ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠢ ᠵᠢᠨ ᠫᠢᠩ 2023 ᠣᠨ᠎ᠤ ᠳᠡᠯᠡᠬᠡᠶ ᠵᠢᠨ ᠢᠨᠲ᠋ᠧᠷ ᠰᠦᠯᠵᠢᠶᠡᠨ᠎ᠤ ᠶᠡᠬᠡ ᠬᠤᠷᠠᠯ᠎ᠤᠨ ᠦᠵᠸᠨ᠎ᠳᠠᠬᠢ ᠲᠦᠷᠦᠭᠦᠴᠦᠳ᠎ᠤᠨ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠸᠢᠳᠢᠣ᠋᠎ᠪᠠᠷ ᠪᠠᠶᠠᠷ᠎ᠤᠨ ᠦᠭᠡ ᠬᠡᠯᠡᠪᠡ
ᠨᠡᠶ᠋ᠢᠲᠡᠯᠡᠭᠰᠡᠨ ᠴᠠᠭ᠄ 2023-11-09

     
     11 ᠰᠠᠷ᠎ᠠ ᠵᠢᠨ 8᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ 2023 ᠣᠨ᠎ᠤ ᠳᠡᠯᠡᠬᠡᠶ ᠵᠢᠨ ᠢᠨᠲ᠋ᠧᠷ ᠰᠦᠯᠵᠢᠶᠡᠨ᠎ᠤ ᠶᠡᠬᠡ ᠬᠤᠷᠠᠯ᠎ᠤᠨ ᠦᠵᠸᠨ᠎ᠳᠠᠬᠢ ᠲᠦᠷᠦᠭᠦᠴᠦᠳ᠎ᠤᠨ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠸᠢᠳᠢᠣ᠋᠎ᠪᠠᠷ ᠪᠠᠶᠠᠷ᠎ᠤᠨ ᠦᠭᠡ ᠬᠡᠯᠡᠪᠡ᠃ 


    W020231109336002859471.jpg


      ᠰᠠᠷ᠎ᠠ ᠵᠢᠨ 8᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ 2023 ᠣᠨ᠎ᠤ ᠳᠡᠯᠡᠬᠡᠶ ᠵᠢᠨ ᠢᠨᠲ᠋ᠧᠷ ᠰᠦᠯᠵᠢᠶᠡᠨ᠎ᠤ ᠶᠡᠬᠡ ᠬᠤᠷᠠᠯ᠎ᠤᠨ ᠦᠵᠸᠨ᠎ᠳᠠᠬᠢ ᠲᠦᠷᠦᠭᠦᠴᠦᠳ᠎ᠤᠨ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠸᠢᠳᠢᠣ᠋᠎ᠪᠠᠷ ᠪᠠᠶᠠᠷ᠎ᠤᠨ ᠦᠭᠡ ᠬᠡᠯᠡᠪᠡ᠃


      ᠰᠢ ᠵᠢᠨ ᠫᠢᠩ᠂ 2015 ᠣᠨ᠎ᠳᠤ᠂ ᠪᠢ ᠬᠣᠶᠠᠳᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠢᠨᠲᠸᠷ ᠰᠦᠯᠵᠢᠶᠡᠨ᠎ᠤ ᠶᠡᠬᠡ ᠬᠤᠷᠠᠯ᠎ᠤᠨ ᠡᠬᠢᠯᠡᠯᠲᠡ ᠵᠢᠨ ᠶᠣᠰᠣᠯᠠᠯ ᠳᠡᠭᠡᠷ᠎ᠡ ᠪᠦᠬᠦ ᠪᠥᠮᠪᠥᠷᠴᠡᠭ᠎ᠤᠨ ᠢᠨᠲᠸᠷ ᠰᠦᠯᠵᠢᠶᠡᠨ᠎ᠤ ᠬᠥᠭᠵᠢᠯᠲᠡ ᠵᠠᠰᠠᠯᠲᠠ ᠵᠢᠨ 《ᠲᠦᠷᠪᠡᠨ ᠵᠠᠷᠴᠢᠮ》᠂ 《ᠲᠠᠪᠤᠨ ᠵᠣᠷᠢᠯᠲᠠ》 ᠵᠢ ᠳᠤᠷᠠᠳᠴᠤ᠂ ᠰᠦᠯᠵᠢᠶᠡᠨ᠎ᠤ ᠣᠷᠣᠨ ᠵᠠᠢ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠰᠠᠨᠠᠭ᠋ᠠᠴᠢᠯᠠᠪᠠ᠂ ᠡᠨᠡ ᠬᠦ᠌ ᠣᠶ᠋ᠢᠯᠠᠭ᠋ᠠᠭᠳᠠᠬᠤᠨ᠎ᠢ ᠳᠡᠯᠡᠬᠡᠢ ᠨᠡᠶ᠋ᠢᠭᠡᠮ ᠵᠶ᠋ᠠᠷ ᠵᠶ᠋ᠠᠨ ᠥᠷᠭᠡᠨ ᠵᠶ᠋ᠠᠷ ᠮᠡᠳᠡᠷᠡᠵᠦ ᠢᠳᠡᠪᠬᠢᠲᠡᠢ ᠴᠤᠤᠷᠢᠶᠠᠲᠤᠵᠤ ᠪᠠᠶ᠋ᠢᠨ᠎ᠠ᠃ ᠣᠳᠣᠬᠠᠨ᠎ᠤ ᠳᠡᠯᠡᠬᠡᠢ ᠲᠦᠷᠭᠡᠰᠦᠨ ᠬᠤᠪᠢᠷᠠᠵᠤ ᠪᠠᠶ᠋ᠢᠨ᠎ᠠ᠂ ᠬᠥᠭᠵᠢᠯᠲᠡ ᠵᠢᠨ ᠤᠯᠠᠭ᠋ᠠᠨ ᠲᠣᠭ᠎ᠠ ᠵᠢ ᠬᠡᠷᠬᠢᠨ ᠰᠢᠢ᠍ᠳᠪᠦᠷᠢᠯᠡᠵᠦ᠂ ᠠᠮᠤᠷ ᠲᠦᠪᠰᠢᠨ᠎ᠤ ᠬᠦᠴᠢᠷᠳᠡᠯ᠎ᠢ ᠬᠡᠷᠬᠢᠨ ᠰᠢᠢ᠍ᠳᠪᠦᠷᠢᠯᠡᠵᠦ᠂ ᠰᠤᠶᠤᠯ ᠪᠣᠯᠪᠠᠰᠤᠨ ᠵᠶ᠋ᠠᠨ ᠬᠠᠷᠢᠯᠴᠠᠨ ᠰᠤᠷᠤᠯᠴᠠᠬᠤ ᠵᠢ ᠴᠢᠩᠭ᠋ᠠᠳᠬᠠᠬᠤ ᠪᠣᠯ ᠪᠢᠳᠡᠨ᠎ᠤ ᠬᠠᠮᠲᠤ᠎ᠪᠠᠷ ᠲᠤᠯᠭ᠋ᠠᠷᠠᠵᠤ ᠪᠠᠶ᠋ᠢᠭ᠎ᠠ ᠴᠠᠭ ᠦᠶ᠎ᠡ ᠵᠢᠨ ᠰᠡᠳᠦᠪ ᠪᠣᠯᠤᠨ᠎ᠠ᠃ ᠢᠨᠲ᠋ᠧᠷ ᠰᠦᠯᠵᠢᠶ᠎ᠡ᠎ᠨᠢ ᠡᠳᠦᠷ ᠢᠷᠡᠬᠦᠶ᠎ᠡ ᠬᠥᠭᠵᠢᠯᠲᠡ ᠵᠢ ᠠᠬᠢᠭᠤᠯᠬᠤ ᠰᠢᠨ᠎ᠡ ᠬᠥᠳᠡᠯᠭᠡᠭᠴᠢ ᠬᠦᠴᠦᠨ᠂ ᠠᠮᠤᠷ ᠲᠦᠪᠰᠢᠨ᠎ᠢ ᠬᠠᠮᠠᠭ᠋ᠠᠯᠠᠬᠤ  ᠣᠷᠣᠨ ᠵᠠᠢ᠂ ᠪᠣᠯᠪᠠᠰᠤᠨ ᠲᠠᠪᠴᠠᠩ ᠪᠤᠯᠤᠨ᠎ᠠ᠂ ᠰᠦᠯᠵᠢᠶᠡᠨ᠎ᠤ ᠣᠷᠣᠨ ᠵᠠᠢ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠨᠢ ᠴᠠᠭ ᠦᠶ᠎ᠡ ᠵᠢᠨ ᠰᠡᠳᠦᠪ᠎ᠲᠤ ᠬᠠᠷᠢᠭᠤᠯᠲᠠ ᠥᠭᠬᠦ ᠵᠠᠶ᠋ᠢᠯᠠᠰᠢ ᠦᠭᠡᠢ ᠰᠣᠩᠭᠣᠯᠲᠠ ᠪᠣᠯᠬᠤ ᠮᠥᠷᠲᠡᠭᠡᠨ ᠪᠠᠰᠠ ᠴᠤ᠌ ᠳᠡᠯᠡᠬᠡᠢ ᠨᠡᠶ᠋ᠢᠲᠡ ᠵᠢᠨ ᠬᠠᠮᠲᠤ ᠵᠢᠨ ᠬᠦᠰᠡᠯ ᠱᠠᠭ᠋ᠠᠷᠳᠠᠯᠭ᠎ᠠ ᠮᠥᠨ᠃ ᠪᠢᠳᠡ ᠰᠣᠯᠢᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠰᠦᠯᠵᠢᠶᠡᠨ᠎ᠤ ᠣᠷᠣᠨ ᠵᠠᠢ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠰᠢᠨ᠎ᠡ ᠱᠠᠲᠤᠨ᠎ᠳᠤ ᠣᠷᠣᠬᠤ ᠵᠢ ᠬᠠᠮᠲᠤ᠎ᠪᠠᠷ ᠠᠬᠢᠭᠤᠯᠤᠶ᠎ᠠ᠃ ᠪᠢᠳᠠ ᠬᠥᠭᠵᠢᠯᠲᠡ ᠵᠢ ᠲᠡᠷᠢᠭᠦᠨ᠎ᠳᠤ ᠲᠠᠯᠪᠢᠬᠤ ᠵᠢ ᠰᠠᠨᠠᠭ᠋ᠠᠴᠢᠯᠠᠵᠤ᠂ ᠨᠡᠩ ᠲᠦᠭᠡᠮᠡᠯ ᠠᠰᠢᠭ ᠬᠦᠷᠲᠡᠭᠡᠬᠦ ᠴᠡᠴᠡᠭᠯᠡᠨ ᠬᠥᠭᠵᠢᠭᠰᠡᠨ ᠰᠦᠯᠵᠢᠶᠡᠨ᠎ᠤ ᠣᠷᠣᠨ ᠵᠠᠢ ᠵᠢ ᠪᠠᠶ᠋ᠢᠭᠤᠯᠤᠨ᠎ᠠ᠃ ᠲᠣᠭ᠋ᠠᠴᠢᠯᠠᠭᠰᠠᠨ ᠬᠦᠷᠢᠶᠡᠨ᠎ᠤ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ  ᠬᠤᠪᠢᠷᠠᠭᠤᠯᠤᠯᠳᠠ ᠵᠢ ᠲᠦᠷᠭᠡᠳᠬᠡᠨ᠎ᠡ᠃ ᠮᠡᠳᠡᠭᠡ ᠵᠠᠩᠭᠢᠵᠢᠯᠲᠠ ᠵᠢᠨ ᠦᠢ᠍ᠯᠡᠴᠢᠯᠡᠭᠡ ᠵᠢ ᠲᠦᠭᠡᠮᠡᠯᠵᠢᠭᠦᠯᠬᠦ ᠵᠢ ᠲᠦᠷᠭᠡᠳᠬᠡᠵᠦ᠂ ᠲᠣᠭ᠋ᠠᠴᠢᠯᠠᠯᠲᠠ ᠵᠢᠨ ᠵᠦᠷᠢᠶ᠎ᠡ ᠵᠢ ᠪᠠᠭ᠋ᠠᠰᠬᠠᠨ᠂ ᠢᠨᠲ᠋ᠧᠷ  ᠰᠦᠯᠵᠢᠶᠡᠨ᠎ᠤ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠵᠤ᠂ ᠨᠡᠩ ᠤᠯᠠᠨ ᠤᠯᠤᠰ ᠪᠠ ᠠᠷᠠᠳ ᠲᠦᠮᠡᠨ᠎ᠳᠤ ᠢᠨᠲ᠋ᠧᠷ ᠰᠦᠯᠵᠢᠶᠡᠨ᠎ᠤ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠦᠨ᠎ᠡ᠃ ᠪᠢᠳᠠ ᠠᠮᠤᠷ ᠲᠦᠪᠰᠢᠨ ᠠᠶᠤᠯ ᠲᠦᠭᠰᠢᠭᠦᠷᠢ ᠵᠢ ᠬᠠᠮᠲᠤ᠎ᠪᠠᠷ ᠲᠤᠭᠤᠯᠬᠤ ᠵᠢ ᠰᠠᠨᠠᠭ᠋ᠠᠴᠢᠯᠠᠵᠤ᠂ ᠨᠡᠩ ᠡᠩᠬᠡ ᠲᠠᠶ᠋ᠢᠪᠤᠩ ᠠᠮᠤᠷ ᠲᠦᠪᠰᠢᠨ ᠰᠦᠯᠵᠢᠶᠡᠨ᠎ᠤ ᠣᠷᠣᠨ ᠵᠠᠢ ᠵᠢ ᠪᠠᠶ᠋ᠢᠭᠤᠯᠤᠨ᠎ᠠ᠃ ᠰᠦᠯᠵᠢᠶᠡᠨ᠎ᠤ ᠡᠷᠬᠡ ᠮᠡᠳᠡᠯ᠎ᠢ ᠬᠦᠨᠳᠦᠳᠬᠡᠵᠦ᠂ ᠡᠯ᠎ᠡ ᠤᠯᠤᠰ᠎ᠤᠨ ᠢᠨᠲᠸᠷ ᠰᠦᠯᠵᠢᠶᠡᠨ᠎ᠤ ᠬᠥᠭᠵᠢᠯᠲᠡ ᠵᠢᠨ ᠵᠠᠮ ᠪᠣᠯᠤᠨ ᠵᠠᠰᠠᠯᠲᠠ ᠵᠢᠨ ᠵᠠᠭᠪᠤᠷ᠎ᠢ ᠬᠦᠨᠳᠦᠳᠬᠡᠨ᠎ᠡ᠃ ᠰᠦᠯᠵᠢᠶᠡᠨ᠎ᠤ ᠣᠷᠣᠨ ᠵᠠᠢ ᠵᠢᠨ ᠤᠯᠠᠨ ᠤᠯᠤᠰ᠎ᠤᠨ ᠲᠦᠷᠢᠮ᠎ᠢ ᠵᠢᠷᠤᠮᠯᠠᠵᠤ᠂ ᠰᠦᠯᠵᠢᠶᠡᠨ᠎ᠤ ᠡᠵᠡᠷᠬᠡᠭᠯᠡᠯ ᠶᠠᠪᠤᠭᠤᠯᠬᠤ ᠦᠭᠡᠢ᠃ ᠰᠦᠯᠵᠢᠶᠡᠨ᠎ᠤ ᠣᠷᠣᠨ ᠵᠠᠢ ᠵᠢᠨ ᠯᠠᠭᠧᠷ᠎ᠤᠨ ᠡᠰᠡᠷᠭᠦᠴᠡᠯᠳᠦᠯ ᠪᠠ ᠴᠡᠷᠢᠭ ᠵᠡᠪᠰᠡᠭ᠎ᠤᠨ ᠤᠷᠤᠯᠳᠤᠭ᠋ᠠᠨ ᠶᠠᠪᠤᠭᠤᠯᠬᠤ ᠦᠭᠡᠢ᠃ ᠰᠦᠯᠵᠢᠶᠡᠨ᠎ᠤ ᠠᠮᠤᠷ ᠲᠦᠪᠰᠢᠨ᠎ᠤ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠰᠦᠯᠵᠢᠶᠡᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠦᠴᠦᠲᠡᠢ ᠴᠣᠬᠢᠯᠲᠠ ᠥᠭᠴᠦ᠂ ᠲᠣᠭ᠎ᠠ ᠪᠠᠷᠢᠮᠲᠠ ᠵᠢᠨ ᠠᠮᠤᠷ ᠲᠦᠪᠰᠢᠨ ᠪᠠ ᠬᠤᠪᠢ ᠬᠥᠮᠦᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ᠎ᠠᠴᠠ ᠪᠣᠯᠤᠭᠰᠠᠨ ᠲᠦᠷᠢᠮ᠎ᠤᠨ ᠮᠥᠷᠭᠥᠯᠳᠦᠭᠡᠨ᠂ ᠨᠡᠶ᠋ᠢᠭᠡᠮ᠎ᠤᠨ ᠠᠶᠤᠯ ᠲᠦᠭᠰᠢᠭᠦᠷᠢ᠂ ᠶᠣᠰᠣ ᠰᠤᠷᠲᠠᠬᠤᠨ᠎ᠤ ᠥᠷᠢᠰᠥᠯᠳᠦᠭᠡᠨ᠎ᠢ ᠲᠣᠬᠢᠲᠠᠢ ᠠᠷᠭ᠋ᠠᠴᠠᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠵᠢᠨ᠎ᠬᠢᠨ᠎ᠲᠠᠢ ᠭᠠᠷ ᠬᠣᠯᠪᠣᠨ 《ᠪᠥᠬᠥ ᠪᠥᠮᠪᠥᠷᠴᠡᠭ᠎ᠤᠨ ᠵᠣᠬᠢᠶᠠᠮᠠᠯ ᠣᠶᠤᠨ ᠴᠢᠳᠠᠪᠤᠷᠢ ᠵᠢᠨ ᠵᠠᠰᠠᠯᠲᠠ ᠵᠢᠨ ᠰᠠᠨᠠᠭ᠋ᠠᠴᠢᠯᠠᠭ᠎ᠠ》 ᠵᠢ ᠨᠠᠶ᠋ᠢᠳᠠᠪᠤᠷᠢᠵᠢᠭᠤᠯᠵᠤ᠂ ᠵᠣᠬᠢᠶᠠᠮᠠᠯ ᠣᠶᠤᠨ ᠴᠢᠳᠠᠪᠤᠷᠢ ᠵᠢᠨ ᠠᠮᠤᠷ ᠲᠦᠪᠰᠢᠨ ᠬᠥᠭᠵᠢᠯᠲᠡ ᠵᠢ ᠠᠬᠢᠭᠤᠯᠤᠨ᠎ᠠ᠃ ᠪᠢᠳᠡ ᠰᠤᠶᠤᠯ ᠪᠣᠯᠪᠠᠰᠤᠨ ᠵᠶ᠋ᠠᠨ ᠬᠠᠷᠢᠯᠴᠠᠨ ᠰᠤᠷᠤᠯᠴᠠᠬᠤ ᠵᠢ ᠰᠠᠨᠠᠭ᠋ᠠᠴᠢᠯᠠᠵᠤ᠂ ᠨᠡᠩ ᠡᠷᠬᠡ ᠲᠡᠭᠰᠢ ᠪᠠᠭᠲᠠᠭ᠋ᠠᠮᠵᠢᠲᠠᠢ ᠰᠦᠯᠵᠢᠶᠡᠨ᠎ᠤ ᠣᠷᠣᠨ ᠵᠠᠢ ᠵᠢ ᠪᠠᠶ᠋ᠢᠭᠤᠯᠤᠶ᠎ᠠ᠃ ᠰᠦᠯᠵᠢᠶᠡᠨ ᠳᠡᠭᠡᠷᠡᠬᠢ ᠰᠣᠯᠢᠯᠴᠠᠭ᠎ᠠ ᠶᠠᠷᠢᠯᠴᠠᠭ᠎ᠠ ᠵᠢ ᠴᠢᠩᠭ᠋ᠠᠳᠬᠠᠵᠤ᠂ ᠡᠯ᠎ᠡ ᠤᠯᠤᠰ᠎ᠤᠨ ᠠᠷᠠᠳ ᠲᠦᠮᠡᠨ᠎ᠤ ᠬᠠᠷᠢᠯᠴᠠᠨ ᠣᠶ᠋ᠢᠯᠠᠭ᠋ᠠᠯᠴᠠᠵᠤ ᠬᠠᠷᠢᠯᠴᠠᠨ ᠳᠣᠲᠣᠨᠣ ᠪᠠᠶ᠋ᠢᠬᠤ ᠵᠢ ᠠᠬᠢᠭᠤᠯᠵᠤ᠂ ᠠᠳᠠᠯᠢ ᠪᠤᠰᠤ ᠪᠣᠯᠪᠠᠰᠤᠨ᠎ᠤ ᠪᠠᠭᠲᠠᠭ᠋ᠠᠮᠵᠢᠲᠠᠢ ᠬᠠᠮᠲᠤ᠎ᠪᠠᠷ ᠣᠷᠣᠰᠢᠬᠤ ᠵᠢ ᠠᠬᠢᠭᠤᠯᠵᠤ᠂ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠨᠡᠩ ᠰᠠᠶ᠋ᠢᠲᠤᠷ ᠪᠠᠳᠠᠷᠠᠭᠤᠯᠤᠨ᠎ᠠ᠃ ᠰᠦᠯᠵᠢᠶᠡᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠢᠨᠠᠷ ᠰᠠᠶ᠋ᠢᠲᠠᠢ ᠰᠦᠯᠵᠢᠶᠡᠨ᠎ᠤ ᠰᠣᠶᠣᠯ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠨ ᠤᠯᠠᠮᠵᠢᠯᠠᠬᠤ ᠵᠢ ᠠᠬᠢᠭᠤᠯᠵᠤ᠂ ᠬᠥᠮᠦᠨ ᠲᠥᠷᠥᠯᠬᠢᠲᠡᠨ᠎ᠤ ᠰᠢᠯᠢᠳᠡᠭ ᠪᠣᠯᠪᠠᠰᠤᠨ᠎ᠤ ᠦᠷ᠎ᠡ ᠪᠦᠲᠦᠭᠡᠯ᠎ᠢ ᠭᠦᠢ᠍ᠴᠡᠳ ᠢᠯᠡᠷᠡᠭᠦᠯᠵᠦ᠂ ᠪᠣᠯᠪᠠᠰᠤᠨ᠎ᠢ ᠤᠯᠠᠮᠵᠢᠯᠠᠨ ᠬᠥᠭᠵᠢᠭᠦᠯᠬᠦ ᠵᠢ ᠢᠳᠡᠪᠬᠢᠲᠡᠢ ᠠᠬᠢᠭᠤᠯᠵᠤ᠂ ᠰᠦᠯᠵᠢᠶᠡᠨ ᠳᠡᠭᠡᠷᠡᠬᠢ ᠤᠶᠤᠨ ᠰᠠᠨᠠᠭ᠋ᠠᠨ᠎ᠤ ᠭᠡᠷ ᠣᠷᠣᠨ᠎ᠢ ᠬᠠᠮᠲᠤ᠎ᠪᠠᠷ ᠪᠠᠶ᠋ᠢᠭᠤᠯᠤᠨ᠎ᠠ᠃ ᠰᠢ ᠵᠢᠨ ᠫᠢᠩ ᠡᠴᠦᠰ᠎ᠲᠤ᠂ ᠮᠡᠳᠡᠭᠡ ᠵᠠᠩᠭᠢ ᠵᠢᠨ ᠬᠤᠪᠢᠰᠬᠠᠯ᠎ᠤᠨ ᠴᠠᠭ ᠦᠶ᠎ᠡ ᠵᠢᠨ ᠤᠷᠤᠰᠬᠠᠯ ᠰᠦᠷ ᠳᠠᠯᠠᠶ᠋ᠢᠴᠠᠲᠠᠢ ᠤᠷᠤᠭᠰᠢᠯᠠᠵᠤ᠂ ᠰᠦᠯᠵᠢᠶᠡᠨ᠎ᠤ ᠣᠷᠣᠨ ᠵᠠᠢ ᠬᠥᠮᠦᠨ ᠲᠥᠷᠥᠯᠬᠢᠲᠡᠨ᠎ᠤ ᠰᠠᠢ᠍ᠢ᠍ᠨ ᠰᠠᠶ᠋ᠢᠬᠠᠨ ᠢᠷᠡᠭᠡᠳᠦᠢ ᠵᠢᠨ ᠲᠤᠬᠠᠢ ᠬᠢᠵᠠᠭ᠋ᠠᠯᠠᠰᠢ ᠦᠭᠡᠢ ᠬᠦᠰᠡᠯ ᠡᠷᠡᠮᠡᠯᠵᠡᠯ᠎ᠢ ᠠᠴᠢᠶᠠᠯᠠᠵᠤ ᠪᠠᠶ᠋ᠢᠨ᠎ᠠ᠃ ᠪᠢᠳᠠ ᠭᠠᠷ ᠬᠣᠯᠪᠣᠯᠴᠠᠨ ᠰᠦᠯᠵᠢᠶᠡᠨ᠎ᠤ ᠣᠷᠣᠨ ᠵᠠᠢ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠵᠤ᠂ ᠢᠨᠲᠸᠷ ᠰᠦᠯᠵᠢᠶ᠎ᠡ᠎ᠪᠠᠷ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ᠎ᠳᠤ ᠨᠡᠩ ᠰᠠᠢ᠍ᠢ᠍ᠨ ᠪᠤᠶᠠᠨ ᠦᠢ᠍ᠯᠡᠳᠴᠦ᠂ ᠬᠥᠮᠦᠨ ᠲᠥᠷᠥᠯᠬᠢᠲᠡᠨ᠎ᠤ ᠨᠡᠩ ᠰᠠᠢ᠍ᠢ᠍ᠨ ᠰᠠᠶ᠋ᠢᠬᠠᠨ ᠢᠷᠡᠭᠡᠳᠦᠢ ᠵᠢ ᠬᠠᠮᠲᠤ᠎ᠪᠠᠷ ᠴᠣᠭᠴᠠᠯᠠᠶ᠎ᠠ ᠭᠡᠵᠦ ᠴᠢᠬᠤᠯᠠᠴᠢᠯᠠᠪᠠ! 2023 ᠣᠨ᠎ᠤ ᠳᠡᠯᠡᠬᠡᠶ ᠵᠢᠨ ᠢᠨᠲ᠋ᠧᠷ ᠰᠦᠯᠵᠢᠶᠡᠨ᠎ᠤ ᠶᠡᠬᠡ ᠬᠤᠷᠠᠯ᠎ᠤᠨ ᠦᠵᠸᠨ᠎ᠤ ᠲᠦᠷᠦᠭᠦᠴᠦᠳ᠎ᠤᠨ ᠬᠤᠷᠠᠯ 11 ᠰᠠᠷ᠎ᠠ ᠵᠢᠨ 8᠎ᠤ ᠡᠳᠦᠷ᠎ᠠᠴᠠ 10᠎ᠤ ᠡᠳᠦᠷ ᠪᠣᠯᠲᠠᠯ᠎ᠠ ᠵᠧᠵᠢᠶᠠᠩ᠎ᠤᠨ ᠦᠵᠸᠨ᠎ᠳᠤ ᠶᠠᠪᠤᠭᠳᠠᠵᠤ᠂ 《ᠪᠠᠭᠲᠠᠭ᠋ᠠᠮᠵᠢᠲᠠᠶ᠂ ᠲᠦᠭᠡᠮᠡᠯ ᠬᠠᠷᠠᠭ᠋ᠠᠯᠵᠠᠯ᠎ᠲᠠᠢ᠂ ᠤᠶᠠᠨ ᠬᠠᠲᠠᠨ ᠴᠢᠨᠠᠷᠲᠠᠶ ᠲᠣᠭ᠋ᠠᠴᠢᠯᠠᠭᠰᠠᠨ ᠳᠡᠯᠡᠬᠡᠶ ᠵᠢ ᠪᠥᠲᠥᠭᠡᠨ ᠪᠠᠶ᠋ᠢᠭᠤᠯᠵᠤ ᠰᠦᠯᠵᠢᠶᠡᠨ᠎ᠤ ᠣᠷᠣᠨ ᠵᠠᠶ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠭᠠᠷ ᠬᠣᠯᠪᠣᠨ ᠪᠠᠶ᠋ᠢᠭᠤᠯᠤᠶ᠎ᠠ》 ᠭᠡᠬᠦ ᠭᠤᠤᠯ ᠰᠡᠳᠦᠪ ᠵᠶ᠋ᠠᠷ ᠶᠠᠪᠤᠭᠳᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠬᠦᠷᠴᠦ ᠥᠪᠥᠷ ᠮᠣᠩᠭᠣᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠲᠤᠬᠠᠶ ᠬᠠᠷᠢᠭᠤ ᠮᠡᠳᠡᠬᠦᠯᠦᠯᠳᠡ ᠬᠢᠵᠦ ᠰᠠᠨᠠᠯ ᠵᠶ᠋ᠠᠨ ᠣᠯᠣᠯᠴᠠᠪᠠ
ᠰᠢ ᠵᠢᠨ ᠫᠢᠩ ᠪᠡᠭᠡᠵᠢᠩ ᠾᠧᠪᠧᠢ᠎ᠳᠤ ᠭᠠᠮᠰᠢᠭ᠎ᠤᠨ ᠳᠠᠷᠠᠭ᠋ᠠᠬᠢ ᠰᠡᠷᠭᠦᠭᠡᠵᠦ ᠲᠠᠬᠢᠨ ᠪᠦᠲᠦᠭᠡᠨ ᠪᠠᠶ᠋ᠢᠭᠤᠯᠬᠤ ᠠᠵᠢᠯ᠎ᠢ ᠰᠢᠨᠵᠢᠯᠡᠨ ᠪᠠᠶ᠋ᠢᠴᠠᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠢᠭᠡᠳ ᠪᠡᠭᠡᠵᠢᠩ ᠬᠣᠲᠠ ᠵᠢᠨ ᠴᠡᠴᠡᠷᠯᠢᠭᠵᠢᠭᠦᠯᠦᠨ ᠨᠣᠭᠣᠭ᠋ᠠᠷᠠᠭᠤᠯᠬᠤ ᠲᠣᠪᠴᠢᠶ᠎ᠠ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠶ ᠵᠥᠪᠳᠡᠨ ᠶᠠᠷᠢᠯᠴᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 2023 ᠣᠨ᠎ᠤ ᠣᠶ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠠᠷᠠᠳᠴᠢᠯᠠᠭᠰᠠᠨ ᠨᠠᠮ ᠪᠦᠯᠦᠭ᠎ᠤᠨ ᠪᠦᠷᠢᠯᠳᠦᠬᠦᠨ ᠪᠠ ᠨᠠᠮ᠎ᠤᠨ ᠭᠠᠳᠠᠨᠠᠬᠢ ᠰᠡᠬᠡᠭᠡᠲᠡᠨ᠎ᠤ ᠲᠥᠯᠥᠭᠡᠯᠡᠭᠴᠢᠳ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
 
             蒙ICP备05000248号