ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠬᠦᠷᠴᠦ ᠥᠪᠥᠷ ᠮᠣᠩᠭᠣᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠲᠤᠬᠠᠶ ᠬᠠᠷᠢᠭᠤ ᠮᠡᠳᠡᠬᠦᠯᠦᠯᠳᠡ ᠬᠢᠵᠦ ᠰᠠᠨᠠᠯ ᠵᠶ᠋ᠠᠨ ᠣᠯᠣᠯᠴᠠᠪᠠ
ᠨᠡᠶ᠋ᠢᠲᠡᠯᠡᠭᠰᠡᠨ ᠴᠠᠭ᠄ 2023-11-15

      ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠤᠱᠯᠠᠭᠤᠯᠤᠨ  ᠨᠠᠢ᠌ᠳᠠᠪᠤᠷᠢᠵᠢᠭᠤᠯᠵᠤ᠂ 《ᠭᠤᠷᠪᠠᠨ ᠤᠮᠠᠷᠠᠲᠤ》 ᠵᠢᠨ ᠵᠢᠷᠭᠤᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ 《ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠰᠠᠶ᠋ᠢᠲᠤᠷ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠦᠯᠦᠭᠡ᠂ 11 ᠰᠠᠷ᠎ᠠ ᠵᠢᠨ 6᠎ᠤ ᠡᠳᠦᠷ᠎ᠠᠴᠠ 7᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠴᠧᠨ ᠶᠦᠩ ᠴᠢᠤᠸᠠᠨ ᠳᠡᠳ᠋ ᠲᠤᠪᠴᠢᠶᠠᠨ ᠳᠠᠷᠤᠭ᠎ᠠ ᠲᠦᠷᠦᠬᠦᠯᠦᠨ᠂ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠭᠠᠵᠠᠷ᠂ ᠨᠤᠲᠤᠭ ᠪᠡᠯᠴᠢᠭᠡᠷ᠎ᠤᠨ ᠬᠢᠨᠠᠯᠲᠠ ᠲᠠᠯᠪᠢᠬᠤ ᠭᠠᠵᠠᠷ᠂ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠂ ᠰᠡᠷᠭᠡᠶ᠋ᠢᠯᠡᠨ ᠵᠠᠰᠠᠵᠤ ᠬᠢᠵᠢᠭ ᠪᠠᠶ᠋ᠢᠴᠠᠭ᠋ᠠᠬᠤ ᠶᠡᠷᠦᠩᠬᠡᠶ ᠥᠷᠲᠡᠭᠡ᠂ ᠠᠵᠢᠯ᠎ᠤᠨ ᠶᠡᠷᠦᠩᠬᠡᠶ ᠥᠷᠲᠡᠭᠡ᠂ ᠦᠷ᠎ᠡ ᠴᠢᠬᠢ ᠵᠢᠨ ᠶᠡᠷᠦᠩᠬᠡᠶ ᠥᠷᠲᠡᠭᠡ ᠵᠢᠴᠢ ᠲᠣᠪᠴᠢᠶ᠎ᠠ ᠵᠢᠨ ᠬᠠᠷᠢᠶ᠎ᠠ ᠬᠣᠶᠠᠳᠤᠭ᠋ᠠᠷ ᠳᠡᠰ᠎ᠤᠨ ᠠᠵᠢᠯ ᠦᠢ᠍ᠯᠡᠰ᠎ᠤᠨ ᠨᠢᠭᠡᠴᠡ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠢ ᠵᠤᠬᠢᠶᠠᠨ ᠪᠠᠢ᠌ᠭᠤᠯᠵᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠬᠦᠷᠴᠦ ᠮᠠᠨ᠎ᠤ ᠣᠷᠣᠨ᠎ᠤ ᠨᠤᠲᠤᠭ ᠪᠡᠯᠴᠢᠭᠡᠷ᠎ᠢ ᠬᠠᠮᠠᠭ᠋ᠠᠯᠠᠵᠤ ᠰᠡᠷᠭᠦᠭᠡᠨ ᠵᠠᠰᠠᠬᠤ ᠠᠵᠢᠯ᠎ᠢ ᠬᠠᠷᠢᠭᠤ ᠮᠡᠳᠡᠭᠦᠯᠪᠡ᠃ ᠥᠪᠥᠷ ᠮᠣᠩᠭᠣᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠪᠠ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠵᠤ ᠰᠡᠷᠭᠦᠭᠡᠨ ᠵᠠᠰᠠᠬᠤ ᠵᠢ ᠠᠬᠢᠭᠤᠯᠬᠤ ᠲᠠᠯ᠎ᠠ᠎ᠪᠠᠷ ᠨᠠᠩ ᠶᠡᠬᠡ ᠳᠡᠮᠵᠢᠯᠭᠡ ᠤᠯᠬᠤ ᠵᠢ ᠠᠬᠢᠭᠤᠯᠪᠠ᠃


W020231114357626390438.jpg


      ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠵᠤᠷᠭ᠋ᠠᠨ᠎ᠳᠤ ᠬᠦᠷᠴᠦ ᠬᠠᠷᠢᠭᠤ ᠮᠡᠳᠡᠭᠦᠯᠦᠯᠲᠡ ᠬᠢᠪᠠ᠃ 
      ᠬᠠᠷᠢᠭᠤ ᠮᠡᠳᠡᠭᠦᠯᠦᠯᠳᠡ ᠬᠢᠬᠦ ᠬᠤᠭᠤᠴᠠᠭ᠋ᠠᠨ᠎ᠳᠤ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠤᠷᠢᠳ ᠬᠣᠵᠢᠳ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠵᠤᠷᠭ᠋ᠠᠨ᠎ᠳᠤ ᠬᠦᠷᠴᠦ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠬᠠᠮᠢᠶᠠᠷᠤᠯᠲᠠ ᠵᠢᠨ ᠠᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠪᠡᠶᠡᠯᠡᠭᠦᠯᠦᠭᠰᠡᠨ ᠪᠠᠶ᠋ᠢᠳᠠᠯ᠎ᠢ ᠬᠠᠷᠢᠭᠤ ᠮᠡᠳᠡᠬᠦᠯᠪᠡ᠃ ᠠᠮᠢ ᠠᠬᠤᠶ ᠵᠢᠨ ᠬᠠᠮᠠᠭ᠋ᠠᠯᠠᠯᠲᠠ ᠰᠡᠷᠭᠦᠭᠡᠯᠲᠡ ᠵᠢᠨ ᠵᠤᠷᠭ᠋ᠠᠨ᠎ᠳᠤ ᠬᠦᠷᠴᠦ ᠨᠤᠲᠤᠭ ᠪᠡᠯᠴᠢᠭᠡᠷ᠎ᠤᠨ ᠬᠤᠯᠤᠭ᠋ᠠᠨ᠎ᠠ ᠬᠣᠷᠣᠬᠠᠶ ᠵᠢᠨ ᠬᠥᠨᠥᠭᠡᠯ᠎ᠢ ᠰᠡᠷᠭᠡᠶ᠋ᠢᠯᠡᠨ ᠵᠠᠰᠠᠭᠰᠠᠨ ᠪᠠᠶ᠋ᠢᠳᠠᠯ᠎ᠢ ᠬᠠᠷᠢᠭᠤ ᠮᠡᠳᠡᠬᠦᠯᠪᠡ᠃ ᠣᠶ ᠰᠢᠭᠤᠶ ᠨᠤᠲᠤᠭ ᠪᠡᠯᠴᠢᠭᠡᠷ᠎ᠤᠨ ᠪᠠᠶ᠋ᠢᠴᠠᠭ᠋ᠠᠯᠲᠠ ᠵᠢᠨ ᠲᠥᠯᠥᠪᠵᠢᠭᠦᠯᠭᠡ ᠵᠢᠨ ᠬᠦᠷᠢᠶᠡᠯᠡᠩ᠎ᠳᠤ ᠬᠦᠷᠴᠦ᠂ ᠣᠶ ᠰᠢᠭᠤᠶ ᠨᠤᠲᠤᠭ ᠪᠡᠯᠴᠢᠭᠡᠷ᠎ᠤᠨ ᠤᠶᠤᠨᠲᠤ ᠲᠠᠪᠴᠠᠩ᠎ᠤᠨ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ᠎ᠢ ᠬᠠᠷᠢᠭᠤ ᠮᠡᠳᠡᠬᠦᠯᠪᠡ᠃ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠬᠠᠮᠢᠶᠠᠷᠤᠯᠲᠠ ᠵᠢᠨ ᠲᠥᠪ᠎ᠲᠤ ᠬᠦᠷᠴᠦ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ ᠠᠵᠢᠯ᠎ᠢ ᠠᠬᠢᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠬᠠᠷᠢᠭᠤ ᠮᠡᠳᠡᠭᠦᠯᠪᠡ᠃    

W020231114357626403286.jpg



       ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠪᠠᠶ᠋ᠢᠴᠠᠭ᠋ᠠᠯᠲᠠ ᠵᠢᠨ ᠲᠥᠯᠥᠪᠵᠢᠭᠦᠯᠭᠡ ᠵᠢᠨ ᠬᠦᠷᠢᠶᠡᠯᠡᠩ᠎ᠳᠤ ᠬᠦᠷᠴᠦ ᠬᠠᠷᠢᠭᠤ ᠮᠡᠳᠡᠭᠦᠯᠦᠯᠲᠡ ᠬᠢᠪᠠ᠃
    

W020231114357626418382.jpg



      ᠴᠧᠨ ᠶᠦᠩ ᠴᠢᠤᠸᠠᠨ ᠳᠡᠳ᠋ ᠲᠣᠪᠴᠢᠶᠠᠨ ᠳᠠᠷᠤᠭ᠎ᠠ ᠨᠠᠷ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠬᠠᠮᠢᠶᠠᠷᠤᠯᠲᠠ ᠵᠢᠨ ᠲᠥᠪ᠎ᠲᠤ ᠬᠦᠷᠴᠦ ᠬᠠᠷᠢᠭᠤ ᠮᠡᠳᠡᠬᠦᠯᠦᠯᠳᠡ ᠬᠢᠪᠠ᠃
  

      ᠬᠠᠷᠢᠭᠤ ᠮᠡᠳᠡᠭᠦᠯᠦᠯᠲᠡ ᠬᠢᠬᠦ ᠬᠤᠭᠤᠴᠠᠭ᠋ᠠᠨ᠎ᠳᠤ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠡᠨᠡ ᠵᠢᠯ᠎ᠠᠴᠠ ᠨᠠᠭ᠋ᠠᠰᠢ᠂ ᠥᠪᠥᠷ ᠮᠣᠩᠭᠣᠯ᠎ᠤᠨ ᠦᠨᠳᠦᠰᠦᠨ ᠨᠤᠲᠤᠭ ᠪᠡᠯᠴᠢᠭᠡᠷ᠎ᠤᠨ ᠬᠠᠮᠠᠭ᠋ᠠᠯᠠᠯᠲᠠ᠂ ᠡᠪᠡᠰᠦ ᠪᠡᠯᠴᠢᠭᠡᠷ᠎ᠤᠨ ᠠᠵᠤ ᠦᠢ᠍ᠯᠡᠰ᠎ᠤᠨ ᠬᠥᠭᠵᠢᠯᠲᠡ ᠪᠣᠯᠤᠨ ᠮᠠᠯ ᠪᠡᠯᠴᠢᠭᠡᠷ᠎ᠤᠨ ᠲᠡᠩᠴᠡᠭᠦᠷᠢ᠂ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠰᠡᠯᠭᠦᠨ ᠮᠠᠯᠵᠢᠬᠤ ᠲᠦᠷᠢᠮ᠎ᠢ ᠨᠠᠶ᠋ᠢᠳᠠᠪᠤᠷᠢᠵᠢᠭᠤᠯᠬᠤ ᠵᠡᠷᠭᠡ ᠲᠠᠯ᠎ᠠ ᠵᠢᠨ ᠠᠵᠢᠯ᠎ᠤᠨ ᠬᠢᠯᠠᠰ ᠴᠡᠭ ᠪᠣᠯᠤᠨ ᠦᠢ᠍ᠯᠡᠳᠦᠯᠭᠡ ᠵᠢᠨ ᠠᠷᠭ᠎ᠠ ᠬᠡᠮᠵᠢᠶ᠎ᠡ ᠵᠢ ᠲᠤᠰᠬᠠᠢ ᠰᠡᠳᠦᠪ ᠵᠶ᠋ᠠᠷ ᠲᠠᠨᠢᠯᠴᠠᠭᠤᠯᠤᠭᠰᠠᠨ ᠪᠥᠭᠡᠳ ᠲᠠᠷᠠᠭ᠋ᠠᠴᠢ ᠵᠢᠨ ᠠᠯᠬᠤᠮ᠎ᠳᠤ ᠦᠨᠳᠦᠰᠦᠨ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠡᠷᠬᠢᠨ ᠵᠢᠷᠤᠮᠵᠢᠭᠤᠯᠬᠤ᠂ ᠤᠯᠤᠰ᠎ᠤᠨ ᠨᠤᠲᠤᠭ ᠪᠡᠯᠴᠢᠭᠡᠷ᠎ᠤᠨ ᠴᠡᠴᠡᠷᠯᠢᠭ᠎ᠢ ᠬᠡᠷᠬᠢᠨ ᠪᠦᠳᠦᠬᠡᠨ ᠪᠠᠶ᠋ᠢᠭᠤᠯᠬᠤ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ ᠢᠨᠵᠧᠨᠧᠷᠢᠩ᠎ᠤᠨ ᠪᠦᠳᠦᠬᠡᠨ ᠪᠠᠶ᠋ᠢᠭᠤᠯᠤᠯᠲᠠ ᠵᠢ ᠠᠬᠢᠭᠤᠯᠬᠤ ᠪᠠ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠵᠤ ᠠᠰᠢᠭᠯᠠᠬᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ᠎ᠢ ᠬᠠᠮᠲᠤ᠎ᠪᠠᠷ ᠪᠦᠳᠦᠬᠡᠨ ᠪᠠᠶ᠋ᠢᠭᠤᠯᠬᠤ ᠵᠡᠷᠭᠡ  ᠲᠠᠯ᠎ᠠ᠎ᠪᠠᠷ ᠬᠣᠯᠪᠣᠭᠳᠠᠯ ᠪᠦᠬᠦᠢ ᠵᠤᠷᠭ᠋ᠠᠨ ᠲᠤᠪᠴᠢᠶ᠎ᠠ᠎ᠲᠠᠢ ᠰᠠᠨᠠᠯ ᠵᠶ᠋ᠠᠨ ᠰᠣᠯᠢᠯᠴᠠᠪᠠ᠃ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠵᠤᠷᠭ᠋ᠠᠨ ᠪᠠ ᠬᠠᠮᠢᠶ᠎ᠠ ᠪᠥᠬᠥᠶ ᠰᠠᠯᠠᠭ᠎ᠠ ᠮᠥᠴᠢᠷ ᠮᠠᠨ᠎ᠤ ᠣᠷᠣᠨ᠎ᠤ ᠨᠤᠲᠤᠭ ᠪᠡᠯᠴᠢᠭᠡᠷ᠎ᠢ ᠬᠠᠮᠠᠭ᠋ᠠᠯᠠᠵᠤ ᠰᠡᠷᠭᠦᠭᠡᠨ ᠵᠠᠰᠠᠬᠤ ᠠᠵᠢᠯ᠎ᠢ ᠬᠦᠢ᠍ᠴᠡᠳ ᠨᠤᠲᠠᠯᠠᠬᠤ ᠵᠢᠨ ᠬᠠᠮᠲᠤ ᠵᠢᠭ᠋ᠠᠪᠤᠷᠢ ᠠᠪᠬᠤ ᠠᠰᠠᠭᠤᠳᠠᠯ᠎ᠳᠤ ᠬᠠᠷᠢᠭᠤᠯᠲᠠ ᠥᠭᠭᠦᠭᠰᠡᠨ ᠪᠥᠭᠡᠳ ᠢᠷᠡᠬᠦ ᠵᠢᠯ᠎ᠤᠨ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠵᠢᠯᠣᠭᠣᠳᠬᠤ ᠰᠠᠨᠠᠯ ᠳᠤᠷᠠᠳᠴᠠᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠪᠡᠭᠡᠵᠢᠩ ᠾᠧᠪᠧᠢ᠎ᠳᠤ ᠭᠠᠮᠰᠢᠭ᠎ᠤᠨ ᠳᠠᠷᠠᠭ᠋ᠠᠬᠢ ᠰᠡᠷᠭᠦᠭᠡᠵᠦ ᠲᠠᠬᠢᠨ ᠪᠦᠲᠦᠭᠡᠨ ᠪᠠᠶ᠋ᠢᠭᠤᠯᠬᠤ ᠠᠵᠢᠯ᠎ᠢ ᠰᠢᠨᠵᠢᠯᠡᠨ ᠪᠠᠶ᠋ᠢᠴᠠᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠢᠭᠡᠳ ᠪᠡᠭᠡᠵᠢᠩ ᠬᠣᠲᠠ ᠵᠢᠨ ᠴᠡᠴᠡᠷᠯᠢᠭᠵᠢᠭᠦᠯᠦᠨ ᠨᠣᠭᠣᠭ᠋ᠠᠷᠠᠭᠤᠯᠬᠤ ᠲᠣᠪᠴᠢᠶ᠎ᠠ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠶ ᠵᠥᠪᠳᠡᠨ ᠶᠠᠷᠢᠯᠴᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 2023 ᠣᠨ᠎ᠤ ᠣᠶ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠠᠷᠠᠳᠴᠢᠯᠠᠭᠰᠠᠨ ᠨᠠᠮ ᠪᠦᠯᠦᠭ᠎ᠤᠨ ᠪᠦᠷᠢᠯᠳᠦᠬᠦᠨ ᠪᠠ ᠨᠠᠮ᠎ᠤᠨ ᠭᠠᠳᠠᠨᠠᠬᠢ ᠰᠡᠬᠡᠭᠡᠲᠡᠨ᠎ᠤ ᠲᠥᠯᠥᠭᠡᠯᠡᠭᠴᠢᠳ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠮᠠᠨ᠎ᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠵᠢᠱ᠌ᠢᠶ᠎ᠡ ᠦᠵᠡᠭᠦᠯᠵᠦ ᠳᠡᠯᠭᠡᠷᠡᠬᠦᠯᠬᠦ 23 ᠲᠥᠷᠥᠯ ᠵᠦᠢ᠍ᠯ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠪᠡ
 
             蒙ICP备05000248号