ᠣᠶ᠋ᠢᠷ᠎ᠠ᠎ᠳᠤ᠂ ᠮᠠᠨ᠎ᠤ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠳᠡᠯᠭᠡᠷᠡᠭᠦᠯᠬᠦ 23 ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠵᠣᠬᠢᠶᠠᠨ ᠪᠠᠶ᠋ᠢᠭᠤᠯᠤᠨ ᠰᠢᠯᠭ᠋ᠠᠨ ᠠᠪᠤᠪᠠ᠃ ᠡᠭᠦᠨ᠎ᠳᠤ᠂ ᠲᠥᠪ᠎ᠤᠨ ᠡᠳ᠋᠎ᠤᠨ ᠵᠠᠰᠠᠭ᠎ᠤᠨ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠵᠢᠱ᠌ᠢᠶ᠎ᠡ ᠦᠵᠡᠬᠦᠯᠵᠦ ᠳᠡᠯᠭᠡᠷᠡᠬᠦᠯᠬᠦ ᠲᠥᠷᠥᠯ ᠵᠦᠢ᠍ᠯ 17 ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠣᠶ ᠰᠢᠭᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ 6 ᠪᠠᠶ᠋ᠢᠵᠤ᠂ ᠪᠣᠶ ᠪᠥᠬᠥᠶ ᠲᠥᠷᠥᠯ ᠵᠦᠢ᠍ᠯ ᠴᠥᠮ ᠬᠢᠨᠠᠨ ᠰᠢᠯᠭ᠋ᠠᠯᠲᠠ ᠵᠢ ᠤᠷᠤᠭᠰᠢᠲᠠᠶ ᠥᠩᠭᠡᠷᠡᠭᠡᠪᠡ᠃ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠳᠠᠮᠵᠢᠭᠤᠯᠤᠨ ᠰᠢᠯᠢᠳᠡᠭ ᠣᠶ ᠰᠢᠭᠤᠶ ᠡᠪᠡᠰᠦᠨ᠎ᠤ ᠲᠥᠷᠥᠯ ᠵᠦᠢ᠍ᠯ᠂ ᠠᠵᠤ ᠠᠬᠤᠶ ᠵᠢᠨ ᠤᠢ ᠵᠢ ᠪᠣᠶ᠋ᠢᠵᠢᠭᠤᠯᠬᠤ ᠪᠠ ᠡᠵᠡᠩᠨᠡᠬᠦ᠂ ᠢᠳᠡᠰᠢᠨ ᠮᠦᠬᠦ ᠵᠢᠨ ᠲᠠᠷᠢᠮᠠᠯ᠂ ᠮᠠᠭᠤᠳᠠᠭᠰᠠᠨ ᠤᠢ ᠵᠢᠨ ᠥᠭᠡᠷᠡᠴᠢᠯᠡᠯᠲᠡ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠡᠯᠡᠰᠦᠨ ᠬᠠᠯᠬᠠᠪᠴᠢ ᠳᠡᠪᠢᠰᠬᠦ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠰᠡᠷᠭᠦᠭᠡᠯᠲᠡ᠂ ᠬᠠᠯᠬᠠᠪᠴᠢ ᠤᠢ ᠵᠢᠨ ᠰᠢᠨᠡᠳᠬᠡᠯ᠂ ᠬᠤᠤᠷᠲᠤ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠵᠡᠷᠭᠡ ᠮᠡᠷᠭᠡᠵᠢᠯ᠎ᠤᠨ ᠦᠷ᠎ᠡ ᠪᠦᠲᠦᠭᠡᠯ ᠪᠠ 47 ᠵᠦᠢ᠍ᠯ᠎ᠤᠨ ᠰᠢᠯᠢᠳᠡᠭ ᠡᠭᠦᠯᠳᠡᠷ ᠢ ᠵᠢᠱ᠌ᠢᠶ᠎ᠡ ᠦᠵᠡᠬᠦᠯᠦᠨ ᠳᠡᠯᠭᠡᠷᠡᠬᠦᠯᠵᠦ᠂ 57 ᠵᠢᠱ᠌ᠢᠶ᠎ᠡ ᠦᠵᠡᠭᠦᠯᠬᠦ ᠤᠢ ᠵᠢ ᠪᠠᠢ᠌ᠭᠤᠯᠵᠤ᠂ 119 ᠤᠳᠠᠭ᠋ᠠᠨ᠎ᠤ ᠪᠤᠯᠪᠠᠰᠤᠷᠠᠭᠤᠯᠤᠯ ᠡᠷᠬᠢᠯᠡᠪᠡ᠃ 21 ᠪᠣᠯᠪᠠᠰᠤᠷᠠᠭᠤᠯᠤᠯ᠎ᠤᠨ ᠭᠠᠷ ᠳᠡᠪᠲᠡᠷ ᠨᠠᠢ᠌ᠷᠠᠭᠤᠯᠤᠨ ᠲᠤᠭᠤᠷᠪᠢᠵᠤ᠂ ᠮᠡᠷᠭᠡᠵᠢᠯ᠎ᠤᠨ ᠪᠤᠯᠪᠠᠰᠤᠷᠠᠭᠤᠯᠤᠯ᠎ᠤᠨ ᠲᠠᠶ᠋ᠢᠯᠤᠮᠵᠢ ᠵᠢᠨ ᠰᠢᠩᠭᠡᠭᠡᠯᠲᠡ 10 ᠬᠤᠪᠢ ᠬᠢᠪᠠ᠃ 6604 ᠬᠥᠮᠦᠨ ᠪᠤᠯᠪᠠᠰᠤᠷᠠᠭᠤᠯᠤᠯ᠎ᠳᠤ ᠤᠷᠤᠯᠴᠠᠵᠤ᠂ 23394 ᠮᠦ᠍ ᠵᠢᠱ᠌ᠢᠶ᠎ᠡ ᠦᠵᠡᠬᠦᠯᠵᠦ ᠳᠡᠯᠭᠡᠷᠡᠬᠦᠯᠦᠨ᠂ 36882 ᠮᠦ᠍ ᠵᠢ ᠨᠥᠯᠥᠭᠡᠯᠡᠨ ᠳᠠᠶ᠋ᠢᠴᠢᠯᠠᠪᠠ᠃ 9 ᠵᠦᠢ᠍ᠯ᠎ᠤᠨ ᠲᠤᠰᠬᠠᠶ ᠠᠰᠢᠭ ᠭᠤᠶᠤᠴᠢᠯᠠᠵᠤ᠂ 23 ᠥᠭᠦᠯᠡᠯ ᠨᠡᠶ᠋ᠢᠲᠡᠯᠡᠪᠡ᠃ 3 ᠬᠤᠪᠢ ᠶᠠᠰᠤ ᠴᠢᠨᠠᠷ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ᠂ 4 ᠬᠤᠪᠢ ᠦᠷ᠎ᠡ ᠪᠦᠲᠦᠮᠵᠢ ᠵᠢ ᠬᠢᠨᠠᠨ ᠬᠡᠮᠵᠢᠭᠰᠡᠨ ᠮᠡᠳᠡᠭᠦᠯᠦᠯᠲᠡᠢ ᠪᠡᠶᠡᠯᠡᠬᠦᠯᠵᠦ᠂ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ ᠵᠢ ᠪᠦᠲᠦᠮᠵᠢᠲᠡᠶ ᠠᠬᠢᠭᠤᠯᠵᠤ᠂ ᠲᠥᠷᠥᠯ ᠵᠦᠢ᠍ᠯ᠎ᠤᠨ ᠨᠥᠯᠥᠭᠡᠯᠡᠨ ᠳᠠᠶ᠋ᠢᠴᠢᠯᠠᠬᠤ ᠦᠢ᠍ᠯᠡᠳᠦᠯ᠎ᠢ ᠥᠨᠳᠥᠷ ᠪᠦᠲᠦᠮᠵᠢᠲᠡᠶ ᠪᠠᠳᠠᠷᠠᠭᠤᠯᠪᠠ᠃
