12 ᠰᠠᠷ᠎ᠠ ᠵᠢᠨ 18᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠠᠷᠠᠳᠴᠢᠯᠠᠭᠰᠠᠨ ᠨᠠᠮ ᠪᠦᠯᠦᠭ᠎ᠤᠨ ᠪᠦᠷᠢᠯᠳᠦᠬᠦᠨ ᠪᠣᠯᠤᠨ ᠨᠠᠮ᠎ᠤᠨ ᠭᠠᠳᠠᠨᠠᠬᠢ ᠰᠡᠬᠡᠭᠡᠲᠡᠳ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠤᠤ ᠱᠧᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ᠂ ᠠᠷᠠᠳᠴᠢᠯᠠᠭᠰᠠᠨ ᠬᠤᠪᠢᠰᠬᠠᠯᠲᠤ ᠬᠤᠷᠢᠶ᠎ᠠ᠂ ᠠᠷᠠᠳᠴᠢᠯᠠᠭᠰᠠᠨ ᠬᠣᠯᠪᠣᠭ᠎ᠠ᠂ 《93》 ᠡᠷᠳᠡᠮ ᠰᠢᠨᠵᠢᠯᠡᠭᠡᠨ᠎ᠤ ᠨᠡᠶ᠋ᠢᠭᠡᠮᠯᠢᠭ᠂ ᠲᠠᠷᠢᠶᠠᠴᠢᠨ ᠠᠵᠢᠯᠴᠢᠨ᠎ᠤ ᠨᠠᠮ᠂ ᠨᠠᠮ᠎ᠤᠨ ᠭᠠᠳᠠᠨᠠᠬᠢ ᠰᠡᠬᠡᠭᠡᠲᠡᠨ᠎ᠤ 6 ᠲᠥᠯᠥᠭᠡᠯᠡᠭᠴᠢ ᠨᠥᠬᠥᠳ ᠪᠣᠯᠤᠨ ᠬᠡᠰᠡᠭ ᠭᠠᠵᠠᠷ᠎ᠤᠨ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃

ᠬᠤᠷᠠᠯ ᠳᠡᠭᠡᠷ᠎ᠡ᠂ ᠴᠧᠨ ᠶᠦᠩ ᠴᠢᠤᠸᠠᠨ ᠨᠥᠬᠥᠷ 2023 ᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠢ ᠪᠡᠶᠡᠯᠡᠭᠦᠯᠦᠭᠰᠡᠨ ᠪᠠᠶ᠋ᠢᠳᠠᠯ ᠪᠣᠯᠤᠨ 2024 ᠣᠨ᠎ᠤ ᠠᠵᠢᠯ᠎ᠢ ᠵᠠᠷᠯᠠᠨ ᠮᠡᠳᠡᠭᠳᠡᠪᠡ᠃ ᠲᠥᠯᠥᠭᠡᠯᠡᠭᠴᠢᠳ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠤᠮᠠᠷᠠᠲᠤ ᠵᠢᠨ ᠭᠤᠷᠪᠠᠨ ᠣᠷᠣᠨ᠎ᠤ ᠬᠠᠯᠬᠠᠪᠴᠢ ᠤᠢ ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠠ ᠭᠤᠷᠪᠠᠨ ᠶᠡᠬᠡ ᠪᠡᠯᠭᠡ ᠳᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠢ ᠬᠡᠷᠬᠢᠨ ᠰᠠᠶ᠋ᠢᠲᠤᠷ ᠬᠢᠬᠦ᠂ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠬᠦ᠂ ᠤᠢ ᠰᠢᠭᠤᠢ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢ ᠰᠢᠩᠭᠡᠭᠡᠬᠦ ᠠᠵᠢᠯ ᠵᠢᠴᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠰᠢᠨ᠎ᠡ ᠵᠢ ᠡᠭᠦᠳᠬᠦ᠎ᠪᠠᠷ ᠳᠦᠯᠬᠢᠴᠡ ᠬᠦᠴᠦᠨ ᠪᠣᠯᠭ᠋ᠠᠬᠤ ᠵᠡᠷᠭᠡ ᠲᠠᠯ᠎ᠠ᠎ᠪᠠᠷ ᠢᠳᠡᠪᠬᠢᠲᠡᠢ ᠠᠷᠭ᠎ᠠ ᠤᠬᠠᠭ᠋ᠠᠨ ᠳᠡᠪᠰᠢᠭᠦᠯᠵᠦ᠂ ᠤᠯᠠᠨ ᠵᠶ᠋ᠠᠷ ᠵᠶ᠋ᠠᠨ ᠪᠤᠳᠤᠯ ᠰᠠᠨᠠᠯ ᠵᠶ᠋ᠠᠨ ᠰᠤᠯᠢᠯᠴᠠᠪᠠ᠃

ᠲᠥᠯᠥᠭᠡᠯᠡᠭᠴᠢᠳ᠎ᠤᠨ ᠶᠠᠷᠢᠶ᠎ᠠ ᠵᠢ ᠰᠣᠨᠣᠰᠤᠭᠰᠠᠨ᠎ᠤ ᠳᠠᠷᠠᠭ᠎ᠠ᠂ ᠸᠠᠩ ᠵᠣᠣ ᠱᠧᠩ ᠨᠥᠬᠥᠷ ᠲᠡᠳᠡᠨ᠎ᠤ ᠣᠶ ᠰᠢᠭᠤᠶ ᠨᠤᠲᠤᠭ ᠪᠡᠯᠴᠢᠭᠡᠷ᠎ᠤᠨ ᠦᠢ᠍ᠯᠡᠰ᠎ᠤᠨ ᠬᠥᠭᠵᠢᠯᠲᠡ᠎ᠳᠤ ᠦᠵᠡᠭᠦᠯᠦᠭᠰᠡᠨ ᠯᠤᠲᠤ ᠶᠡᠬᠡ ᠬᠤᠪᠢ ᠨᠡᠮᠡᠷᠢ ᠵᠢ ᠭᠦᠢ᠍ᠴᠡᠳ ᠨᠤᠲᠠᠯᠠᠵᠤ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠡᠮᠦᠨ᠎ᠡ᠎ᠠᠴᠠ ᠲᠡᠳᠡᠨ᠎ᠤ ᠰᠢᠷᠭ᠋ᠠᠭᠤ ᠠᠵᠢᠯᠯᠠᠵᠤ᠂ ᠬᠤᠪᠢ ᠨᠡᠮᠡᠷᠢ ᠦᠵᠡᠭᠦᠯᠦᠭᠰᠡᠨ᠎ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠪᠡ᠃ ᠡᠭᠦᠨ᠎ᠤ ᠬᠠᠮᠲᠤ ᠸᠠᠩ ᠵᠣᠣ ᠱᠧᠩ ᠨᠥᠬᠥᠷ ᠭᠤᠷᠪᠠᠨ ᠲᠠᠯ᠎ᠠ ᠵᠢᠨ ᠬᠦᠰᠡᠯ ᠳᠤᠷᠠᠳᠴᠠᠶ᠂ ᠨᠢᠭᠡ᠎ᠳᠤ᠂ ᠣᠯᠠᠨ ᠵᠶ᠋ᠠᠷ ᠵᠶ᠋ᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠵᠢᠨ ᠵᠣᠭᠰᠣᠴᠠ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ᠎ᠪᠠᠨ ᠨᠢᠭᠡᠳᠬᠡᠵᠦ᠂ ᠨᠠᠮ᠎ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠬᠠᠮᠲᠤ᠎ᠪᠠᠷ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠬᠦᠰᠡᠵᠦ ᠪᠠᠶ᠋ᠢᠨ᠎ᠠ᠃ ᠬᠣᠶᠠᠷ᠎ᠲᠤ᠂ ᠤᠯᠠᠨ ᠵᠶ᠋ᠠᠷ ᠵᠶ᠋ᠠᠨ ᠬᠠᠮᠲᠤ ᠵᠢᠨ ᠲᠠᠨᠢᠯᠲᠠ᠎ᠪᠠᠨ ᠨᠢᠭᠡᠳᠬᠡᠵᠦ᠂ ᠠᠷᠠᠳᠴᠢᠯᠠᠭᠰᠠᠨ ᠨᠠᠮ ᠪᠦᠯᠦᠭ ᠪᠣᠯᠤᠨ ᠨᠠᠮ᠎ᠤᠨ ᠭᠠᠳᠠᠨᠠᠬᠢ ᠬᠥᠮᠦᠰ᠎ᠤᠨ ᠬᠠᠷᠢᠯᠴᠠᠭ᠎ᠠ ᠥᠷᠭᠡᠨ ᠳᠡᠯᠭᠡᠷ ᠪᠠᠶ᠋ᠢᠬᠤ ᠳᠠᠪᠠᠭᠤᠯᠢᠭ ᠵᠶ᠋ᠠᠨ ᠰᠠᠶ᠋ᠢᠲᠤᠷ ᠪᠠᠳᠠᠷᠠᠭᠤᠯᠬᠤ ᠵᠢ ᠴᠢᠬᠤᠯᠠᠴᠢᠯᠠᠵᠤ᠂ ᠨᠡᠶ᠋ᠢᠭᠡᠮ᠎ᠤᠨ ᠬᠦᠷᠦᠨᠭᠭᠡ ᠵᠢ ᠣᠷᠣᠭᠤᠯᠤᠨ ᠠᠪᠴᠢᠷᠠᠬᠤ᠂ ᠨᠡᠶ᠋ᠢᠭᠡᠮ᠎ᠤᠨ ᠬᠦᠴᠦᠨ᠎ᠢ ᠲᠠᠢ᠍ᠢ᠍ᠴᠢᠯᠠᠨ ᠤᠯᠤᠰ᠎ᠤᠨ ᠨᠤᠲᠤᠭ ᠳᠡᠪᠢᠰᠬᠡᠷ᠎ᠢ ᠨᠣᠭᠣᠭ᠋ᠠᠷᠠᠭᠤᠯᠬᠤ᠂ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦᠷᠬᠡᠭᠵᠢᠯ᠎ᠢ ᠵᠠᠰᠠᠬᠤ᠎ᠳᠤ ᠣᠷᠣᠯᠴᠠᠭᠤᠯᠬᠤ ᠵᠡᠷᠭᠡ ᠲᠠᠯ᠎ᠠ᠎ᠪᠠᠷ ᠢᠯᠡᠭᠦᠬᠡᠨ ᠠᠵᠢᠯ ᠬᠢᠬᠦ ᠵᠢ ᠬᠦᠰᠡᠵᠦ ᠪᠠᠶ᠋ᠢᠨ᠎ᠠ ᠃ ᠭᠤᠷᠪᠠ᠎ᠳᠤ᠂ ᠤᠯᠠᠨ ᠵᠶ᠋ᠠᠷ ᠵᠶ᠋ᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠦᠢ᠍ᠯᠡᠳᠦᠯ ᠵᠶ᠋ᠠᠨ ᠢᠳᠡᠪᠬᠢᠲᠡᠢ ᠪᠠᠳᠠᠷᠠᠭᠤᠯᠵᠤ᠂ ᠲᠤᠬᠠᠶ᠋ᠢᠯᠠᠭᠰᠠᠨ ᠠᠵᠢᠯ ᠵᠶ᠋ᠠᠨ ᠰᠠᠶ᠋ᠢᠲᠤᠷ ᠬᠢᠬᠦ ᠵᠢᠨ ᠬᠠᠮᠲᠤ᠂ ᠤᠢ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠂ ᠠᠵᠤ ᠦᠢ᠍ᠯᠡᠰ᠎ᠢ ᠬᠥᠭᠵᠢᠭᠦᠯᠬᠦ᠂ ᠭᠣᠣᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠪᠠᠲᠤᠯᠠᠭ᠎ᠠ ᠵᠡᠷᠭᠡ ᠴᠢᠬᠤᠯᠠ ᠶᠡᠬᠡ ᠠᠰᠠᠭᠤᠳᠠᠯ᠎ᠤᠨ ᠲᠣᠭᠣᠷᠢᠨ᠎ᠳᠤ᠂ ᠭᠦᠨᠵᠡᠭᠡᠢ ᠪᠠᠶ᠋ᠢᠴᠠᠭ᠋ᠠᠨ ᠰᠤᠳᠤᠯᠵᠤ᠂ ᠢᠳᠡᠪᠬᠢᠲᠡᠢ᠎ᠪᠠᠷ ᠠᠷᠭ᠎ᠠ ᠤᠬᠠᠭ᠋ᠠᠨ ᠭᠠᠷᠭ᠋ᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠨᠡᠩ ᠤᠯᠠᠨ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠶ᠋ᠢᠨ᠎ᠠ ᠭᠡᠵᠦ ᠴᠢᠬᠤᠯᠠᠴᠢᠯᠠᠪᠠ᠃ ᠡᠭᠦᠨ᠎ᠤ ᠬᠠᠮᠲᠤ᠂ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠥᠩᠭᠡᠷᠡᠭᠰᠡᠨ᠎ᠲᠠᠢ᠎ᠪᠠᠨ ᠠᠳᠠᠯᠢ᠎ᠪᠠᠷ ᠲ᠋ᠠ ᠨᠠᠷ᠎ᠤᠨ ᠠᠵᠢᠯ᠎ᠢ ᠳᠡᠮᠵᠢᠨ᠎ᠡ᠂ ᠲᠠ ᠨᠠᠷ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠵᠢᠯ᠎ᠳᠤ ᠬᠢᠨᠠᠯᠲᠠ ᠲᠠᠯᠪᠢᠬᠤ ᠵᠢ ᠪᠠᠶᠠᠷᠯᠠᠨ ᠤᠭᠲᠤᠵᠤ ᠪᠠᠶ᠋ᠢᠨ᠎ᠠ ᠭᠡᠵᠦ ᠢᠯᠡᠳᠬᠡᠪᠡ᠃