ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠢᠭᠡᠳ ᠪᠡᠭᠡᠵᠢᠩ ᠬᠣᠲᠠ ᠵᠢᠨ ᠴᠡᠴᠡᠷᠯᠢᠭᠵᠢᠭᠦᠯᠦᠨ ᠨᠣᠭᠣᠭ᠋ᠠᠷᠠᠭᠤᠯᠬᠤ ᠲᠣᠪᠴᠢᠶ᠎ᠠ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠶ ᠵᠥᠪᠳᠡᠨ ᠶᠠᠷᠢᠯᠴᠠᠪᠠ
ᠨᠡᠶ᠋ᠢᠲᠡᠯᠡᠭᠰᠡᠨ ᠴᠠᠭ᠄ 2023-11-23

     《ᠪᠡᠭᠡᠵᠢᠩ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢᠨ ᠪᠦᠳᠦᠭᠦᠪᠴᠢ ᠵᠥᠪᠯᠡᠯᠴᠡᠭᠡᠷ》᠎ᠢ ᠣᠨᠣᠪᠴᠢᠲᠠᠶ ᠨᠠᠶ᠋ᠢᠳᠠᠪᠤᠷᠢᠵᠢᠭᠤᠯᠬᠤ ᠵᠢᠨ ᠲᠥᠯᠥᠭᠡ᠂ 2023 ᠣᠨ᠎ᠤ 11 ᠰᠠᠷ᠎ᠠ ᠵᠢᠨ 22᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠢᠭᠡᠳ ᠪᠡᠭᠡᠵᠢᠩ ᠬᠣᠲᠠ ᠵᠢᠨ ᠴᠡᠴᠡᠷᠯᠢᠭᠵᠢᠭᠦᠯᠦᠨ ᠨᠣᠭᠣᠭ᠋ᠠᠷᠠᠭᠤᠯᠬᠤ ᠲᠣᠪᠴᠢᠶ᠎ᠠ ᠪᠡᠭᠡᠵᠢᠩ ᠬᠣᠲᠠ᠎ᠳᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠶ ᠵᠥᠪᠳᠡᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ᠂ ᠪᠡᠭᠡᠵᠢᠩ ᠬᠣᠲᠠ ᠵᠢᠨ ᠴᠡᠴᠡᠷᠯᠢᠭᠵᠢᠭᠦᠯᠦᠨ ᠨᠣᠭᠣᠭ᠋ᠠᠷᠠᠭᠤᠯᠬᠤ ᠲᠣᠪᠴᠢᠶ᠎ᠠ ᠵᠢᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠸᠠᠩ ᠰᠢᠶᠤᠤ ᠫᠢᠩ ᠬᠤᠷᠠᠯ᠎ᠳᠤ ᠣᠷᠣᠯᠴᠠᠵᠠᠶ᠃ ᠮᠠ ᠴᠢᠶᠠᠩ ᠵᠢᠭ᠋ᠠᠵᠤ ᠭᠠᠷᠭ᠋ᠠᠭᠰᠠᠨ᠎ᠨᠢ᠂ 《ᠭᠤᠷᠪᠠᠨ ᠤᠮᠠᠷᠠᠲᠤ》 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠪᠣᠯ ᠬᠣᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠤᠨ᠎ᠠ᠂ ᠪᠡᠭᠡᠵᠢᠩ ᠪᠣᠯᠤᠨ ᠥᠪᠥᠷ ᠮᠣᠩᠭᠣᠯ ᠴᠥᠮ 《ᠭᠤᠷᠪᠠᠨ ᠤᠮᠠᠷᠠᠲᠤ》 ᠣᠷᠣᠨ᠎ᠳᠤ ᠬᠠᠷᠢᠶᠠᠯᠠᠭᠳᠠᠨ᠎ᠠ᠂ 《ᠭᠤᠷᠪᠠᠨ ᠤᠮᠠᠷᠠᠲᠤ》 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠴᠢᠬᠤᠯᠠ ᠡᠭᠦᠷᠭᠡ ᠵᠢ ᠡᠭᠦᠷᠭᠡᠯᠡᠵᠦ ᠪᠠᠶ᠋ᠢᠨ᠎ᠠ᠂ ᠪᠡᠭᠡᠵᠢᠩ ᠬᠤᠲᠠ ᠵᠢᠨ ᠠᠵᠢᠯ ᠲᠦᠷᠦᠯ ᠵᠶ᠋ᠠᠷ ᠵᠶ᠋ᠠᠨ ᠥᠪᠥᠷ ᠮᠣᠩᠭᠣᠯ᠎ᠢ ᠬᠠᠪᠰᠤᠷᠤᠨ ᠲᠡᠳᠬᠦᠵᠦ ᠪᠠᠶ᠋ᠢᠭ᠎ᠠ ᠡᠯ᠎ᠡ ᠲᠣᠭᠣᠷᠢᠭ᠎ᠤᠨ᠎ᠬᠢᠨ 《ᠭᠣᠷᠪᠠᠨ ᠤᠮᠠᠷᠠᠲᠤ》 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠠᠭᠤᠯᠭ᠎ᠠ᠎ᠳᠤ ᠣᠷᠣᠭᠤᠯᠬᠤ ᠵᠢ ᠬᠦᠰᠡᠵᠦ ᠪᠠᠶ᠋ᠢᠨ᠎ᠠ᠂ ᠬᠣᠶᠠᠷ ᠲᠠᠯ᠎ᠠ᠎ᠪᠠᠷ ᠵᠶ᠋ᠠᠨ ᠪᠡᠭᠡᠵᠢᠩ ᠥᠪᠥᠷ ᠮᠣᠩᠭᠣᠯ᠎ᠤᠨ ᠪᠦᠳᠦᠭᠦᠪᠴᠢ ᠬᠡᠯᠡᠯᠴᠡᠭᠡᠷ᠎ᠤᠨ ᠠᠵᠠ ᠲᠣᠬᠢᠶᠠᠯ᠎ᠢ ᠠᠰᠢᠭᠯᠠᠨ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠳᠤ ᠭᠤᠤᠯᠳᠠᠯᠭ᠎ᠠ᠎ᠪᠠᠨ ᠳᠠᠯᠪᠢᠵᠦ᠂ ᠭᠣᠣᠯᠳᠠᠯᠭ᠎ᠠ᠎ᠲᠠᠢ ᠲᠥᠷᠥᠯ ᠵᠦᠢ᠍ᠯ  ᠵᠡᠷᠭᠡ  《ᠬᠠᠲᠠᠭᠤ ᠲᠤᠨᠤᠭ》 ᠪᠣᠯᠤᠨ ᠰᠢᠨᠵᠢᠯᠡᠬᠦ ᠤᠬᠠᠭ᠋ᠠᠨ᠎ᠤ  ᠰᠤᠳᠤᠯᠭ᠋ᠠᠨ᠂ ᠪᠤᠯᠪᠠᠰᠤᠷᠠᠭᠤᠯᠤᠯ ᠵᠡᠷᠭᠡ 《ᠵᠦᠭᠡᠯᠡᠨ ᠲᠤᠨᠤᠭ》᠎ᠤᠨ ᠲᠠᠯ᠎ᠠ᠎ᠪᠠᠷ ᠬᠠᠮᠲᠤᠷᠠᠨ  ᠠᠵᠢᠯᠯᠠᠵᠤ᠂ ᠠᠭᠤᠯᠭ᠎ᠠ ᠵᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠦᠵᠡᠮᠵᠢ ᠵᠢᠨ ᠣᠷᠣᠨ᠎ᠢ ᠬᠠᠮᠲᠤ᠎ᠪᠠᠷ ᠦᠵᠡᠰᠬᠦᠯᠡᠩᠲᠦ ᠰᠠᠶ᠋ᠢᠬᠠᠨ ᠪᠣᠯᠭ᠋ᠠᠨ ᠪᠥᠲᠥᠭᠡᠨ ᠪᠠᠶ᠋ᠢᠭᠤᠯᠤᠶ᠎ᠠ᠃
      ᠬᠣᠶᠠᠷ ᠲᠠᠯ᠎ᠠ᠎ᠪᠠᠷ ᠵᠶ᠋ᠠᠨ ᠪᠦᠳᠦᠭᠦᠪᠴᠢ ᠵᠥᠪᠯᠡᠯᠴᠡᠭᠡᠷ᠎ᠤᠨ ᠠᠭᠤᠯᠭ᠎ᠠ ᠵᠢᠴᠢ 《ᠭᠤᠷᠪᠠᠨ ᠤᠮᠠᠷᠠᠲᠤ》 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠬᠠᠮᠲᠤ᠎ᠪᠠᠷ ᠠᠬᠢᠭᠤᠯᠬᠤ ᠲᠣᠭᠣᠷᠢᠨ᠎ᠳᠤ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠠᠷᠢᠯᠴᠠᠬᠤ ᠠᠵᠢᠯ᠎ᠤᠨ ᠲᠣᠭᠲᠠᠴᠠ ᠵᠢ ᠪᠠᠶ᠋ᠢᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠎ᠠ᠂ ᠬᠥᠮᠦᠰ᠎ᠤᠨ ᠰᠣᠯᠢᠯᠴᠠᠭ᠎ᠠ᠂ ᠮᠡᠳᠡᠭᠡ ᠵᠠᠩᠭᠢ ᠵᠢᠨ ᠬᠠᠮᠵᠢᠯᠴᠠᠭ᠎ᠠ᠂ ᠠᠵᠤ ᠦᠢ᠍ᠯᠡᠰ᠎ᠤᠨ ᠬᠠᠮᠲᠤᠷᠠᠯᠴᠠᠭ᠎ᠠ ᠵᠡᠷᠭᠡ ᠲᠠᠯ᠎ᠠ᠎ᠪᠠᠷ ᠬᠠᠮᠲᠤ ᠵᠢᠨ ᠲᠠᠨᠢᠯᠲᠠ᠎ᠲᠠᠢ ᠪᠣᠯᠵᠠᠢ᠃ 
       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠭᠠᠵᠠᠷ᠎ᠤᠨ ᠬᠠᠷᠢᠭᠤᠴᠠᠯᠭ᠋ᠠᠲᠠᠨ ᠨᠥᠬᠥᠳ᠂ ᠪᠡᠭᠡᠵᠢᠩ ᠬᠣᠲᠠ ᠵᠢᠨ ᠴᠡᠴᠡᠷᠯᠢᠭᠵᠢᠭᠦᠯᠦᠨ ᠨᠣᠭᠣᠭ᠋ᠠᠷᠠᠭᠤᠯᠬᠤ ᠲᠣᠪᠴᠢᠶ᠎ᠠ ᠵᠢᠨ ᠬᠠᠮᠢᠶ᠎ᠠ ᠪᠦᠬᠦᠢ ᠭᠠᠵᠠᠷ᠎ᠤᠨ ᠬᠠᠷᠢᠭᠤᠴᠠᠯᠭ᠋ᠠᠲᠠᠨ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 2023 ᠣᠨ᠎ᠤ ᠣᠶ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠠᠷᠠᠳᠴᠢᠯᠠᠭᠰᠠᠨ ᠨᠠᠮ ᠪᠦᠯᠦᠭ᠎ᠤᠨ ᠪᠦᠷᠢᠯᠳᠦᠬᠦᠨ ᠪᠠ ᠨᠠᠮ᠎ᠤᠨ ᠭᠠᠳᠠᠨᠠᠬᠢ ᠰᠡᠬᠡᠭᠡᠲᠡᠨ᠎ᠤ ᠲᠥᠯᠥᠭᠡᠯᠡᠭᠴᠢᠳ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠮᠠᠨ᠎ᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠵᠢᠱ᠌ᠢᠶ᠎ᠡ ᠦᠵᠡᠭᠦᠯᠵᠦ ᠳᠡᠯᠭᠡᠷᠡᠬᠦᠯᠬᠦ 23 ᠲᠥᠷᠥᠯ ᠵᠦᠢ᠍ᠯ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠪᠡ
       
ᠰᠦᠨ ᠱᠤᠤ ᠴᠧᠩ ᠤᠯᠤᠰ᠎ᠤᠨ ᠤᠢ ᠰᠢᠭᠤᠢ ᠪᠠ ᠲᠠᠯ᠎ᠠ ᠨᠤᠲᠤᠭ᠎ᠤᠨ ᠲᠣᠪᠴᠢᠶ᠎ᠠ᠎ᠳᠤ ᠬᠦᠷᠴᠦ ᠠᠵᠢᠯ ᠵᠶ᠋ᠠᠨ ᠵᠣᠯᠭ᠋ᠠᠭᠤᠯᠪᠠ
 
             蒙ICP备05000248号