3 ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠤᠯᠤᠨ ᠳᠡᠯᠡᠬᠡᠶ ᠵᠢᠨ ᠲᠥᠷᠥ ᠵᠢᠨ ᠨᠠᠮ᠎ᠤᠨ ᠳᠡᠭᠡᠳᠦ ᠲᠡᠰ᠎ᠤᠨ ᠶᠠᠷᠢᠯᠴᠠᠭ᠋ᠠᠨ᠎ᠤ ᠬᠤᠷᠠᠯ ᠳᠡᠭᠡᠷᠡᠬᠢ ᠭᠤᠤᠯ ᠵᠤᠷᠢᠯᠳᠠᠳᠤ ᠶᠠᠷᠢᠶ᠎ᠠ᠂ 《ᠦᠨᠡᠨ》 ᠰᠡᠳᠬᠦᠯ᠎ᠳᠤ ᠨᠡᠶ᠋ᠢᠲᠡᠯᠡᠭᠰᠡᠨ 《ᠬᠦᠳᠡᠭᠡ ᠠᠵᠤ ᠠᠬᠤᠢ ᠵᠢᠨ ᠬᠦᠴᠦᠷᠬᠡᠭ ᠤᠯᠤᠰ᠎ᠢ ᠲᠦᠷᠭᠡᠳᠭᠡᠨ ᠪᠦᠳᠦᠭᠡᠨ ᠪᠠᠶ᠋ᠢᠭᠤᠯᠵᠤ ᠬᠦᠳᠡᠭᠡ ᠠᠵᠤ ᠠᠬᠤᠢ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠠᠬᠢᠭᠤᠯᠤᠶ᠎ᠠ》 ᠭᠡᠬᠦ ᠴᠢᠬᠤᠯᠠ ᠵᠣᠬᠢᠶᠠᠯ᠎ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠵᠤ ᠲᠦᠢ᠍ᠮᠠᠷ᠎ᠢ ᠤᠨᠲᠠᠷᠠᠭ᠋ᠠᠬᠤ ᠠᠵᠢᠯ᠎ᠢ ᠰᠤᠳᠤᠯᠵᠤ᠂ ᠥᠪᠡᠷᠲᠡᠭᠡᠨ ᠵᠠᠰᠠᠬᠤ ᠣᠷᠣᠨ᠎ᠤ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠪᠡ᠃
ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠤᠨ ᠭᠤᠤᠯ ᠵᠤᠷᠢᠯᠳᠠᠳᠤ ᠶᠠᠷᠢᠶ᠎ᠠ᠎ᠨᠢ ᠳᠡᠯᠡᠬᠡᠶ ᠵᠢᠨ ᠣᠳᠣᠬᠢᠴᠢᠯᠠᠯᠲᠠ ᠵᠢᠨ ᠠᠬᠢᠴᠠ ᠵᠢ ᠠᠬᠢᠭᠤᠯᠬᠤ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠳᠠᠪᠰᠢᠯᠲᠠ ᠵᠢ ᠠᠬᠢᠭᠤᠯᠬᠤ᠎ᠳᠤ ᠳᠤᠮᠳᠠᠳᠤ ᠤᠯᠤᠰ᠎ᠤᠨ ᠲᠥᠰᠦᠯ᠎ᠢ ᠬᠠᠩᠭ᠋ᠠᠪᠠ᠃ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠭᠤᠯᠤᠭᠳᠠᠬᠤᠨ ᠪᠣᠯᠤᠨ ᠮᠥᠨ ᠴᠢᠨᠠᠷ᠎ᠤᠨ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ ᠬᠦᠴᠦᠨ ᠵᠶ᠋ᠠᠨ ᠲᠥᠪᠯᠡᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠨᠡᠩ ᠤᠯᠠᠨ ᠥᠪᠥᠷ ᠮᠣᠩᠭᠤᠯ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃ ᠭᠠᠳᠠᠭ᠋ᠠᠳᠤ᠎ᠯᠤᠭ᠎ᠠ ᠵᠢᠨ ᠰᠣᠯᠢᠯᠴᠠᠭ᠎ᠠ ᠶᠠᠪᠤᠯᠴᠠᠭ᠎ᠠ᠎ᠪᠠᠨ ᠴᠢᠩᠭ᠋ᠠᠳᠬᠠᠵᠤ᠂ ᠮᠠᠨ᠎ᠤ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠨᠡᠩ ᠰᠠᠶ᠋ᠢᠲᠤᠷ ᠠᠬᠢᠭᠤᠯᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃ ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠤᠨ ᠭᠤᠣᠯ ᠠᠭᠤᠯᠭ᠎ᠠ ᠵᠢ ᠭᠦᠨᠵᠡᠭᠡᠢ ᠤᠢ᠍ᠢ᠍ᠯᠠᠭ᠋ᠠᠨ ᠡᠵᠡᠮᠰᠢᠵᠦ᠂ ᠮᠠᠨ᠎ᠤ ᠣᠷᠣᠨ᠎ᠤ 《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃ 《ᠭᠠᠵᠠᠷ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ》 ᠢᠢ᠍ᠨ ᠠᠵᠢᠯ᠎ᠢ ᠶᠡᠭᠡ ᠬᠦᠴᠦ ᠣᠷᠣᠭᠤᠯᠤᠨ ᠰᠠᠶ᠋ᠢᠲᠤᠷ ᠬᠢᠵᠦ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠤ ᠪᠥᠲᠥᠭᠡᠨ ᠪᠠᠶ᠋ᠢᠭᠤᠯᠤᠯᠲᠠ ᠵᠢᠨ ᠨᠠᠩ ᠶᠡᠭᠡ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠶ᠃ ᠬᠠᠪᠤᠷ᠎ᠤᠨ ᠲᠠᠷᠢᠶᠠᠯᠠᠭ᠎ᠠ ᠵᠢᠨ ᠪᠡᠯᠡᠳᠭᠡᠯ ᠠᠵᠢᠯ᠎ᠢ ᠰᠠᠶ᠋ᠢᠲᠤᠷ ᠵᠣᠬᠢᠶᠠᠨ ᠪᠠᠶ᠋ᠢᠭᠤᠯᠵᠤ᠂ ᠡᠨᠡ ᠵᠢᠯ᠎ᠤᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠰᠠᠶ᠋ᠢᠨ ᠡᠬᠢᠯᠡᠯᠲᠡ᠎ᠲᠠᠢ ᠪᠣᠯᠬᠤ ᠵᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃
ᠬᠤᠷᠠᠯ᠎ᠠᠴᠠ᠂ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠵᠤ ᠲᠦᠢ᠍ᠮᠠᠷ᠎ᠢ ᠤᠨᠲᠠᠷᠠᠭ᠋ᠠᠬᠤ ᠠᠵᠢᠯ᠎ᠢ ᠰᠠᠶ᠋ᠢᠲᠤᠷ ᠬᠢᠬᠦ ᠵᠢᠨ ᠵᠠᠩᠭᠢᠯᠠᠭ᠎ᠠ᠎ᠨᠢ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠎ᠳᠤ ᠪᠠᠶ᠋ᠢᠵᠤ᠂ ᠨᠢᠭᠡᠴᠢ ᠵᠢᠨ ᠭᠤᠤᠯ ᠴᠣᠭᠴᠠ ᠵᠢᠨ ᠬᠠᠷᠢᠭᠤᠴᠠᠯᠭ᠎ᠠ᠂ ᠬᠠᠷᠢᠶ᠎ᠠ ᠣᠷᠣᠨ᠎ᠤ ᠬᠠᠮᠢᠶᠠᠷᠤᠯᠲᠠ ᠵᠢᠨ ᠬᠠᠷᠢᠭᠤᠴᠠᠯᠭ᠎ᠠ᠂ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠴᠥᠮ ᠪᠣᠳᠠᠲᠠᠶ ᠨᠠᠶ᠋ᠢᠳᠠᠪᠤᠷᠢᠵᠢᠭᠤᠯᠵᠤ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠥᠬᠡᠶ᠎ᠠᠴᠠ ᠪᠣᠯᠤᠭ᠋ᠠᠳ ᠬᠦᠨᠳᠦ ᠨᠣᠴᠢᠲᠠᠶ ᠦᠷ᠎ᠡ ᠳ᠋ᠦᠩ ᠭᠠᠷᠭ᠋ᠠᠭᠰᠠᠨ ᠪᠠᠶ᠋ᠢᠪᠠᠯ ᠴᠢᠩᠭ᠎ᠠ ᠰᠢᠢ᠍ᠳᠪᠦᠷᠢᠯᠡᠬᠦ ᠬᠡᠷᠡᠭᠲᠡᠶ᠃ ᠤᠷᠢᠳᠴᠢᠯᠠᠨ ᠰᠡᠷᠭᠡᠶ᠋ᠢᠯᠡᠬᠦ᠎ᠪᠠᠷ ᠭᠤᠣᠯ ᠪᠣᠯᠭ᠋ᠠᠬᠤ᠂ ᠡᠷᠲᠡ ᠤᠨᠳᠠᠷᠠᠭ᠋ᠠᠬᠤ ᠪᠠᠭ᠎ᠠ ᠲᠡᠭᠡᠷ᠎ᠠ᠎ᠨᠢ ᠤᠨᠳᠠᠷᠠᠭ᠋ᠠᠬᠤ ᠵᠢ ᠪᠠᠷᠢᠮᠳᠠᠯᠠᠵᠤ᠂ ᠬᠦᠮᠦᠨ᠎ᠤ ᠰᠡᠷᠭᠡᠶ᠋ᠢᠯᠡᠯᠳᠠ᠂ ᠪᠣᠳᠠᠰ᠎ᠤᠨ ᠰᠡᠷᠭᠡᠶ᠋ᠢᠯᠡᠯᠳᠠ᠂ ᠮᠡᠷᠭᠡᠵᠢᠯ᠎ᠤᠨ ᠰᠡᠷᠭᠡᠶ᠋ᠢᠯᠡᠯᠳᠠ ᠢᠢ ᠨᠢᠭᠡᠳᠦᠯᠲᠡᠢ ᠲᠥᠯᠥᠪᠵᠢᠭᠦᠯᠵᠦ᠂ ᠡᠷᠲᠡ ᠢᠯᠡᠷᠡᠭᠦᠯᠬᠦ᠂ ᠡᠷᠲᠡ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠴᠢᠩᠭ᠋ᠠᠳᠬᠠᠨ ᠰᠠᠶ᠋ᠢᠵᠢᠷᠠᠭᠤᠯᠵᠤ᠂ ᠬᠥᠮᠦᠨ᠎ᠢ ᠬᠠᠮᠢᠶᠠᠷᠴᠤ᠂ ᠭᠠᠯ᠎ᠢ ᠬᠠᠮᠢᠶᠠᠷᠴᠤ᠂ ᠡᠯ᠎ᠡ ᠲᠦᠷᠦᠯ᠎ᠤᠨ ᠭᠠᠯ᠎ᠤᠨ ᠭᠠᠮᠰᠢᠭ᠎ᠤᠨ ᠭᠡᠮ ᠰᠣᠭᠤᠭ᠎ᠢ ᠪᠦᠲᠦᠮᠵᠢᠲᠡᠢ ᠠᠷᠢᠯᠭ᠋ᠠᠬᠤ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠤᠯᠠᠨ ᠲᠦᠮᠡᠨ᠎ᠤ ᠪᠦᠯᠬᠦᠮ᠎ᠤᠨ ᠠᠵᠢᠯ᠎ᠳᠠᠬᠢ ᠨᠠᠮ᠎ᠤᠨ ᠬᠤᠷᠢᠶ᠎ᠠ ᠵᠢᠨ ᠤᠳᠤᠷᠢᠳᠤᠯᠭ᠎ᠠ ᠵᠢ ᠦᠨᠡᠨ ᠬᠦ᠌ ᠴᠢᠩᠭ᠋ᠠᠳᠬᠠᠵᠤ᠂ ᠤᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠵᠢᠨ ᠠᠵᠢᠯ ᠵᠶ᠋ᠠᠨ ᠥᠷᠨᠢᠭᠦᠯᠬᠦ ᠵᠢ ᠳᠡᠮᠵᠢᠬᠦ ᠪᠠᠶ᠋ᠢᠭᠤᠯᠤᠮᠵᠢ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠥᠪᠡᠷᠲᠡᠭᠡᠨ ᠵᠠᠰᠠᠬᠤ ᠣᠷᠣᠨ᠎ᠤ ᠬᠤᠶᠠᠷ ᠶᠡᠭᠡ ᠶᠠᠪᠤᠳᠠᠯ᠎ᠤᠨ ᠲᠣᠭᠤᠷᠢᠨ᠎ᠳᠤ᠂ ᠲᠤᠰᠤᠯᠳᠠ ᠪᠠ ᠬᠦᠴᠦᠯᠡᠬᠦ ᠴᠡᠭ ᠵᠶ᠋ᠠᠨ ᠣᠨᠣᠪᠴᠢᠲᠠᠶ ᠣᠯᠵᠤ᠂ ᠭᠤᠤᠯ ᠲᠡᠶ᠋ᠢᠨ᠎ᠤ ᠲᠠᠯᠠᠪᠤᠷ᠎ᠲᠤ ᠢᠳᠡᠪᠬᠢᠲᠡᠶ ᠣᠷᠣᠯᠴᠠᠵᠤ᠂ ᠶᠡᠭᠡ ᠲᠠᠯ᠎ᠠ᠎ᠳᠤ ᠨᠠᠩ ᠰᠠᠶ᠋ᠢᠲᠤᠷ ᠦᠢ᠍ᠯᠡᠴᠢᠯᠡᠬᠦ ᠬᠡᠷᠡᠭᠲᠡᠶ᠃ ᠤᠳᠠᠯ ᠦᠭᠡᠢ ᠥᠷᠨᠢᠭᠦᠯᠬᠦ᠎ᠪᠠᠷ ᠪᠠᠶ᠋ᠢᠭ᠎ᠠ ᠭᠤᠣᠯ ᠰᠡᠳᠦᠪᠲᠦ ᠬᠥᠮᠦᠵᠢᠯ᠎ᠲᠠᠢ ᠤᠶᠠᠯᠳᠤᠭᠤᠯᠵᠤ᠂ ᠤᠯᠠᠨ ᠲᠦᠮᠡᠨ᠎ᠤ ᠦᠭᠡ ᠵᠢ ᠢᠯᠡᠭᠦᠬᠡᠨ ᠬᠡᠷᠡᠭᠯᠡᠵᠦ᠂ ᠤᠯᠠᠨ ᠲᠦᠮᠡᠨ᠎ᠤ ᠥᠩᠭᠡᠷᠡᠭᠦᠯᠦᠭᠰᠡᠨ ᠤᠴᠢᠷ ᠶᠠᠪᠤᠳᠠᠯ᠂ ᠳᠡᠷᠭᠡᠳᠡᠬᠢ ᠤᠴᠢᠷ ᠶᠠᠪᠤᠳᠠᠯ᠎ᠢ ᠢᠯᠡᠬᠦᠭᠡᠨ ᠭᠡᠷᠡᠭᠯᠡᠵᠤ ᠲᠣᠭ᠋ᠠᠴᠢᠨ ᠶᠣᠰᠣ ᠶᠠᠷᠢᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠨᠡᠩ ᠦᠨᠡᠨ ᠰᠡᠳᠭᠢᠯ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ ᠪᠣᠯᠭ᠋ᠠᠬᠤ ᠬᠡᠷᠡᠭᠲᠡᠢ᠃ ᠠᠵᠢᠯ᠎ᠤᠨ ᠠᠷᠭ᠎ᠠ ᠬᠡᠯᠪᠡᠷᠢ᠎ᠪᠠᠨ ᠬᠠᠯᠠᠨ ᠰᠠᠶ᠋ᠢᠵᠢᠷᠠᠭᠤᠯᠵᠤ᠂ ᠬᠡᠶ᠋ᠢᠰᠪᠦᠷᠢ ᠵᠦᠯᠢ ᠪᠣᠳᠠᠲᠠᠢ ᠬᠢᠬᠦ ᠵᠢ ᠪᠠᠷᠢᠮᠲᠠᠯᠠᠨ᠂ ᠪᠠᠶ᠋ᠢᠴᠠᠭ᠋ᠠᠨ ᠰᠤᠳᠤᠯᠤᠯᠲᠠ ᠵᠢ ᠶᠡᠭᠡ᠎ᠪᠠᠷ ᠥᠷᠨᠢᠭᠦᠯᠵᠦ᠂ ᠤᠯᠠᠨ ᠲᠦᠮᠡᠨ᠎ᠢ ᠦᠨᠡᠨ ᠪᠣᠳᠠᠲᠠᠢ᠎ᠪᠠᠷ ᠬᠠᠪᠰᠤᠷᠤᠨ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠬᠦ ᠬᠡᠷᠡᠭᠲᠡᠢ ᠭᠡᠵᠤ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃