ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠭᠰᠠᠨ ᠰᠢᠨ᠎ᠡ ᠭᠠᠶ᠋ᠢᠬᠠᠮᠰᠢᠭ᠎ᠢ ᠡᠭᠦᠳᠦᠨᠡᠮ
ᠨᠡᠶ᠋ᠢᠲᠡᠯᠡᠭᠰᠡᠨ ᠴᠠᠭ᠄ 2023-10-09

      ᠡᠨᠡ ᠵᠢᠯ᠎ᠤᠨ 6 ᠰᠠᠷ᠎ᠠ᠎ᠳᠤ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠤᠯ᠎ᠤᠨ ᠪᠠᠶᠠᠨᠨᠠᠭᠤᠷ ᠬᠤᠳᠠ᠎ᠳᠤ ᠰᠢᠨᠵᠢᠯᠡᠨ ᠪᠠᠶ᠋ᠢᠴᠠᠭ᠋ᠠᠭᠰᠠᠨ ᠪᠥᠭᠡᠳ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠭᠰᠠᠨ ᠰᠢᠨ᠎ᠡ ᠭᠠᠶ᠋ᠢᠬᠠᠮᠰᠢᠭ᠎ᠢ ᠡᠭᠦᠳᠬᠦ ᠶᠡᠷᠦᠩᠬᠡᠢ ᠳᠠᠶ᠋ᠢᠴᠢᠯᠠᠯᠲᠠ ᠵᠢᠨ ᠵᠠᠷᠯᠢᠭ ᠪᠠᠭᠤᠯᠭ᠋ᠠᠭᠰᠠᠨ ᠪᠠᠶ᠋ᠢᠨ᠎ᠠ᠃   

      ᠳᠠᠶ᠋ᠢᠴᠢᠯᠠᠯᠲᠠ ᠵᠢᠨ ᠵᠠᠷᠯᠢᠭ ᠪᠠᠭᠤᠮᠠᠭᠴᠠ ᠣᠷᠣᠨ ᠳᠠᠶᠠᠭ᠋ᠠᠷ ᠵᠶ᠋ᠠᠨ ᠦᠳᠲᠡᠷ ᠲᠦᠷᠭᠡᠨ ᠬᠥᠳᠡᠯᠦᠯᠴᠡᠵᠦ᠂ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶ᠋ᠢᠮᠠᠭ ᠬᠤᠲᠠ ᠴᠥᠮ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠦᠪᠵᠢᠭᠦᠯᠭᠡ ᠪᠣᠯᠣᠨ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠤ ᠬᠡᠷᠡᠭᠵᠢᠭᠦᠯᠬᠦ ᠲᠥᠰᠥᠯ᠎ᠢ ᠨᠠᠶ᠋ᠢᠷᠠᠭᠤᠯᠤᠨ ᠵᠣᠬᠢᠶᠠᠬᠤ ᠠᠵᠢᠯ᠎ᠢ ᠡᠬᠢᠯᠡᠭᠦᠯᠬᠦ ᠵᠢᠨ ᠬᠠᠮᠲᠤ ᠥᠨᠳᠥᠷ ᠲᠦᠪᠰᠢᠨ᠎ᠠᠴᠠ ᠪᠠᠶ᠋ᠢᠷᠢᠯᠠᠭᠤᠯᠤᠨ᠂ ᠥᠨᠳᠥᠷ ᠳᠠᠪᠲᠠᠮᠵᠢ᠎ᠪᠠᠷ ᠲᠣᠬᠢᠷᠠᠭᠤᠯᠵᠤ᠂ ᠥᠨᠳᠥᠷ ᠦᠷ᠎ᠡ ᠪᠦᠲᠦᠮᠵᠢᠲᠡᠶ᠎ᠪᠠᠷ ᠨᠠᠶ᠋ᠢᠳᠠᠪᠤᠷᠢᠵᠢᠭᠤᠯᠤᠭᠰᠠᠨ᠎ᠠᠴᠠ ᠥᠷᠭᠡᠨ ᠠᠭᠤᠳᠠᠮ ᠥᠪᠥᠷ ᠮᠣᠩᠭᠤᠯ᠎ᠳᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠰᠦᠷ ᠳᠠᠯᠠᠶ᠋ᠢᠴᠠᠲᠠᠢ ᠡᠬᠢᠯᠡᠪᠡ᠃   

      8 ᠰᠠᠷ᠎ᠠ ᠵᠢᠨ 12᠎ᠤᠨ ᠡᠳᠦᠷ᠂ ᠤᠯᠠᠭ᠋ᠠᠨᠬᠠᠳᠠ ᠬᠤᠲᠠ ᠬᠤᠷᠴᠢᠨ᠎ᠤ ᠡᠯᠡᠰᠦᠷᠬᠡᠭ ᠭᠠᠵᠠᠷ ᠪᠣᠯᠣᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠲᠤᠶ᠋ᠢᠯᠪᠤᠷᠢᠲᠠᠢ ᠵᠠᠰᠠᠬᠤ ᠳᠠᠶ᠋ᠢᠯᠠᠯᠳᠤᠭ᠋ᠠᠨ᠎ᠢ ᠪᠦᠭᠦ ᠲᠠᠯ᠎ᠠ᠎ᠪᠠᠷ ᠡᠬᠢᠯᠡᠭᠦᠯᠵᠦ᠂ ᠪᠦᠭᠦ ᠬᠤᠲᠠ ᠵᠢᠨ ᠡᠯᠡᠰᠦᠷᠬᠡᠭ ᠭᠠᠵᠠᠷ᠎ᠤᠨ ᠵᠠᠰᠠᠯᠲᠠ ᠵᠢ ᠬᠤᠷᠴᠢᠨ᠎ᠤ ᠡᠯᠡᠰᠦᠷᠬᠡᠭ ᠭᠠᠵᠠᠷ᠎ᠤᠨ 《ᠬᠤᠶᠠᠷ ᠭᠤᠣᠯ᠎ᠤᠨ ᠰᠠᠪᠠ ᠭᠠᠵᠠᠷ》᠎ᠤᠨ ᠳᠤᠮᠳᠠ ᠬᠡᠰᠡᠭ᠎ᠤᠨ ᠣᠷᠣᠨ ᠪᠦᠰᠡ ᠵᠢᠨ ᠵᠠᠰᠠᠯᠲᠠ ᠵᠢᠨ ᠣᠷᠣᠨ᠂ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠵᠠᠰᠠᠯᠲᠠ ᠵᠢᠨ ᠣᠷᠣᠨ᠂ ᠬᠤᠷᠴᠢᠨ᠎ᠤ ᠡᠯᠡᠰᠦᠷᠬᠡᠭ ᠭᠠᠵᠠᠷ᠎ᠤᠨ ᠰᠢᠷᠠᠮᠥ᠋ᠷᠡᠨ ᠭᠤᠣᠯ᠎ᠤᠨ ᠬᠤᠶ᠋ᠢᠲᠤ ᠲᠠᠨᠵᠢ ᠵᠢᠨ ᠵᠠᠰᠠᠯᠲᠠ ᠵᠢᠨ ᠣᠷᠣᠨ᠂ ᠬᠤᠷᠴᠢᠨ᠎ᠤ ᠡᠯᠡᠰᠦᠷᠬᠡᠭ ᠭᠠᠵᠠᠷ᠎ᠤᠨ ᠯᠤᠤᠬ᠎ᠠ ᠵᠢᠨ ᠭᠤᠣᠯ᠎ᠤᠨ ᠡᠮᠦᠨ᠎ᠡ ᠲᠠᠨᠵᠢ ᠵᠢᠨ ᠵᠠᠰᠠᠯᠲᠠ ᠵᠢᠨ ᠣᠷᠣᠨ ᠵᠡᠷᠭᠡ 《ᠳᠥᠷᠪᠡᠨ ᠶᠡᠭᠡ ᠪᠠᠶ᠋ᠢᠯᠳᠤᠭ᠋ᠠᠨ᠎ᠤ ᠣᠷᠣᠨ》 ᠪᠣᠯᠭ᠋ᠠᠨ ᠬᠤᠪᠢᠶᠠᠪᠠ᠃ ᠬᠤᠶᠠᠷ ᠶᠡᠭᠡ ᠡᠯᠡᠰᠦᠷᠬᠡᠭ ᠭᠠᠵᠠᠷ᠎ᠢ ᠲᠤᠶ᠋ᠢᠯᠪᠤᠷᠢᠲᠠᠢ ᠵᠠᠰᠠᠬᠤ ᠳᠠᠶ᠋ᠢᠯᠠᠯᠳᠤᠭ᠋ᠠᠨ᠎ᠢ ᠡᠬᠢᠯᠡᠭᠦᠯᠦᠭᠰᠡᠨ᠎ᠠᠴᠠ ᠨᠠᠭ᠋ᠠᠰᠢ ᠤᠯᠠᠭ᠋ᠠᠨᠬᠠᠳᠠ ᠬᠤᠲᠠ ᠨᠢᠭᠡᠨᠲᠡ 21.23 ᠲᠦᠮᠡᠨ ᠮᠦ᠍ ᠡᠯᠡᠰᠦᠷᠬᠡᠭᠵᠢᠭᠰᠡᠨ ᠭᠠᠵᠠᠷ᠎ᠢ ᠵᠠᠰᠠᠵᠤ᠂ ᠡᠨᠡ ᠵᠢᠯ᠎ᠤᠨ ᠳᠣᠲᠣᠷ᠎ᠠ ᠳᠠᠭᠢᠨ 18.75 ᠲᠦᠮᠡᠨ ᠮᠦ᠍ ᠡᠯᠡᠰᠦᠷᠬᠡᠭᠵᠢᠭᠰᠡᠨ ᠭᠠᠵᠠᠷ᠎ᠢ ᠵᠠᠰᠠᠬᠤ᠎ᠪᠠᠷ ᠬᠦᠴᠦᠯᠡᠵᠦ ᠪᠠᠶ᠋ᠢᠨ᠎ᠠ᠃   

      ᠲᠦᠩᠯᠢᠶᠣᠣ ᠬᠤᠲᠠ 《ᠬᠤᠶ᠋ᠢᠲᠤ ᠬᠡᠰᠡᠭ ᠵᠶ᠋ᠠᠷ ᠬᠠᠮᠠᠭ᠋ᠠᠯᠠᠬᠤ᠂ ᠳᠤᠮᠳᠠ ᠬᠡᠰᠡᠭ ᠵᠶ᠋ᠠᠷ ᠤᠰᠤ ᠠᠷᠪᠢᠯᠠᠬᠤ᠂ ᠡᠮᠦᠨ᠎ᠡ ᠬᠡᠰᠡᠭ ᠵᠶ᠋ᠠᠷ ᠡᠯᠡᠰᠦ ᠵᠢ ᠵᠠᠰᠠᠬᠤ》 ᠠᠮᠢ ᠠᠬᠤᠢ ᠵᠢᠨ ᠬᠥᠭᠵᠢᠯᠲᠡ ᠵᠢᠨ ᠰᠡᠳᠬᠢᠴᠡ ᠶᠣᠰᠣᠭ᠋ᠠᠷ 2023 - 2030 ᠣᠨ᠎ᠤ ᠬᠤᠷᠴᠢᠨ᠎ᠤ ᠡᠯᠡᠰᠦᠷᠬᠡᠭ ᠭᠠᠵᠠᠷ᠎ᠢ ᠲᠤᠶ᠋ᠢᠯᠪᠤᠷᠢᠲᠠᠢ ᠵᠠᠰᠠᠬᠤ ᠶᠡᠷᠦᠩᠬᠡᠢ ᠲᠥᠯᠦᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ 《ᠲᠠᠪᠤᠨ ᠮᠢᠩᠭ᠋ᠠᠨ ᠲᠦᠮᠡ》 ᠵᠢᠨ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ 《ᠲᠠᠪᠤᠨ ᠶᠡᠭᠡ ᠠᠵᠤ ᠦᠢ᠍ᠯᠡᠰ》᠎ᠢ ᠪᠦᠭᠦ ᠬᠦᠴᠦᠨ ᠵᠶ᠋ᠠᠷ ᠵᠶ᠋ᠠᠨ ᠬᠥᠭᠵᠢᠭᠦᠯᠵᠦ ᠪᠠᠶ᠋ᠢᠨ᠎ᠠ᠃ ᠭᠡᠬᠦ᠎ᠳᠡᠭᠡᠨ ᠭᠤᠣᠯᠳᠠᠯᠭ᠎ᠠ᠎ᠲᠠᠢ ᠵᠠᠰᠠᠯᠲᠠ ᠵᠢ ᠲᠣᠪᠤᠶ᠋ᠢᠯᠭ᠋ᠠᠨ᠂ ᠨᠡᠶ᠋ᠢᠭᠡᠮ᠎ᠤᠨ ᠡᠯ᠎ᠡ ᠲᠠᠯ᠎ᠠ ᠵᠢᠨ ᠬᠦᠴᠦᠨ᠎ᠢ ᠳᠠᠶ᠋ᠢᠴᠢᠯᠠᠵᠤ᠂ ᠬᠤᠷᠴᠢᠨ᠎ᠤ ᠡᠯᠡᠰᠦᠷᠬᠡᠭ ᠭᠠᠵᠠᠷ᠎ᠢ ᠲᠤᠶ᠋ᠢᠯᠪᠤᠷᠢᠲᠠᠢ ᠵᠠᠰᠠᠬᠤ ᠳᠠᠶ᠋ᠢᠯᠠᠯᠳᠤᠭ᠋ᠠᠨ᠎ᠢ ᠪᠦᠭᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ ᠡᠬᠢᠯᠡᠯ᠎ᠡ᠃   

      8 ᠰᠠᠷ᠎ᠠ ᠵᠢᠨ 17᠎ᠤ ᠡᠳᠦᠷ᠂ ᠤᠯᠠᠭ᠋ᠠᠨᠴᠠᠪ ᠬᠤᠲᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠵᠢᠴᠢ ᠥᠪᠥᠷ ᠮᠣᠩᠭᠤᠯ᠎ᠤᠨ ᠵᠡᠭᠦᠨ ᠬᠡᠰᠡᠭ᠎ᠤᠨ ᠲᠠᠯ᠎ᠠ ᠨᠤᠲᠤᠭ᠎ᠤᠨ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠬᠤᠶᠠᠳᠤᠭ᠋ᠠᠷ ᠬᠤᠭᠤᠴᠠᠭ᠋ᠠᠨ᠎ᠤ ᠲᠥᠷᠥᠯ ᠵᠦᠢ᠍ᠯ᠎ᠢ ᠡᠬᠢᠯᠡᠭᠦᠯᠵᠦ᠂ ᠰᠢᠨ᠎ᠡ ᠨᠢᠭᠡ ᠡᠭᠡᠯᠵᠢ ᠵᠢᠨ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠡᠬᠢᠯᠡᠭᠦᠯᠪᠡ᠃ ᠲᠤᠰ ᠬᠤᠲᠠ 《ᠬᠠᠲᠤᠨ ᠭᠤᠣᠯ᠎ᠤᠨ 〈ᠶᠡᠭᠡ ᠲᠣᠬᠤᠢ〉 ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠬᠡᠷᠡᠭᠵᠢᠭᠦᠯᠬᠦ ᠲᠥᠰᠥᠯ》 ᠪᠣᠯᠣᠨ 《ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠲᠤᠶ᠋ᠢᠯᠪᠤᠷᠢᠲᠠᠢ ᠵᠠᠰᠠᠬᠤ ᠳᠠᠶ᠋ᠢᠯᠠᠯᠳᠤᠭ᠋ᠠᠨ᠎ᠤ ᠬᠡᠷᠡᠭᠵᠢᠭᠦᠯᠬᠦ ᠲᠥᠰᠥᠯ》᠎ᠢ ᠨᠢᠭᠡᠨᠲᠡ ᠨᠠᠶ᠋ᠢᠷᠠᠭᠤᠯᠤᠨ ᠵᠣᠬᠢᠶᠠᠵᠤ᠂ ᠣᠳᠣᠬᠠᠨ ᠪᠤᠯᠲᠠᠯ᠎ᠠ 76.21 ᠲᠦᠮᠡᠨ ᠮᠦ᠍ ᠵᠢᠨ ᠣᠶ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠬᠢᠵᠦ᠂ ᠨᠢᠭᠡᠨᠲᠡ ᠵᠢᠯ᠎ᠤᠨ ᠡᠭᠦᠷᠭᠡ ᠵᠢᠨ ᠵᠶ᠋ᠠᠨ 95.74% ᠵᠢ ᠪᠡᠶᠡᠯᠡᠭᠦᠯᠪᠡ᠃  ᠰᠢᠯᠢ ᠵᠢᠨ ᠭᠤᠣᠯ ᠠᠶ᠋ᠢᠮᠠᠭ ᠪᠦᠬᠦᠯᠢ ᠴᠣᠭᠴᠠ᠎ᠪᠠᠷ᠎ᠨᠢ ᠠᠬᠢᠭᠤᠯᠬᠤ᠂ ᠣᠷᠣᠨ ᠬᠤᠪᠢᠶᠠᠵᠤ ᠵᠠᠰᠠᠬᠤ᠂ ᠶᠡᠷᠦᠩᠬᠡᠶ᠋ᠢᠯᠡᠨ ᠵᠠᠰᠠᠬᠤ ᠵᠠᠷᠴᠢᠮ ᠶᠣᠰᠣᠭ᠋ᠠᠷ ᠪᠦᠭᠦ ᠠᠶ᠋ᠢᠮᠠᠭ᠎ᠤᠨ ᠬᠡᠪᠴᠢᠶᠡᠨ᠎ᠳᠠᠬᠢ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ 《ᠲᠠᠪᠤᠨ ᠣᠷᠣᠨ ᠬᠤᠶᠠᠷ ᠪᠦᠰᠡ ᠣᠯᠠᠨ ᠴᠡᠭ》 ᠪᠣᠯᠭ᠋ᠠᠨ ᠬᠤᠪᠢᠶᠠᠪᠠ᠃ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠲᠤᠶ᠋ᠢᠯᠪᠤᠷᠢᠲᠠᠢ ᠵᠠᠰᠠᠬᠤ ᠳᠠᠶ᠋ᠢᠯᠠᠯᠳᠤᠭ᠋ᠠᠨ᠎ᠢ ᠡᠬᠢᠯᠡᠭᠦᠯᠦᠭᠰᠡᠨ᠎ᠠᠴᠠ ᠨᠠᠭ᠋ᠠᠰᠢ ᠭᠤᠣᠯᠳᠠᠭᠤ ᠥᠪᠥᠷ ᠮᠣᠩᠭᠤᠯ ᠎ᠤᠨ ᠵᠡᠭᠦᠨ ᠬᠡᠰᠡᠭ᠎ᠤᠨ ᠲᠠᠯ᠎ᠠ ᠨᠤᠲᠤᠭ᠎ᠤᠨ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ᠎ᠳᠤ ᠲᠦᠰᠢᠭᠯᠡᠨ ᠡᠯᠡᠰᠦᠷᠬᠡᠭ ᠭᠠᠵᠠᠷ᠎ᠢ 34.3 ᠲᠦᠮᠡᠨ ᠮᠦ᠍ ᠵᠠᠰᠠᠵᠤ᠂ ᠡᠨᠡ ᠨᠠᠮᠤᠷ ᠮᠠᠯᠴᠢᠨ ᠲᠠᠷᠢᠶᠠᠴᠢᠨ ᠵᠢᠴᠢ ᠬᠤᠷᠰᠢᠭᠰᠠᠨ ᠵᠣᠬᠢᠶᠠᠨ ᠪᠠᠶ᠋ᠢᠭᠤᠯᠤᠯᠲᠠ ᠵᠢᠨ ᠣᠷᠤᠯᠴᠠᠯᠭ᠎ᠠ᠎ᠪᠠᠷ ᠭᠤᠣᠯ ᠠᠷᠭ᠎ᠠ ᠭᠡᠯᠪᠡᠷᠢ ᠪᠣᠯᠭ᠋ᠠᠨ ᠳᠠᠭᠢᠨ 6 ᠲᠦᠮᠡᠨ ᠮᠦ᠍ ᠡᠯᠡᠰᠦᠷᠬᠡᠭ ᠭᠠᠵᠠᠷ᠎ᠢ ᠵᠠᠰᠠᠬᠤ᠎ᠪᠠᠷ ᠲᠥᠯᠥᠪᠯᠡᠵᠦ ᠪᠠᠶ᠋ᠢᠨ᠎ᠠ᠃      

      ᠣᠷᠳᠣᠰ ᠬᠤᠲᠠ 《ᠬᠠᠲᠤᠨ ᠭᠤᠣᠯ᠎ᠤᠨ 〈ᠶᠡᠭᠡ ᠲᠣᠬᠤᠢ〉 ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ 8 ᠵᠦᠢ᠍ᠯ᠎ᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠬᠦ ᠵᠢᠨ ᠬᠠᠮᠲᠤ ᠱᠠᠯᠠᠪᠳᠠᠨ ᠠᠵᠢᠯᠯᠠᠵᠤ᠂ ᠲᠥᠪᠯᠡᠷᠡᠭᠦᠯᠦᠨ ᠪᠣᠭᠤᠮᠲᠠ ᠰᠢᠪᠲᠤᠯᠬᠤ ᠵᠢ ᠴᠢᠩᠭ᠎ᠠ ᠠᠳᠬᠤᠪᠠ᠃ 7 ᠰᠠᠷ᠎ᠠ ᠵᠢᠨ 30᠎ᠤ ᠡᠳᠦᠷ᠎ᠠᠴᠠ ᠡᠬᠢᠯᠡᠨ ᠪᠦᠭᠦ ᠬᠤᠲᠠ ᠵᠢᠨ ᠡᠯ᠎ᠡ ᠭᠠᠵᠠᠷ᠎ᠤᠨ᠎ᠬᠢᠨ ᠵᠠᠯᠭ᠋ᠠᠭ᠎ᠠ᠎ᠪᠠᠷ ᠳᠠᠶ᠋ᠢᠴᠢᠯᠠᠯᠲᠠ ᠵᠢᠨ ᠬᠤᠷᠠᠯ ᠬᠢᠵᠦ᠂ ᠬᠥᠪᠴᠢ ᠵᠢᠨ ᠡᠯᠡᠰᠦ ᠵᠢ ᠡᠮᠵᠢᠶᠡᠷᠢᠯᠡᠬᠦ ᠤᠢ ᠡᠪᠡᠰᠦᠨ᠎ᠤ ᠪᠦᠰᠡ᠂ ᠮᠤᠤᠠᠤᠰᠤ ᠵᠢᠨ ᠡᠯᠡᠰᠦᠷᠬᠡᠭ ᠭᠠᠵᠠᠷ᠎ᠤᠨ ᠲᠥᠪᠯᠡᠷᠡᠨ ᠵᠠᠯᠭ᠋ᠠᠯᠳᠤᠭᠰᠠᠨ ᠨᠢᠴᠦᠭᠦᠨ ᠡᠯᠡᠰᠦ ᠵᠢ ᠵᠠᠰᠠᠬᠤ ᠵᠡᠷᠭᠡ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ᠎ᠢ ᠡᠬᠢᠯᠡᠭᠦᠯᠪᠡ᠃ ᠪᠠᠶᠠᠨᠨᠠᠭᠤᠷ ᠬᠤᠲᠠ 《〈ᠤᠮᠠᠷᠠᠲᠤ ᠵᠢᠨ ᠭᠤᠷᠪᠠᠨ ᠣᠷᠣᠨ〉᠎ᠤ ᠵᠢᠷᠭᠤᠳᠤᠭ᠋ᠠᠷ ᠬᠤᠭᠤᠴᠠᠭ᠎ᠠ ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠢ᠎ᠪᠠᠷ ᠠᠬᠢᠭᠤᠯᠵᠤ᠂ ᠬᠠᠲᠤᠨ ᠭᠤᠣᠯ᠎ᠤᠨ 〈ᠶᠡᠭᠡ ᠲᠣᠬᠤᠢ〉 ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠬᠡᠷᠡᠭᠵᠢᠭᠦᠯᠬᠦ ᠲᠥᠰᠥᠯ》᠎ᠢ ᠨᠠᠶ᠋ᠢᠷᠠᠭᠤᠯᠤᠨ ᠵᠣᠬᠢᠶᠠᠵᠤ᠂ ᠪᠦᠭᠦ ᠬᠤᠲᠠ ᠵᠢ ᠡᠯᠡᠰᠦᠨ ᠴᠦᠯ (ᠡᠯᠡᠰᠦᠷᠬᠡᠭ ᠭᠠᠵᠠᠷ)᠎ᠢ ᠶᠡᠷᠦᠩᠬᠡᠶ᠋ᠢᠯᠡᠨ ᠵᠠᠰᠠᠬᠤ ᠣᠷᠣᠨ᠂ ᠮᠤᠨᠢ ᠠᠭᠤᠯᠠ ᠵᠢᠴᠢ ᠮᠤᠨᠢ ᠠᠭᠤᠯᠠ ᠵᠢᠨ ᠠᠷᠤ ᠬᠤᠷᠮᠣᠢ ᠵᠢᠨ ᠠᠮᠢ ᠠᠬᠤᠢ ᠵᠢ ᠶᠡᠷᠦᠩᠬᠡᠶ᠋ᠢᠯᠡᠨ ᠵᠠᠰᠠᠬᠤ ᠣᠷᠣᠨ᠂ ᠪᠣᠷᠣᠳᠣᠬᠤᠢ ᠵᠢᠨ ᠲᠠᠯ᠎ᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠣᠷᠣᠨ᠂ ᠨᠤᠭᠤ ᠭᠠᠵᠠᠷ᠎ᠢ ᠬᠠᠮᠠᠭ᠋ᠠᠯᠠᠨ ᠰᠡᠷᠭᠦᠭᠡᠵᠦ ᠵᠠᠰᠠᠬᠤ ᠣᠷᠣᠨ ᠭᠡᠬᠦ 4 ᠣᠷᠣᠨ ᠪᠦᠰᠡ ᠬᠤᠪᠢᠶᠠᠵᠤ᠂ ᠨᠢᠭᠡᠨᠲᠡ 13 ᠲᠥᠷᠥᠯ ᠵᠦᠢ᠍ᠯ᠎ᠤᠨ ᠠᠵᠢᠯ᠎ᠢ ᠡᠬᠢᠯᠡᠭᠦᠯᠦᠭᠰᠡᠨ ᠪᠠᠶ᠋ᠢᠨ᠎ᠠ᠃   

      ᠮᠠᠨ᠎ᠤ ᠣᠷᠣᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠪᠣᠯᠣᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠳᠤ ᠨᠢᠭᠡᠨᠲᠡ ᠱᠠᠲᠤᠴᠢ ᠴᠢᠨᠠᠷᠲᠠᠢ ᠠᠮᠵᠢᠯᠲᠠ ᠣᠯᠵᠤ᠂ ᠮᠠᠨ᠎ᠤ ᠣᠷᠣᠨ ᠥᠪᠡᠷ ᠵᠶ᠋ᠠᠨ ᠲᠥᠯᠥᠪᠯᠡᠭᠰᠡᠨ ᠬᠥᠪᠴᠢ ᠵᠢᠨ ᠡᠯᠡᠰᠦ - ᠮᠤᠤᠠᠤᠰᠤ ᠵᠢᠨ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ᠂ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ᠂ ᠪᠠᠳᠠᠢ ᠵᠢᠨ ᠵᠢᠷᠠᠨ᠎ᠤ ᠡᠯᠡᠰᠦᠨ᠎ᠤ ᠭᠦᠪᠡᠭᠡ ᠳᠠᠭ᠋ᠠᠤ᠎ᠳᠠᠬᠢ ᠡᠯᠡᠰᠦ ᠵᠢ ᠲᠣᠭᠲᠠᠪᠤᠷᠢᠵᠢᠭᠤᠯᠵᠤ ᠡᠯᠡᠰᠦ ᠵᠢ ᠵᠠᠰᠠᠬᠤ ᠤᠢ ᠡᠪᠡᠰᠦᠨ᠎ᠤ ᠪᠦᠰᠡ ᠵᠢᠨ ᠲᠥᠷᠥᠯ ᠵᠦᠢ᠍ᠯ ᠵᠡᠷᠭᠡ 11 ᠴᠢᠬᠤᠯᠠ ᠶᠡᠭᠡ ᠲᠥᠷᠥᠯ ᠵᠦᠢ᠍ᠯ᠎ᠢ ᠪᠦᠭᠦᠨ᠎ᠢ ᠤᠯᠤᠰ᠎ᠤᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠦᠪᠵᠢᠭᠦᠯᠭᠡ ᠵᠢᠨ ᠬᠡᠪᠴᠢᠶᠡᠨ᠎ᠳᠤ ᠣᠷᠣᠭᠤᠯᠵᠤ᠂ ᠪᠦᠭᠦ ᠣᠷᠣᠨ᠎ᠤ 103 ᠬᠤᠰᠢᠭᠤ ᠰᠢᠶᠠᠨ (ᠬᠤᠲᠠ᠂ ᠲᠣᠭᠤᠷᠢᠭ)᠎ᠢ ᠪᠦᠭᠦᠨ᠎ᠢ ᠲᠥᠯᠦᠪᠵᠢᠭᠦᠯᠭᠡ ᠵᠢᠨ ᠬᠡᠷᠡᠭᠵᠢᠭᠦᠯᠬᠦ ᠬᠡᠪᠴᠢᠶᠡᠨ᠎ᠳᠤ ᠣᠷᠣᠭᠤᠯᠪᠠ᠃ ᠡᠨᠡ ᠵᠢᠯ᠎ᠠᠴᠠ ᠨᠠᠭ᠋ᠠᠰᠢ 9 ᠰᠠᠷ᠎ᠠ ᠵᠢᠨ ᠡᠬᠢᠨ ᠪᠤᠯᠲᠠᠯ᠎ᠠ ᠪᠦᠭᠦ ᠣᠷᠣᠨ ᠵᠶ᠋ᠠᠷ ᠵᠶ᠋ᠠᠨ ᠨᠡᠶ᠋ᠢᠳᠡ 337 ᠲᠦᠮᠡᠨ ᠮᠦ᠍ ᠭᠠᠵᠠᠷ᠎ᠢ ᠣᠶ᠋ᠢᠵᠢᠭᠤᠯᠤᠨ᠂ 1362 ᠲᠦᠮᠡᠨ ᠮᠦ᠍ ᠡᠪᠡᠰᠦ ᠳᠠᠷᠢᠵᠤ᠂ ᠡᠯᠡᠰᠦᠷᠬᠡᠭᠵᠢᠯ ᠎ᠢ ᠰᠡᠷᠭᠡᠶ᠋ᠢᠯᠡᠨ ᠡᠯᠡᠰᠦ ᠵᠢ ᠵᠠᠰᠠᠭᠰᠠᠨ ᠲᠠᠯᠠᠪᠠᠢ 650 ᠲᠦᠮᠡᠨ ᠮᠦ᠍᠎ᠳᠤ ᠬᠦᠷᠴᠦ᠂ ᠲᠣᠰ ᠲᠣᠰ ᠵᠢᠯ᠎ᠤᠨ ᠡᠭᠦᠷᠭᠡ ᠵᠢᠨ ᠵᠶ᠋ᠠᠨ 90%᠂ 105% ᠪᠠ 103% ᠵᠢ ᠪᠡᠶᠡᠯᠡᠭᠦᠯᠪᠡ᠃   

      ᠥᠪᠥᠷ ᠮᠣᠩᠭᠤᠯ 《ᠤᠮᠠᠷᠠᠲᠤ ᠵᠢᠨ ᠭᠤᠷᠪᠠᠨ ᠣᠷᠣᠨ》᠎ᠢ ᠰᠤᠨᠳᠠᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠲᠠᠯᠠᠪᠠᠶ᠎ᠪᠠᠷ ᠬᠠᠮᠤᠭ᠎ᠤᠨ ᠶᠡᠭᠡ᠂ ᠲᠥᠷᠥᠯ ᠵᠦᠢ᠍ᠯ ᠵᠶ᠋ᠠᠷ ᠬᠠᠮᠤᠭ᠎ᠤᠨ ᠪᠦᠷᠢᠨ ᠠᠮᠢ ᠠᠬᠤᠢ ᠵᠢᠨ ᠴᠢᠳᠠᠮᠵᠢᠲᠤ ᠣᠷᠣᠨ ᠮᠥᠷᠲᠡᠭᠡᠨ ᠪᠠᠰᠠ ᠪᠦᠭᠦ ᠤᠯᠤᠰ᠎ᠤᠨ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠨᠤᠲᠤᠭ ᠵᠶ᠋ᠠᠷ ᠬᠠᠮᠤᠭ᠎ᠤᠨ ᠲᠥᠪᠯᠡᠷᠡᠩᠭᠦᠢ᠂ ᠬᠤᠣᠷ ᠬᠥᠨᠥᠭᠡᠯ ᠵᠶ᠋ᠠᠷ ᠬᠠᠮᠤᠭ᠎ᠤᠨ ᠬᠦᠨᠳᠦ ᠨᠣᠴᠢᠲᠠᠢ ᠮᠤᠵᠢ ᠣᠷᠣᠨ᠎ᠤ ᠨᠢᠭᠡ ᠪᠣᠯᠣᠨ᠎ᠠ᠃ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠢ ᠡᠬᠢᠯᠡᠭᠦᠯᠦᠭᠰᠡᠨ᠎ᠠᠴᠠ ᠨᠠᠭ᠋ᠠᠰᠢ ᠮᠠᠨ᠎ᠤ ᠣᠷᠣᠨ ᠨᠡᠶ᠋ᠢᠲᠡ 56 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠨ ᠲᠠᠪᠤᠨ ᠬᠤᠭᠤᠴᠠᠭ᠋ᠠᠨ᠎ᠤ ᠢᠨᠵᠧᠨᠧᠷᠢᠩ᠎ᠢ ᠬᠡᠷᠡᠭᠵᠢᠭᠦᠯᠵᠦ᠂ ᠤᠷᠢᠳ ᠬᠤᠵᠢᠳ ᠨᠡᠶ᠋ᠢᠳᠡ 1.19 ᠳ᠋ᠦᠩᠰᠢᠭᠤᠷ ᠮᠦ᠍ ᠵᠢᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠪᠡᠶᠡᠯᠡᠭᠦᠯᠦᠨ᠂ ᠪᠦᠭᠦ ᠤᠯᠤᠰ᠎ᠤᠨ ᠪᠡᠶᠡᠯᠡᠭᠦᠯᠦᠭᠰᠡᠨ ᠶᠡᠷᠦᠩᠬᠡᠢ ᠡᠭᠦᠷᠭᠡ ᠵᠢᠨ 25.1% ᠵᠢ ᠡᠵᠡᠯᠡᠪᠡ᠃ 《ᠡᠨᠡ ᠵᠢᠯ ᠪᠣᠯ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠢ ᠬᠡᠷᠡᠭᠵᠢᠭᠦᠯᠦᠭᠰᠡᠨ 45 ᠵᠢᠯ᠎ᠤᠨ ᠤᠢ ᠪᠣᠯᠣᠨ᠎ᠠ᠂ ᠪᠦᠭᠦ ᠣᠷᠣᠨ᠎ᠤ ᠲᠠᠷᠢᠮᠠᠯ ᠤᠢ ᠵᠢᠨ ᠬᠠᠳᠠᠭ᠋ᠠᠯᠠᠯᠲᠠ ᠵᠢᠨ ᠲᠠᠯᠠᠪᠠᠢ᠂ ᠤᠢ ᠰᠢᠭᠤᠢ ᠵᠢᠨ ᠲᠠᠯᠠᠪᠠᠢ ᠲᠤᠰ ᠲᠤᠰ 1977 ᠣᠨ᠎ᠳᠤ 0.13 ᠳ᠋ᠦᠩᠰᠢᠭᠤᠷ ᠮᠦ᠍ ᠪᠠ 2.34 ᠳ᠋ᠦᠩᠰᠢᠭᠤᠷ ᠮᠦ᠍ ᠪᠠᠶ᠋ᠢᠭᠰᠠᠨ᠎ᠠᠴᠠ ᠤᠳᠤ 0.84 ᠳ᠋ᠦᠩᠰᠢᠭᠤᠷ ᠮᠦ᠍ ᠪᠠ 3.57 ᠳ᠋ᠦᠩᠰᠢᠭᠤᠷ ᠮᠦ᠍ ᠪᠣᠯᠣᠨ ᠨᠡᠮᠡᠭᠳᠡᠵᠦ᠂ ᠡᠯᠡᠰᠦ ᠰᠠᠯᠬᠢᠨ᠎ᠤ ᠬᠤᠣᠷ ᠬᠥᠨᠥᠭᠡᠯ ᠪᠣᠯᠣᠨ ᠤᠰᠤ ᠰᠢᠷᠣᠢ ᠵᠢᠨ ᠢᠳᠡᠭᠳᠡᠯ᠎ᠢ ᠪᠦᠲᠦᠮᠵᠢᠲᠡᠢ ᠪᠠᠭ᠋ᠠᠰᠬᠠᠨ᠂ ᠮᠠᠨ᠎ᠤ ᠤᠯᠤᠰ ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠴᠢᠬᠤᠯᠠ ᠶᠡᠭᠡ ᠦᠢ᠍ᠯᠡᠳᠦᠯ ᠦᠵᠡᠭᠦᠯᠪᠡ》 ᠭᠡᠵᠦ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠡᠯᠡᠰᠦ ᠮᠠᠩᠬ᠎ᠠ ᠵᠢ ᠵᠠᠰᠠᠵᠤ ᠣᠶ᠋ᠢᠵᠢᠭᠤᠯᠬᠤ ᠭᠠᠵᠠᠷ᠎ᠤᠨ ᠳᠡᠳ᠋ ᠳᠠᠷᠤᠭ᠎ᠠ ᠲᠠᠯᠢᠨᠭᠦᠦ ᠬᠡᠯᠡᠨ᠎ᠡ᠃

ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠯ ᠪᠡᠯᠴᠢᠭᠡᠷ᠎ᠤᠨ ᠲᠡᠩᠴᠡᠭᠦᠷᠢᠰᠢᠯ᠎ᠢ ᠠᠬᠢᠭᠤᠯᠵᠤ ᠲᠠᠯ᠎ᠠ ᠨᠤᠳᠤᠭ ᠵᠶ᠋ᠠᠨ ᠦᠨᠢᠳᠡ ᠦᠷᠬᠦᠯᠵᠢᠯᠡᠡ ᠠᠰᠢᠬᠯᠠᠨ᠎ᠠ
ᠲᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠤᠨ ᠠᠷᠪᠠᠨ ᠨᠠᠢ᠍ᠮᠠᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠡᠭᠡᠵᠢᠩ᠎ᠳᠤ ᠡᠬᠢᠯᠡᠪᠡ ᠰᠢ ᠵᠢᠨ ᠫᠢᠩ ᠵᠤᠤ ᠯᠧ ᠵᠢᠢ ᠸᠠᠩ ᠬᠤ᠌ ᠨᠢᠩ ᠳ᠋ᠢᠩ ᠰᠢᠤᠸᠠᠢ ᠰᠢᠶᠠᠩ ᠯᠢ ᠰᠢ ᠬᠤᠷᠠᠯ᠎ᠳᠤ ᠣᠷᠣᠯᠴᠠᠵᠤ ᠪᠠᠶᠠᠷ ᠬᠦᠷᠭᠡᠵᠡᠢ ᠼᠠᠢ ᠴᠢ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠠᠴᠠ ᠪᠠᠶᠠᠷ᠎ᠤᠨ ᠦᠭᠡ ᠬᠡᠯᠡᠪᠡ
ᠢᠷᠠᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠮᠠᠯᠵᠢᠯ᠎ᠤᠨ ᠲᠠᠯᠠᠪᠠᠶ ᠪᠣᠯᠤᠨ ᠰᠠᠪᠠ ᠭᠠᠵᠠᠷ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠲᠥᠯᠥᠭᠡᠯᠡᠭᠴᠢᠳ᠎ᠤᠨ ᠪᠦᠯᠬᠦᠮ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠪᠠ
ᠰᠢ ᠵᠢᠨ ᠫᠢᠩ 2023 ᠣᠨ᠎ᠤ ᠳᠡᠯᠡᠬᠡᠶ ᠵᠢᠨ ᠢᠨᠲ᠋ᠧᠷ ᠰᠦᠯᠵᠢᠶᠡᠨ᠎ᠤ ᠶᠡᠬᠡ ᠬᠤᠷᠠᠯ᠎ᠤᠨ ᠦᠵᠸᠨ᠎ᠳᠠᠬᠢ ᠲᠦᠷᠦᠭᠦᠴᠦᠳ᠎ᠤᠨ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠸᠢᠳᠢᠣ᠋᠎ᠪᠠᠷ ᠪᠠᠶᠠᠷ᠎ᠤᠨ ᠦᠭᠡ ᠬᠡᠯᠡᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠬᠦᠷᠴᠦ ᠥᠪᠥᠷ ᠮᠣᠩᠭᠣᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠲᠤᠬᠠᠶ ᠬᠠᠷᠢᠭᠤ ᠮᠡᠳᠡᠬᠦᠯᠦᠯᠳᠡ ᠬᠢᠵᠦ ᠰᠠᠨᠠᠯ ᠵᠶ᠋ᠠᠨ ᠣᠯᠣᠯᠴᠠᠪᠠ
 
             蒙ICP备05000248号