ᠸᠠᠩ ᠶᠠᠩ ᠬᠤᠷᠠᠯ᠎ᠢ ᠡᠷᠭᠢᠯᠡᠵᠠᠢ
ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠠᠩᠬᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠪᠦᠷᠢᠯᠳᠦᠭᠦᠨ᠂ ᠲᠡᠷᠢᠭᠦᠯᠡᠭᠴᠢᠳ᠎ᠤᠨ ᠪᠦᠯᠭᠦᠮ᠎ᠤᠨ ᠬᠤᠷᠠᠯ ᠡᠷᠭᠢᠯᠡᠭᠴᠢ ᠪᠣᠯᠣᠨ ᠨᠠᠷᠢᠨ ᠪᠢᠴᠢᠭ᠎ᠤᠨ ᠳᠠᠷᠤᠭ᠎ᠠ ᠵᠢᠨ ᠨᠡᠷᠡᠰ ᠵᠢᠴᠢ ᠬᠤᠷᠠᠯ᠎ᠤᠨ ᠵᠥᠪᠯᠡᠭᠦ ᠵᠦᠢ᠍ᠯ ᠵᠡᠷᠭᠡ ᠵᠢ ᠪᠠᠲᠤᠯᠠᠪᠠ
ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠠᠩᠬᠠᠳᠤᠭ᠋ᠠᠷ ᠬᠤᠷᠠᠯ᠎ᠤᠨ ᠪᠡᠯᠡᠳᠬᠡᠯ ᠬᠤᠷᠠᠯ 3᠎ᠤ ᠦᠳᠡ ᠵᠢᠨ ᠬᠤᠶ᠋ᠢᠨ᠎ᠠ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠬᠤᠷᠠᠯᠳᠤᠪᠠ᠃
ᠬᠤᠷᠠᠯ᠎ᠢ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠸᠠᠩ ᠶᠠᠩ ᠡᠷᠭᠢᠯᠡᠵᠠᠢ᠃
ᠬᠤᠷᠠᠯ᠎ᠠᠴᠠ ᠭᠠᠷ ᠡᠷᠭᠦᠨ ᠪᠠᠲᠤᠯᠠᠬᠤ ᠵᠡᠷᠭᠡ ᠠᠷᠭ᠎ᠠ ᠭᠡᠯᠪᠡᠷᠢ᠎ᠪᠠᠷ᠂ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠠᠩᠬᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠪᠦᠷᠢᠯᠳᠦᠭᠦᠨ᠂ ᠲᠡᠷᠢᠭᠦᠯᠡᠭᠴᠢᠳ᠎ᠤᠨ ᠪᠦᠯᠭᠦᠮ᠎ᠤᠨ ᠬᠤᠷᠠᠯ ᠡᠷᠭᠢᠯᠡᠭᠴᠢ ᠪᠣᠯᠣᠨ ᠨᠠᠷᠢᠨ ᠪᠢᠴᠢᠭ᠎ᠤᠨ ᠳᠠᠷᠤᠭ᠎ᠠ ᠵᠢᠨ ᠨᠡᠷᠡᠰ᠂ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠠᠩᠬᠠᠳᠤᠭ᠋ᠠᠷ ᠬᠤᠷᠠᠯ᠎ᠤᠨ ᠵᠥᠪᠯᠡᠭᠦ ᠵᠦᠢ᠍ᠯ ᠪᠣᠯᠣᠨ ᠡᠳᠦᠷ᠎ᠤᠨ ᠳᠠᠷᠠᠭ᠋ᠠᠯᠠᠯ ᠵᠢᠴᠢ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠠᠩᠬᠠᠳᠤᠭ᠋ᠠᠷ ᠬᠤᠷᠠᠯ᠎ᠤᠨ ᠰᠠᠨᠠᠯ ᠳᠤᠷᠠᠳᠤᠯᠭ᠎ᠠ ᠵᠢ ᠬᠢᠨᠠᠨ ᠪᠠᠶ᠋ᠢᠴᠠᠭ᠋ᠠᠬᠤ ᠵᠥᠪᠯᠡᠯ᠎ᠤᠨ ᠨᠡᠷᠡᠰ᠎ᠢ ᠬᠢᠨᠠᠨ ᠵᠥᠪᠯᠡᠵᠦ ᠪᠠᠲᠤᠯᠠᠪᠠ᠃
ᠬᠤᠷᠠᠯ᠎ᠤᠨ ᠵᠥᠪᠯᠡᠭᠦ ᠵᠦᠢ᠍ᠯ ᠳᠠᠭᠤᠰᠤᠭᠰᠠᠨ᠎ᠤ ᠳᠠᠷᠠᠭ᠎ᠠ᠂ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠠᠩᠬᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠬᠤᠷᠠᠯ ᠡᠷᠭᠢᠯᠡᠭᠴᠢ ᠸᠠᠩ ᠬᠤ᠌ ᠨᠢᠩ ᠲᠡᠷᠢᠭᠦᠯᠡᠭᠴᠢ ᠵᠢᠨ ᠲᠠᠶ᠋ᠢᠰᠠᠨ᠎ᠳᠤ ᠭᠠᠷᠴᠤ᠂ ᠠᠳᠡ ᠰᠠᠭᠤᠭ᠎ᠠ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ 2100 ᠭᠠᠷᠤᠢ ᠭᠡᠰᠢᠭᠦᠨ᠎ᠳᠤ ᠪᠡᠶ᠎ᠡ ᠮᠡᠬᠦᠶ᠋ᠢᠨ ᠶᠣᠰᠣ ᠭᠦᠢ᠍ᠴᠡᠳᠬᠡᠵᠦ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠸᠠᠩ ᠶᠠᠩ᠎ᠲᠠᠢ ᠳᠣᠲᠣᠨᠣ᠎ᠪᠠᠷ ᠭᠠᠷ ᠠᠳᠬᠤᠭᠰᠠᠨ ᠪᠥᠭᠡᠳ ᠲᠡᠷᠢᠭᠦᠯᠡᠭᠴᠢᠳ᠎ᠤᠨ ᠲᠠᠶ᠋ᠢᠰᠠᠨ᠎ᠳᠤ ᠰᠠᠭ᠋ᠠᠲᠠᠭᠰᠠᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠨᠠᠷ᠎ᠲᠠᠢ ᠨᠢᠭᠡᠳ ᠨᠢᠭᠡ᠎ᠪᠠᠷ ᠭᠠᠷ ᠠᠳᠬᠤᠪᠠ᠃
ᠸᠠᠩ ᠶᠠᠩ ᠬᠤᠷᠠᠯ ᠲᠡᠭᠦᠰᠬᠦ ᠦᠶ᠎ᠡ᠎ᠳᠤ ᠶᠠᠷᠢᠶ᠎ᠠ ᠲᠠᠯᠪᠢᠪᠠ᠃ ᠲᠡᠷᠡ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠠᠩᠬᠠᠳᠤᠭ᠋ᠠᠷ ᠬᠤᠷᠠᠯ ᠤᠳᠠᠯ ᠦᠭᠡᠢ ᠡᠭᠢᠯᠡᠭᠦ ᠲᠠᠰᠢᠷᠠᠮ᠎ᠳᠤ᠂ ᠪᠢ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠢ ᠲᠥᠯᠥᠭᠡᠯᠡᠵᠦ᠂ ᠰᠢᠨ᠎ᠡ ᠨᠢᠭᠡ ᠬᠤᠭᠤᠴᠠᠭ᠋ᠠᠨ᠎ᠤ ᠤᠯᠤᠰ ᠲᠦᠷᠦ ᠵᠢᠨ ᠵᠥᠪᠯᠡᠯᠭᠡᠨ᠎ᠤ ᠪᠦᠭᠦ ᠭᠡᠰᠢᠭᠦᠳ ᠪᠣᠯᠣᠨ ᠲᠡᠷᠢᠭᠦᠯᠡᠭᠴᠢᠳ᠎ᠤᠨ ᠪᠦᠯᠭᠦᠮ᠎ᠤᠨ ᠪᠦᠷᠢᠯᠳᠦᠭᠦᠨ᠎ᠳᠤ ᠬᠠᠯᠠᠭᠤᠨ ᠪᠠᠶᠠᠷ ᠬᠦᠷᠭᠡᠵᠦ ᠪᠠᠶ᠋ᠢᠨ᠎ᠠ᠃ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠠᠩᠬᠠᠳᠤᠭ᠋ᠠᠷ ᠬᠤᠷᠠᠯ ᠲᠡᠭᠦᠰ ᠠᠮᠵᠢᠯᠲᠠ ᠣᠯᠬᠤ ᠵᠢ ᠴᠢᠩ ᠰᠡᠳᠬᠢᠯ᠎ᠠᠴᠠ᠎ᠪᠠᠨ ᠬᠦᠰᠡᠨ ᠵᠥᠩᠨᠡᠵᠦ᠂ ᠰᠢᠨ᠎ᠡ ᠨᠢᠭᠡ ᠬᠤᠭᠤᠴᠠᠭ᠋ᠠᠨ᠎ᠤ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢᠨ ᠵᠢᠯᠣᠭᠤᠳᠤᠯᠭ᠎ᠠ ᠳᠣᠣᠷ᠎ᠠ᠂ ᠤᠷᠢᠳᠤᠬᠢ ᠵᠢ ᠵᠠᠯᠭ᠋ᠠᠮᠵᠢᠯᠠᠨ ᠬᠤᠶ᠋ᠢᠲᠤᠬᠢ ᠵᠢ ᠰᠡᠩᠬᠡᠷᠡᠭᠦᠯᠵᠦ᠂ ᠤᠷᠢᠳᠤᠬᠢ ᠵᠢ ᠵᠠᠯᠭ᠋ᠠᠮᠵᠢᠯᠠᠨ ᠬᠤᠶ᠋ᠢᠲᠤᠬᠢ᠎ᠳᠤ ᠵᠠᠮ ᠨᠡᠭᠡᠭᠡᠵᠦ᠂ ᠰᠢᠨ᠎ᠡ ᠠᠶᠠᠨ᠎ᠳᠠᠭᠠᠨ ᠡᠷᠡᠮᠡᠬᠡᠶ᠋ᠢᠯᠡᠨ ᠤᠷᠤᠭᠰᠢᠯᠠᠵᠤ᠂ ᠰᠢᠨ᠎ᠡ ᠭᠢᠯᠠᠯᠵᠠᠮ᠎ᠠ ᠠᠮᠵᠢᠯᠲᠠ ᠵᠢ ᠣᠯᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ᠎ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠭᠦ ᠵᠢ ᠴᠢᠩ ᠰᠡᠳᠬᠢᠯ᠎ᠠᠴᠠ᠎ᠪᠠᠨ ᠬᠦᠰᠡᠨ ᠵᠥᠩᠨᠡᠵᠦ ᠪᠠᠶ᠋ᠢᠨ᠎ᠠ ᠭᠡᠵᠡᠢ᠃
ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠵᠠᠩ ᠴᠢᠩ ᠯᠢ᠂ ᠯᠢᠦ ᠴᠢ ᠪᠦᠦ᠂ ᠫᠠᠪᠠᠯᠠ · ᠭᠧᠯᠤᠭ᠌ᠨᠠᠮᠵᠢᠯ᠂ ᠸᠠᠨ ᠭᠠᠩ᠂ ᠾᠧ ᠾᠧᠦ ᠬᠤᠸᠠ᠂ ᠯᠦ᠍ ᠵᠠᠨ ᠭᠦᠩ᠂ ᠮᠠ ᠪᠢᠶᠣᠣ᠂ ᠴᠧᠨ ᠰᠢᠶᠣᠣ ᠭᠤᠸᠠᠩ᠂ ᠯᠢᠶᠠᠩ ᠵᠧᠨ ᠶᠢᠩ᠂ ᠰᠢᠶᠠ ᠪᠦᠦ ᠯᠦᠩ᠂ ᠶᠠᠩ ᠴᠤᠸᠠᠨ ᠲᠠᠩ᠂ ᠯᠢ ᠪᠢᠨ᠂ ᠪᠠᠭ᠋ᠠᠲᠤᠷ᠂ ᠸᠠᠩ ᠶᠦᠩ ᠴᠢᠩ᠂ ᠾᠧ ᠯᠢ ᠹᠧᠩ᠂ ᠰᠦ᠍ ᠬᠤᠢ᠂ ᠵᠧᠩ ᠵᠢᠶᠠᠨ ᠪᠠᠩ᠂ ᠭᠦ᠋ ᠱᠧᠩ ᠽᠦ᠍᠂ ᠯᠢᠦ ᠰᠢᠨ ᠴᠧᠩ᠂ ᠾᠧ ᠸᠧᠢ᠂ ᠱᠤᠤ ᠬᠤᠩ᠂ ᠭᠤᠤ ᠶᠦᠨ ᠯᠦᠩ ᠬᠤᠷᠠᠯ᠎ᠳᠤ ᠣᠷᠣᠯᠴᠠᠪᠠ᠃ (ᠰᠢᠨᠬᠤᠸᠠ ᠬᠤᠷᠢᠶᠠᠨ᠎ᠤ ᠪᠡᠭᠡᠵᠢᠩ᠎ᠤᠨ 3 ᠰᠠᠷ᠎ᠠ ᠵᠢᠨ 3᠎ᠤ ᠴᠠᠭᠢᠯᠭ᠋ᠠᠨ ᠮᠡᠳᠡᠭᠡ)