠋ᠠᠵᠤ᠂ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠵᠦᠶ ᠵᠣᠬᠢᠰᠲᠠᠢ ᠠᠰᠢᠬᠯᠠᠬᠤ ᠠᠰᠠᠭᠤᠳᠠᠯ᠎ᠢ ᠪᠠᠴᠢᠮ ᠰᠢᠢ᠍ᠳᠪᠤᠷᠢᠯᠡᠬᠦ ᠴᠢᠬᠤᠯᠠᠳᠠᠢ ᠪᠤᠯᠵᠠᠢ᠃ ᠡᠭᠦᠨ᠎ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢᠰᠢᠬᠦᠯᠬᠦ ᠪᠠ ᠮᠠᠯᠵᠢᠬᠤ ᠵᠢ ᠴᠠᠭ᠋ᠠᠵᠠᠯᠠᠵᠤ ᠰᠡᠯᠬᠦᠨ ᠮᠠᠯᠵᠢᠬᠤ ᠲᠦᠷᠢᠮ》᠎ᠤᠨ ᠬᠠᠤᠯᠢ ᠲᠣᠭᠲᠠᠭ᠋ᠠᠬᠤ ᠳᠠᠷᠠᠭ᠋ᠠᠯᠠᠯ᠎ᠢ ᠡᠬᠢᠯᠡᠭᠦᠯᠵᠦ᠂ ᠬᠠᠤᠯᠢ ᠲᠣᠭᠲᠠᠭ᠋ᠠᠬᠤ᠎ᠪᠠᠷ ᠳᠠᠮᠵᠢᠭᠤᠯᠤᠨ ᠨᠤᠲᠤᠭ ᠪᠡᠯᠴᠢᠭᠡᠷ᠎ᠢ ᠬᠠᠮᠠᠭ᠋ᠠᠯᠠᠵᠤ᠂ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ ᠵᠢᠨ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠬᠰᠠᠨ ᠭᠦᠭᠵᠢᠯᠳᠠ ᠵᠢ ᠠᠬᠢᠭᠤᠯᠪᠠ᠃

      《ᠲᠦᠷᠢᠮ》᠎ᠤᠨ ᠬᠢᠯᠡᠰ ᠴᠡᠭ

      ᠲᠣᠰ ᠲᠦᠷᠢᠮ᠎ᠨᠢ ᠨᠡᠶ᠋ᠢᠲᠡ 38 ᠵᠤᠶ᠋ᠢᠯ ᠪᠠᠶ᠋ᠢᠵᠤ᠂ ᠮᠠᠯ ᠪᠡᠯᠴᠢᠭᠡᠷ᠎ᠢ ᠲᠡᠩᠴᠡᠭᠦᠷᠢᠰᠢᠬᠦᠯᠬᠦ ᠪᠠ ᠮᠠᠯᠵᠢᠬᠤ ᠵᠢ ᠴᠠᠭ᠋ᠠᠵᠠᠯᠠᠵᠤ ᠰᠡᠯᠬᠦᠨ ᠮᠠᠯᠵᠢᠬᠤ ᠠᠵᠢᠯ᠎ᠤᠨ ᠵᠠᠷᠴᠢᠮ᠂ ᠨᠥᠬᠦᠪᠥᠷᠢ ᠥᠭᠬᠦ ᠲᠣᠭᠲᠠᠴᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠵᠢᠨ ᠲᠣᠭᠲᠠᠴᠠ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠱᠠᠩᠨᠠᠯ᠎ᠤᠨ ᠪᠠᠯᠠ ᠮᠥᠩᠭᠦ ᠣᠯᠭᠤᠬᠤ ᠵᠢᠴᠢ ᠬᠤᠯᠪᠣᠭᠳᠠᠯ ᠪᠥᠬᠦᠶ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠡᠷᠭᠡ ᠲᠠᠯ᠎ᠠ ᠵᠢᠨ ᠠᠭᠤᠯᠭ᠎ᠠ ᠵᠢ ᠲᠣᠭᠲᠠᠭ᠋ᠠᠵᠠᠶ᠃ ᠭᠤᠣᠯᠳᠠᠭᠤ᠄ ᠮᠠᠯ ᠪᠡᠯᠴᠢᠭᠡᠷ᠎ᠢ ᠲᠡᠩᠴᠡᠭᠦᠷᠢᠰᠢᠬᠦᠯᠬᠦ ᠪᠠ ᠮᠠᠯᠵᠢᠬᠤ ᠵᠢ ᠴᠠᠭ᠋ᠠᠵᠠᠯᠠᠵᠤ ᠰᠡᠯᠬᠦᠨ ᠮᠠᠯᠵᠢᠬᠤ ᠠᠵᠢᠯ᠎ᠤᠨ ᠤᠳᠤᠷᠢᠳᠤᠮᠵᠢ᠂ ᠬᠠᠷᠠᠯᠲᠠ᠂ ᠴᠢᠭᠯᠡᠯᠲᠡ ᠪᠣᠯᠤᠨ ᠵᠠᠷᠴᠢᠮ᠎ᠤᠨ ᠲᠤᠬᠠᠶ ᠲᠣᠭᠲᠠᠭ᠋ᠠᠯ᠃ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠪᠡᠶᠡᠴᠢ ᠴᠣᠭᠴᠠ ᠵᠢᠨ ᠲᠤᠬᠠᠶ ᠲᠣᠭᠲᠠᠭ᠋ᠠᠯ; ᠮᠠᠯ ᠪᠡᠯᠴᠢᠭᠡᠷ᠎ᠢ ᠲᠡᠩᠴᠡᠭᠦᠷᠢᠰᠢᠬᠦᠯᠬᠦ ᠪᠠ ᠮᠠᠯᠵᠢᠬᠤ ᠵᠢ ᠴᠠᠭ᠋ᠠᠵᠠᠯᠠᠵᠤ ᠰᠡᠯᠬᠦᠨ ᠮᠠᠯᠵᠢᠬᠤ ᠣᠯᠠᠨ ᠡᠰᠢᠵᠢᠭᠰᠡᠨ ᠨᠥᠬᠦᠪᠥᠷᠢ ᠵᠢᠨ ᠲᠣᠭᠲᠠᠴᠠ ᠵᠢ ᠪᠠᠶ᠋ᠢᠭᠤᠯᠬᠤ ᠲᠤᠬᠠᠶ ᠲᠣᠭᠲᠠᠭ᠋ᠠᠯ; ᠮᠠᠯ ᠪᠡᠯᠴᠢᠭᠡᠷ᠎ᠢ ᠲᠡᠩᠴᠡᠭᠦᠷᠢᠰᠢᠬᠦᠯᠬᠦ ᠣᠷᠣᠨ᠂ ᠮᠠᠯᠵᠢᠬᠤ ᠵᠢ ᠴᠠᠭ᠋ᠠᠵᠠᠯᠠᠬᠤ ᠣᠷᠣᠨ᠂ ᠰᠡᠯᠭᠦᠨ ᠮᠠᠯᠵᠢᠬᠤ ᠣᠷᠣᠨ᠎ᠢ ᠲᠣᠭᠲᠠᠭ᠋ᠠᠬᠤ ᠲᠤᠬᠠᠶ ᠲᠤᠬᠳᠠᠭ᠋ᠠᠯ; ᠮᠠᠯ ᠪᠡᠯᠴᠢᠭᠡᠷ᠎ᠢ ᠲᠡᠩᠴᠡᠭᠦᠷᠢᠰᠢᠬᠦᠯᠬᠦ ᠪᠠ ᠮᠠᠯᠵᠢᠬᠤ ᠵᠢ ᠴᠠᠭ᠋ᠠᠵᠠᠯᠠᠵᠤ ᠰᠡᠯᠬᠦᠨ ᠮᠠᠯᠵᠢᠬᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠲᠣᠭᠲᠠᠴᠠ ᠵᠢ ᠪᠠᠶ᠋ᠢᠭᠤᠯᠤᠨ ᠨᠠᠶ᠋ᠢᠳᠠᠪᠤᠷᠢᠵᠢᠭᠤᠯᠬᠤ ᠲᠤᠬᠠᠶ ᠲᠣᠭᠲᠠᠭ᠋ᠠᠯ; ᠤᠢ (ᠨᠤᠲᠤᠭ) ᠵᠢᠨ ᠳᠠᠷᠤᠭ᠎ᠠ ᠵᠢᠨ ᠳᠦ᠍ᠷᠢᠮ᠎ᠢ ᠨᠠᠶ᠋ᠢᠳᠠᠪᠤᠷᠢᠵᠢᠭᠤᠯᠬᠤ ᠲᠤᠬᠠᠶ ᠲᠣᠭᠲᠠᠭ᠋ᠠᠯ; ᠮᠡᠯ᠎ᠤᠨ ᠲᠤᠭ᠎ᠠ ᠬᠡᠮᠵᠢᠶ᠎ᠡ ᠵᠢ ᠬᠢᠨᠠᠨ ᠲᠣᠭᠲᠠᠭ᠋ᠠᠬᠤ ᠲᠤᠬᠠᠶ ᠲᠣᠭᠲᠠᠭ᠋ᠠᠯ; ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠱᠠᠩᠨᠠᠯ᠎ᠤᠨ ᠪᠡᠯᠡ ᠮᠥᠩᠭᠦ ᠣᠯᠭᠤᠬᠤ ᠲᠤᠬᠠᠶ ᠲᠣᠭᠲᠠᠭ᠋ᠠᠯ; ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠲᠤᠬᠠᠶ ᠲᠣᠭᠲᠠᠭ᠋ᠠᠯ ᠵᠡᠷᠭᠡ ᠵᠢ ᠪᠠᠭᠳᠠᠭ᠋ᠠᠪᠠ᠃

      ᠲᠤᠰ ᠳᠦᠷᠢᠮ᠎ᠤᠨ ᠬᠠᠮᠤᠭ᠎ᠤᠨ ᠬᠦᠮᠦᠰ᠎ᠤᠨ ᠠᠩᠬᠠᠷᠤᠯ᠎ᠢ ᠲᠠᠳᠠᠬᠤ᠎ᠨᠢ ᠨᠤᠲᠤᠭ ᠪᠡᠯᠴᠢᠭᠡᠷ᠎ᠢ ᠬᠡᠷᠡᠭᠯᠡᠭᠴᠢ᠂ ᠳᠠᠭ᠋ᠠᠭ᠋ᠠᠴᠢᠯᠠᠨ ᠡᠵᠡᠩᠨᠡᠭᠴᠢ ᠪᠣᠯ ᠨᠤᠲᠤᠭ ᠪᠡᠯᠴᠢᠭᠡᠷ᠎ᠢ ᠬᠠᠮᠠᠭ᠋ᠠᠯᠠᠬᠤ ᠭᠤᠣᠯ ᠴᠣᠭᠴᠠ ᠪᠣᠯᠬᠤ ᠵᠢ ᠲᠣᠳᠣᠷᠬᠠᠶ᠋ᠢᠯᠠᠵᠤ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ᠂ ᠬᠥᠳᠡᠯᠦᠩᠭᠦᠶ᠎ᠪᠠᠷ ᠲᠡᠩᠴᠡᠭᠦᠷᠢᠲᠡᠶ ᠪᠠᠶ᠋ᠢᠯᠭ᠋ᠠᠬᠤ ᠵᠢ ᠬᠡᠷᠡᠭᠵᠢᠭᠦᠯᠬᠦ ᠶᠠᠪᠤᠳᠠᠯ ᠪᠣᠯᠤᠨ᠎ᠠ᠃ ᠲᠦᠷᠢᠮ᠎ᠢ ᠲᠣᠭᠲᠠᠭ᠋ᠠᠬᠤ᠎ᠳᠠᠭᠠᠨ ᠮᠠᠨ᠎ᠤ ᠤᠷᠤᠨ᠎ᠤ ᠪᠣᠳᠠᠲᠤ ᠪᠠᠶ᠋ᠢᠳᠠᠯ᠎ᠢ ᠭᠦᠶᠴᠡᠳ ᠪᠣᠳᠣᠯᠬᠢᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠪᠣᠳᠠᠲᠠᠶ ᠠᠰᠠᠭᠤᠳᠠᠯ᠎ᠢ ᠲᠣᠪᠤᠶ᠋ᠢᠮ᠎ᠠ ᠰᠠᠶ᠋ᠢᠲᠤᠷ ᠰᠢᠶᠳᠪᠦᠷᠢᠯᠡᠵᠦ᠂ ᠠᠮᠢ ᠠᠬᠤᠶ᠂ ᠦᠶᠯᠡᠳᠪᠦᠷᠢᠯᠡᠯ᠂ ᠠᠮᠢᠳᠤᠷᠠᠯ᠎ᠤᠨ ᠬᠠᠷᠢᠴᠠᠭ᠎ᠠ ᠵᠢ ᠵᠤᠬᠢᠰᠳᠠᠢ ᠰᠢᠶᠳᠪᠦᠷᠢᠯᠡᠨ᠂ ᠠᠮᠢ ᠠᠬᠤᠶ ᠵᠢ ᠤᠷᠢᠳ ᠵᠶ᠋ᠠᠷ ᠪᠤᠳᠤᠯᠬᠢᠯᠠᠬᠤ ᠬᠢᠭᠡᠳ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠡᠶᠡᠯᠡᠭᠦᠯᠪᠡ᠃ ᠵᠢᠱ᠌ᠢᠶᠡᠯᠡᠪᠡᠯ᠂ ᠬᠥᠮᠦᠨ ᠪᠦᠷᠢ ᠵᠢᠨ ᠳᠤᠮᠳᠠᠴᠢ ᠬᠠᠳᠤᠯᠠᠩ ᠪᠡᠯᠴᠢᠭᠡᠷ᠎ᠤᠨ ᠲᠠᠯᠠᠪᠠᠶ ᠵᠢᠨ ᠶᠡᠭᠡ ᠪᠠᠭ᠎ᠠ ᠵᠡᠷᠭᠡ ᠪᠣᠳᠠᠲᠠᠶ ᠬᠦᠴᠦᠨ ᠵᠦᠢ᠍ᠯ᠎ᠢ ᠪᠣᠳᠣᠯᠬᠢᠯᠠᠵᠦ᠂ ᠳᠦᠷᠢᠮ᠎ᠳᠤ 《ᠬᠥᠮᠦᠨ ᠳᠤᠮᠳᠠᠴᠢ ᠵᠢᠨ ᠨᠤᠳᠤᠭ ᠪᠡᠯᠴᠢᠭᠡᠷ᠎ᠤᠨ ᠲᠠᠯᠠᠪᠠᠶ᠎ᠨᠢ ᠪᠠᠭ᠎ᠠ ᠪᠠᠶ᠋ᠢᠢ᠍ᠬᠤ ᠭᠠᠵᠠᠷ ᠣᠷᠣᠨ᠎ᠳᠤ ᠨᠦᠬᠦᠪᠦᠷᠢ ᠤᠯᠭᠤᠨ ᠱᠠᠩᠨᠠᠬᠤ ᠪᠠᠷᠢᠮᠵᠢᠶ᠎ᠠ᠎ᠪᠠᠨ ᠵᠣᠬᠢᠰᠲᠠᠶ ᠳᠡᠭᠡᠭᠰᠢᠯᠡᠭᠦᠯᠵᠦ ᠪᠣᠯᠤᠨ᠎ᠠ》 ᠭᠡᠵᠦ ᠲᠣᠭᠲᠠᠭ᠋ᠠᠭᠰᠠᠨ ᠪᠦᠭᠡᠳ 《ᠨᠥᠬᠦᠴᠡᠯ᠎ᠲᠠᠢ ᠭᠠᠵᠠᠷ ᠣᠷᠣᠨ᠎ᠢ ᠵᠣᠷᠢᠭᠵᠢᠭᠤᠯᠵᠤ ᠨᠤᠳᠤᠭ ᠪᠡᠯᠴᠢᠭᠡᠷ᠎ᠤᠨ ᠲᠠᠯᠠᠪᠠᠶ᠎ᠨᠢ ᠪᠠᠭ᠎ᠠ᠂ ᠣᠷᠣᠯᠭ᠎ᠠ᠎ᠨᠢ ᠳᠣᠣᠷ᠎ᠠ ᠮᠠᠯᠴᠢᠳ᠎ᠲᠤ ᠲᠤᠬᠠᠶ ᠵᠢᠨ ᠭᠠᠵᠠᠷ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ᠎ᠠᠴᠠ ᠳᠣᠣᠷ᠎ᠠ ᠦᠭᠡᠶ ᠨᠥᠬᠦᠪᠥᠷᠢ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ》 ᠭᠡᠵᠦ ᠲᠣᠭᠲᠠᠭ᠋ᠠᠪᠠ᠃

      ᠡᠭᠦᠨ᠎ᠤ ᠬᠠᠮᠲᠤ᠂ ᠲᠦᠷᠢᠮ᠎ᠳᠤ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯ ᠮᠠᠯᠵᠢᠬᠤ ᠪᠠ ᠮᠠᠯᠵᠢᠬᠤ ᠵᠢ ᠴᠠᠭ᠋ᠠᠵᠠᠯᠠᠬᠤ ᠣᠷᠣᠨ᠎ᠳᠤ ᠮᠠᠯ ᠮᠠᠯᠵᠢᠬᠤ ᠦᠶᠯᠡ ᠠᠵᠢᠯᠯᠠᠭ᠎ᠠ ᠵᠢ ᠰᠢᠢ᠍ᠳᠬᠡᠬᠦ ᠡᠷᠴᠢᠮ ᠵᠶ᠋ᠠᠨ ᠴᠢᠩᠭ᠋ᠠᠷᠠᠭᠤᠯᠪᠠ᠃ ᠬᠢᠨᠠᠨ ᠲᠣᠭᠲᠠᠭ᠋ᠠᠭᠰᠠᠨ ᠪᠡᠯᠴᠢᠭᠡᠷ᠎ᠤᠨ ᠲᠠᠭ᠋ᠠᠭ᠋ᠠᠴᠠ᠎ᠠᠴᠠ ᠬᠡᠲᠦᠷᠡᠲᠡᠯ᠎ᠡ ᠮᠠᠯ ᠮᠠᠯᠵᠢᠭᠰᠠᠨ ᠪᠠ ᠮᠠᠯᠵᠢᠬᠤ ᠵᠢ ᠴᠠᠭ᠋ᠠᠵᠠᠯᠠᠬᠤ ᠣᠷᠣᠨ ᠪᠤᠶᠤ ᠰᠡᠯᠬᠦᠨ ᠮᠠᠯᠵᠢᠬᠤ ᠬᠤᠭᠤᠴᠠᠭ᠋ᠠᠨ᠎ᠳᠤ ᠮᠠᠯ ᠮᠠᠯᠵᠢᠭᠰᠠᠨ ᠪᠣᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠵᠦᠪᠯᠡᠯ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠤᠨ᠎ᠠ; ᠬᠤᠭᠤᠴᠠᠭ᠎ᠠ᠎ᠨᠢ ᠬᠡᠲᠦᠷᠡᠭᠡᠳ ᠵᠠᠯᠠᠷᠠᠭᠤᠯᠤᠭᠰᠠᠨ ᠥᠬᠡᠶ ᠪᠠᠶ᠋ᠢᠪᠠᠯ᠂ ᠲᠤᠰ ᠲᠤᠰ ᠳᠠᠭ᠋ᠠᠭ᠋ᠠᠴᠠ᠎ᠠᠴᠠ ᠬᠡᠲᠦᠷᠡᠭᠰᠡᠨ ᠬᠤᠨᠢᠴᠢᠯᠠᠬᠰᠠᠨ ᠨᠢᠭᠡᠴᠢ᠎ᠪᠠᠷ ᠨᠢᠭᠡᠴᠢ ᠪᠦᠷᠢ ᠵᠢ 100 ᠲᠥᠭᠦᠷᠢᠭ ᠵᠶ᠋ᠠᠷ ᠲᠣᠷᠭ᠋ᠠᠬᠤ ᠪᠠ ᠬᠠᠤᠯᠢ᠎ᠠᠴᠠ ᠵᠥᠷᠢᠴᠡᠨ ᠪᠡᠯᠴᠢᠬᠡᠷᠯᠡᠬᠦᠯᠦᠭᠰᠡᠨ ᠮᠠᠯ ᠤᠨᠤᠭ᠎ᠠ᠎ᠳᠤ ᠬᠤᠨᠢᠴᠢᠯᠠᠬᠰᠠᠨ ᠨᠢᠭᠡᠴᠢ᠎ᠪᠠᠷ ᠨᠢᠭᠡᠴᠢ ᠪᠦᠷᠢ ᠵᠢ 120 ᠲᠥᠭᠦᠷᠢᠭ ᠵᠶ᠋ᠠᠷ ᠲᠣᠷᠭ᠋ᠠᠵᠤ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠱᠠᠩᠨᠠᠯ᠎ᠤᠨ ᠪᠠᠯᠠ ᠮᠥᠩᠭᠦ᠎ᠳᠤ ᠱᠠᠩᠨᠠᠬᠤ ᠪᠠ ᠰᠢᠢ᠍ᠳᠬᠡᠬᠦ ᠵᠢ ᠵᠡᠷᠭᠡ᠎ᠪᠠᠷ ᠬᠡᠷᠡᠭᠵᠢᠭᠦᠯᠬᠦ ᠲᠣᠭᠲᠠᠴᠠ ᠵᠢ ᠪᠠᠶ᠋ᠢᠭᠤᠯᠪᠠ᠃

      ᠲᠦᠷᠢᠮ᠎ᠢ ᠲᠣᠭᠲᠠᠭ᠋ᠠᠬᠤ ᠶᠠᠪᠤᠴᠠ᠎ᠳᠤ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠵᠦ᠂ ᠪᠣᠬᠢᠷᠲᠤᠯ ᠥᠬᠡᠶ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ᠎ᠪᠠᠷ ᠬᠠᠷᠠᠯᠲᠠ ᠪᠣᠯᠭ᠋ᠠᠵᠤ᠂ ᠠᠶᠠᠨᠳᠠᠭ᠋ᠠᠨ ᠰᠡᠷᠭᠦᠭᠡᠬᠦ᠎ᠪᠠᠷ ᠭᠤᠤᠯ ᠪᠣᠯᠭ᠋ᠠᠬᠤ ᠵᠢ ᠪᠠᠷᠢᠮᠲᠠᠯᠠᠵᠤ᠂ ᠬᠠᠤᠯᠢ ᠲᠣᠭᠲᠠᠭ᠋ᠠᠬᠤ᠎ᠪᠠᠷ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠪᠥᠲᠥᠭᠡᠨ ᠪᠠᠶ᠋ᠢᠭᠤᠯᠤᠯᠲᠠ ᠵᠢᠨ ᠳᠤᠮᠳᠠ ᠣᠷᠣᠰᠢᠵᠤ ᠪᠠᠶ᠋ᠢᠭ᠎ᠠ ᠲᠣᠪᠤᠶ᠋ᠢᠮ᠎ᠠ ᠠᠰᠠᠭᠤᠳᠠᠯ᠎ᠳᠤ ᠬᠠᠷᠢᠭᠤᠯᠲᠠ ᠥᠭᠪᠡ᠃ ᠲᠤᠰ ᠲᠦᠷᠢᠮ᠎ᠨᠢ ᠮᠠᠨ᠎ᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠥᠨᠢᠳᠡ ᠦᠷᠭᠦᠯᠵᠢᠯᠡᠨ ᠠᠰᠢᠬᠯᠠᠬᠤ ᠵᠢ ᠪᠡᠶᠡᠯᠡᠭᠦᠯᠬᠦ᠎ᠳᠤ ᠬᠠᠤᠯᠢᠵᠢᠯ᠎ᠤᠨ ᠬᠤᠷᠴᠠ ᠵᠡᠪᠰᠡᠭ ᠨᠡᠮᠡᠷᠢᠯᠡᠭᠰᠡᠨ ᠪᠠᠶ᠋ᠢᠨ᠎ᠠ᠃
   

ᠢᠷᠡᠯᠲᠡ᠄
          
ᠬᠠᠮᠢᠶ᠎ᠡ ᠪᠦᠬᠦᠢ ᠰᠣᠨᠢᠨ
ᠲᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠤᠨ ᠠᠷᠪᠠᠨ ᠨᠠᠢ᠍ᠮᠠᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠡᠭᠡᠵᠢᠩ᠎ᠳᠤ ᠡᠬᠢᠯᠡᠪᠡ ᠰᠢ ᠵᠢᠨ ᠫᠢᠩ ᠵᠤᠤ ᠯᠧ ᠵᠢᠢ ᠸᠠᠩ ᠬᠤ᠌ ᠨᠢᠩ ᠳ᠋ᠢᠩ ᠰᠢᠤᠸᠠᠢ ᠰᠢᠶᠠᠩ ᠯᠢ ᠰᠢ ᠬᠤᠷᠠᠯ᠎ᠳᠤ ᠣᠷᠣᠯᠴᠠᠵᠤ ᠪᠠᠶᠠᠷ ᠬᠦᠷᠭᠡᠵᠡᠢ ᠼᠠᠢ ᠴᠢ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠠᠴᠠ ᠪᠠᠶᠠᠷ᠎ᠤᠨ ᠦᠭᠡ ᠬᠡᠯᠡᠪᠡ
ᠢᠷᠠᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠮᠠᠯᠵᠢᠯ᠎ᠤᠨ ᠲᠠᠯᠠᠪᠠᠶ ᠪᠣᠯᠤᠨ ᠰᠠᠪᠠ ᠭᠠᠵᠠᠷ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠲᠥᠯᠥᠭᠡᠯᠡᠭᠴᠢᠳ᠎ᠤᠨ ᠪᠦᠯᠬᠦᠮ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠪᠠ
ᠰᠢ ᠵᠢᠨ ᠫᠢᠩ 2023 ᠣᠨ᠎ᠤ ᠳᠡᠯᠡᠬᠡᠶ ᠵᠢᠨ ᠢᠨᠲ᠋ᠧᠷ ᠰᠦᠯᠵᠢᠶᠡᠨ᠎ᠤ ᠶᠡᠬᠡ ᠬᠤᠷᠠᠯ᠎ᠤᠨ ᠦᠵᠸᠨ᠎ᠳᠠᠬᠢ ᠲᠦᠷᠦᠭᠦᠴᠦᠳ᠎ᠤᠨ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠸᠢᠳᠢᠣ᠋᠎ᠪᠠᠷ ᠪᠠᠶᠠᠷ᠎ᠤᠨ ᠦᠭᠡ ᠬᠡᠯᠡᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠬᠦᠷᠴᠦ ᠥᠪᠥᠷ ᠮᠣᠩᠭᠣᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠲᠤᠬᠠᠶ ᠬᠠᠷᠢᠭᠤ ᠮᠡᠳᠡᠬᠦᠯᠦᠯᠳᠡ ᠬᠢᠵᠦ ᠰᠠᠨᠠᠯ ᠵᠶ᠋ᠠᠨ ᠣᠯᠣᠯᠴᠠᠪᠠ
ᠰᠢ ᠵᠢᠨ ᠫᠢᠩ ᠪᠡᠭᠡᠵᠢᠩ ᠾᠧᠪᠧᠢ᠎ᠳᠤ ᠭᠠᠮᠰᠢᠭ᠎ᠤᠨ ᠳᠠᠷᠠᠭ᠋ᠠᠬᠢ ᠰᠡᠷᠭᠦᠭᠡᠵᠦ ᠲᠠᠬᠢᠨ ᠪᠦᠲᠦᠭᠡᠨ ᠪᠠᠶ᠋ᠢᠭᠤᠯᠬᠤ ᠠᠵᠢᠯ᠎ᠢ ᠰᠢᠨᠵᠢᠯᠡᠨ ᠪᠠᠶ᠋ᠢᠴᠠᠭ᠋ᠠᠪᠠ
 
             蒙ICP备05000248号