ᠤᠢ᠌ᠷ᠎ᠠ᠎ᠳᠤ᠂ ᠦᠪᠡᠷᠲᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠡ ᠬᠢᠭᠡᠳ 《ᠰᠢᠷᠭᠤᠯᠵᠢ》 ᠪᠦᠯᠦᠭᠯᠡᠯ ᠪᠠᠢ᠌ᠯᠳᠤᠬᠤ ᠪᠤᠳᠤᠯᠭ᠎ᠠ ᠵᠢᠨ ᠬᠠᠮᠳᠤᠷᠠᠯᠴᠠᠭ᠋ᠠᠨ᠎ᠤ ᠵᠦᠪᠯᠡᠯᠴᠡᠭᠡᠷ ᠲᠤᠭᠲᠠᠵᠤ᠂ ᠢᠷᠡᠬᠦ 3 ᠵᠢᠯ᠎ᠳᠤ ᠲᠤᠰ ᠪᠦᠯᠦᠭᠯᠡᠯ ᠮᠠᠨ᠎ᠤ ᠤᠷᠤᠨ᠎ᠤ ᠬᠤᠯᠠᠨ ᠰᠢᠷᠭ᠎ᠠ ᠳᠠᠭ᠎ᠠ ᠵᠢᠨ ᠬᠡᠪᠴᠢᠶᠡᠵᠢᠬᠦᠯᠢᠭᠰᠡᠨ ᠤᠢ ᠰᠢᠭᠤᠢ ᠵᠢᠨ ᠲᠠᠯᠠᠪᠠᠢ ᠵᠢᠨ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠍ᠭᠤᠯᠤᠯᠲᠠ᠎ᠳᠤ 1 ᠳ᠋ᠦᠩᠰᠢᠭᠤᠷ ᠲᠦᠬᠦᠷᠢᠭ᠎ᠤᠨ ᠪᠡᠯᠡ ᠮᠦᠩᠭᠦ ᠬᠠᠨᠳᠢᠪᠯᠠᠵᠤ᠂ ᠤᠢ ᠰᠢᠭᠤᠢ ᠪᠠ ᠨᠤᠲᠤᠭ ᠪᠡᠯᠴᠢᠭᠡᠷ᠎ᠤᠨ ᠠᠮᠢ ᠠᠬᠤᠢ ᠵᠢ ᠰᠡᠷᠭᠦᠭᠡᠬᠦ ᠪᠠ ᠬᠠᠮᠠᠭ᠋ᠠᠯᠠᠬᠤ᠂ ᠡᠯᠡᠰᠦᠷᠬᠡᠭᠵᠢᠭᠰᠡᠨ ᠭᠠᠵᠠᠷ ᠰᠢᠷᠤᠢ ᠵᠢ ᠵᠠᠰᠠᠬᠤ᠎ᠳᠤ ᠬᠡᠷᠡᠭᠯᠡᠵᠤ᠂ ᠤᠢ ᠰᠢᠭᠤᠢ ᠪᠠ ᠨᠤᠲᠤᠭ ᠪᠡᠯᠴᠢᠭᠡᠷ᠎ᠤᠨ ᠠᠵᠤ ᠦᠢ᠍ᠯᠡᠰ ᠤᠨ ᠬᠦᠭᠵᠢᠯᠲᠡ ᠪᠠ ᠮᠡᠯᠴᠢᠨ ᠲᠠᠷᠢᠶᠠᠴᠢᠨ᠎ᠤ ᠤᠷᠤᠯᠭ᠎ᠠ ᠵᠢᠨ ᠨᠡᠮᠡᠭᠳᠡᠯ᠎ᠳᠤ ᠬᠦᠴᠦᠨ ᠨᠡᠮᠡᠷᠢᠯᠡᠬᠦ ᠪᠤᠯᠤᠨ᠎ᠡ ᠭᠡᠪᠡ᠃
ᠵᠦᠪᠯᠡᠯᠴᠡᠭᠡᠷ᠎ᠢ ᠦᠨᠳᠦᠰᠦᠯᠡᠪᠡᠯ᠂ ᠬᠤᠶᠠᠷ ᠲᠠᠯ᠎ᠠ᠎ᠪᠠᠷ ᠵᠶ᠋ᠠᠨ 《ᠠᠮᠢ ᠠᠬᠤᠢ ᠵᠢ ᠤᠷᠢᠳᠠᠪᠡᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠭᠦᠯᠬᠦ᠎ᠪᠠᠷ ᠤᠳᠤᠷᠢᠳᠤᠮᠵᠢ ᠪᠤᠯᠭ᠋ᠠᠬᠤ᠂ ᠬᠠᠮᠲᠤᠷᠠᠯᠴᠠᠵᠤ ᠬᠠᠮᠲᠤ᠎ᠪᠠᠷ ᠠᠰᠢᠭ ᠬᠦᠷᠲᠡᠬᠦ》 ᠵᠠᠷᠴᠢᠮ ᠶᠤᠰᠤᠭ᠋ᠠᠷ᠂ ᠠᠮᠢ ᠠᠬᠤᠢ ᠵᠢᠨ ᠬᠠᠮᠠᠭ᠋ᠠᠯᠠᠯᠲᠠ᠂ ᠪᠤᠬᠢᠷᠳᠤᠯ ᠦᠭᠡᠢ ᠨᠡᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ᠂ ᠲᠤᠭ᠋ᠠᠴᠢᠯᠠᠭᠰᠠᠨ ᠠᠵᠤ ᠠᠬᠤᠢ᠂ ᠲᠦᠭᠡᠮᠡᠯ ᠬᠦᠷᠲᠡᠭᠡᠮᠵᠢ᠎ᠲᠤ ᠮᠦᠩᠭᠦᠨ ᠭᠦᠢ᠍ᠯᠭᠡᠭᠡᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠡᠷᠭᠡ ᠬᠦᠷᠢᠶᠡᠨ᠎ᠳᠤ ᠬᠠᠮᠳᠤᠷᠠᠯᠴᠠᠭ᠋ᠠᠨ᠎ᠤ ᠤᠷᠤᠨ ᠵᠠᠢ ᠵᠢ ᠴᠢᠨᠠᠭᠰᠢᠲᠠ ᠦᠷᠭᠡᠳᠭᠡᠵᠤ᠂ ᠬᠠᠮᠲᠤᠷᠠᠯᠴᠠᠭ᠋ᠠᠨ᠎ᠤ ᠲᠤᠭᠲᠠᠴᠠ ᠵᠢ ᠲᠡᠭᠦᠯᠳᠡᠷᠵᠢᠭᠦᠯᠤᠨ᠂ ᠬᠠᠮᠲᠤᠷᠠᠯᠴᠠᠭ᠋ᠠᠨ᠎ᠤ ᠦᠷ᠎ᠡ ᠪᠦᠲᠦᠮᠵᠢ ᠵᠢ ᠲᠡᠭᠡᠭᠰᠢᠯᠡᠭᠦᠯᠬᠦ ᠪᠤᠯᠤᠨ᠎ᠠ᠃
ᠤᠢ᠌ᠯᠠᠭ᠋ᠠᠭᠰᠠᠨ ᠵᠶ᠋ᠠᠷ᠂ 2016 ᠤᠨ᠎ᠠᠴᠠ ᠨᠠᠭ᠋ᠠᠰᠢ 《ᠰᠢᠷᠭᠤᠯᠵᠢ》 ᠪᠦᠯᠦᠭᠯᠡᠯ 《ᠰᠢᠷᠭᠤᠯᠵᠢ ᠵᠢᠨ ᠤᠢ》 ᠨᠡᠢ᠌ᠲᠡ ᠵᠢᠨ ᠠᠰᠠᠷᠠᠮᠵᠢ ᠵᠢᠨ ᠤᠢ᠌ᠵᠢᠭᠤᠯᠤᠯᠳᠠ ᠵᠢᠨ ᠲᠦᠷᠦᠯ ᠵᠦᠢ᠍ᠯ᠎ᠢ ᠬᠡᠷᠡᠭᠵᠢᠭᠦᠯᠵᠤ᠂ ᠳᠤᠮᠳᠠᠳᠤ ᠤᠯᠤᠰ᠎ᠤᠨ ᠨᠤᠭᠤᠭ᠋ᠠᠷᠠᠭᠤᠯᠤᠯᠲᠠ ᠵᠢᠨ ᠰᠠᠭᠤᠷᠢ ᠮᠦᠩᠭᠦᠨ᠎ᠤ ᠨᠡᠢ᠌ᠭᠡᠮᠯᠢᠭ ᠵᠶ᠋ᠠᠷ ᠳᠠᠮᠵᠢᠭᠤᠯᠤᠨ᠂ ᠦᠪᠦᠷ ᠮᠤᠩᠭᠤᠯ᠎ᠤᠨ ᠠᠮᠢ ᠠᠬᠤᠢ ᠵᠢᠨ ᠪᠦᠲᠦᠭᠡᠨ ᠪᠠᠢ᠍ᠭᠤᠯᠤᠯᠲᠠ᠎ᠳᠤ 7 ᠳ᠋ᠦᠩᠰᠢᠭᠤᠷ ᠭᠠᠷᠤᠢ ᠲᠦᠭᠦᠷᠢᠭ᠎ᠤᠨ ᠪᠡᠯᠡ ᠮᠦᠩᠭᠦ ᠬᠠᠨᠳᠢᠪᠯᠠᠵᠤ᠂ ᠡᠭᠦᠨ᠎ᠳᠤ ᠠᠯᠠᠱ᠌ᠠ ᠠᠢ᠌ᠮᠠᠭ᠂ ᠤᠷᠳᠤᠰ ᠬᠤᠲᠠ᠂ ᠪᠠᠶᠠᠨᠨᠠᠭᠤᠷ ᠬᠤᠲᠠ᠂ ᠬᠦᠬᠡᠬᠤᠲᠠ᠂ ᠤᠯᠠᠭ᠋ᠠᠨᠴᠠᠪ ᠬᠤᠲᠠ᠂ ᠬᠢᠩᠭ᠋ᠠᠨ ᠠᠢ᠍ᠮᠠᠭ᠂ ᠤᠯᠠᠭ᠋ᠠᠨᠬᠠᠳᠠ ᠬᠤᠲᠠ᠂ ᠲᠦᠩᠯᠢᠶᠤᠤ ᠬᠤᠲᠠ᠂ ᠰᠢᠯᠢ ᠵᠢᠨ ᠭᠤᠤᠯ ᠠᠢ᠌ᠮᠠᠭ ᠵᠡᠷᠭᠡ 9 ᠠᠢ᠌ᠮᠠᠭ ᠬᠤᠲᠠ ᠵᠢᠨ 35 ᠬᠤᠰᠢᠭᠤ ᠰᠢᠶᠠᠨ ᠲᠤᠭᠤᠷᠢᠭ᠎ᠲᠤ ᠵᠠᠭ ᠮᠤᠳᠤ᠂ ᠡᠯᠡᠰᠦᠨ ᠪᠤᠷᠭ᠋ᠠᠰᠤ᠂ ᠪᠤᠲᠠ ᠴᠡᠴᠡᠭ᠂ ᠴᠢᠴᠠᠷᠭ᠋ᠠᠨ᠎ᠠ᠂ ᠤᠯᠠᠭ᠋ᠠᠨ ᠪᠤᠷᠭ᠋ᠠᠰᠤ᠂ ᠤᠯᠢᠶᠠᠰᠤ᠂ ᠨᠠᠢ᠌ᠯᠠᠵᠠᠭᠤᠷ ᠮᠤᠳᠤ᠂ ᠬᠠᠢ᠌ᠯᠠᠰᠤᠨ ᠮᠤᠳᠤ᠂ ᠬᠠᠢ᠌ᠯᠠᠷ ᠨᠠᠷᠠᠰᠤ᠂ ᠭᠠᠴᠤᠷ᠎ᠠ᠂ ᠲᠤᠤᠷᠠᠢ ᠵᠡᠷᠭᠡ 1.4 ᠳ᠋ᠦᠩᠰᠢᠭᠤᠷ ᠰᠠᠭᠤᠷᠢ ᠤᠷᠭᠤᠮᠠᠯ ᠮᠤᠳᠤᠨ᠎ᠤ ᠦᠷ᠎ᠡ ᠬᠠᠨᠳᠢᠪᠯᠠᠵᠤ᠂ ᠶᠡᠷᠦᠩᠬᠡᠢ ᠲᠠᠯᠠᠪᠠᠢ᠎ᠨᠢ 150 ᠲᠦᠮᠡ ᠮᠦ᠍ ᠵᠢ ᠳᠠᠪᠠᠪᠠ᠃ ᠢᠯᠠᠩᠭᠤᠶ᠎ᠠ 2020 ᠣᠨ᠎ᠠᠴᠠ ᠨᠠᠭ᠋ᠠᠰᠢ᠂ ᠤᠯᠤᠰ᠎ᠤᠨ ᠬᠦᠭᠵᠢᠬᠦᠯᠦᠯᠳᠡ ᠪᠠ ᠦᠭᠡᠷᠡᠴᠢᠯᠡᠯᠳᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠲᠤᠷᠰᠢᠯᠳᠠ ᠬᠢᠭᠰᠡᠨ ᠥᠪᠥᠷ ᠮᠣᠩᠭᠤᠯ ᠤᠨ ᠬᠤᠯᠠᠨ ᠰᠢᠷᠭ᠎ᠠ ᠳᠠᠭ᠎ᠠ ᠵᠢᠨ ᠬᠡᠪᠴᠢᠶᠡᠵᠢᠬᠦᠯᠦᠭᠰᠡᠨ ᠣᠶ ᠰᠢᠭᠤᠢ ᠵᠢᠨ ᠲᠠᠯᠠᠪᠠᠶ᠎ᠳᠤ 4300 ᠭᠠᠷᠤᠢ ᠲᠦᠮᠡᠨ ᠲᠦᠭᠦᠷᠢᠭ᠎ᠤᠨ ᠪᠡᠯᠡ ᠮᠥᠩᠭᠦ ᠬᠠᠨᠳᠢᠪᠯᠡᠵᠤ᠂ ᠬᠡᠰᠢᠭᠳᠡᠨ ᠬᠤᠰᠢᠭᠤ᠂ ᠳᠣᠯᠣᠨ ᠨᠤᠤᠷ ᠰᠢᠶᠠᠨ᠂ ᠰᠢᠯᠤᠭᠤᠨ ᠬᠥᠬᠡ ᠬᠤᠰᠢᠭᠤᠨ᠎ᠳᠤ ᠨᠠᠢ᠌ᠯᠵᠠᠭᠤᠷ ᠮᠤᠳᠤ᠂ ᠴᠢᠴᠠᠷᠭ᠋ᠠᠨ᠎ᠠ᠂ ᠬᠠᠢ᠌ᠯᠠᠰᠤᠨ ᠮᠣᠳᠣ᠂ ᠬᠠᠢ᠌ᠯᠠᠷ ᠨᠠᠷᠠᠰᠤ᠂ ᠭᠠᠴᠤᠷ᠎ᠠ ᠵᠡᠷᠭᠡ 480 ᠲᠦᠮᠡᠨ ᠰᠠᠭᠤᠷᠢ ᠮᠤᠳᠤᠨ᠎ᠤ ᠲᠥᠷᠥᠯ᠎ᠢ ᠳᠠᠷᠢᠵᠤ᠂ ᠲᠠᠯᠠᠪᠠᠶ᠎ᠨᠢ 4.5 ᠲᠦᠮᠡᠨ ᠮᠦ᠍ ᠬᠦᠷᠦᠭᠰᠡᠨ ᠪᠥᠭᠡᠳ ᠮᠠᠰᠢᠨ ᠵᠶ᠋ᠠᠷ ᠤᠢ᠌ᠵᠢᠭᠤᠯᠬᠤ᠂ ᠤᠶᠤᠨᠴᠢ᠎ᠪᠠᠷ ᠬᠢᠨᠠᠨ ᠬᠡᠮᠵᠢᠬᠦ ᠵᠡᠷᠭᠡ ᠣᠲᠣ ᠦᠶ᠎ᠡ ᠵᠢᠨ ᠤᠢ᠌ᠵᠢᠭᠤᠯᠬᠤ ᠮᠡᠷᠭᠡᠵᠢᠯ᠎ᠤᠨ ᠲᠤᠷᠰᠢᠯᠲᠠ ᠵᠢᠨ ᠵᠢᠱ᠌ᠢᠶ᠎ᠡ ᠦᠵᠡᠬᠦᠯᠬᠦ ᠵᠢ ᠢᠳᠡᠪᠬᠢᠲᠡᠢ ᠦᠷᠨᠢᠭᠦᠯᠪᠡ᠃ ᠡᠳᠡᠭᠡᠷ ᠨᠡᠢ᠌ᠲᠡ ᠵᠢᠨ ᠠᠰᠠᠷᠠᠮᠵᠢ ᠵᠢᠨ ᠲᠦᠷᠦᠯ ᠵᠦᠢ᠍ᠯ᠎ᠢ ᠬᠡᠷᠡᠭᠵᠢᠬᠦᠯᠦᠭᠰᠡᠨ᠎ᠨᠢ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ ᠭᠡᠬᠦ ᠤᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠰᠠᠢ᠌ᠬᠠᠨᠳᠠᠪᠠᠭᠠ ᠵᠢᠨ ᠵᠣᠷᠢᠭ ᠰᠠᠨᠠᠭ᠎ᠠ ᠵᠢ ᠪᠠᠳᠠᠷᠠᠭᠤᠯᠤᠨ᠂ ᠮᠠᠨ᠎ᠤ ᠤᠷᠤᠨ᠎ᠤ ᠨᠤᠭᠤᠭ᠋ᠠᠷᠠᠭᠤᠯᠤᠯᠳᠠ ᠵᠢ ᠨᠡᠮᠡᠭᠳᠡᠬᠦᠯᠵᠦ᠂ ᠲᠤᠬᠠᠢ ᠵᠢᠨ ᠭᠠᠵᠠᠷ᠎ᠤᠨ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ᠂ 《ᠰᠢᠷᠭᠤᠯᠵᠢ》 ᠪᠦᠯᠦᠭᠯᠡᠯ᠎ᠤᠨ ᠨᠡᠢ᠌ᠲᠡ ᠵᠢᠨ ᠠᠰᠠᠷᠠᠮᠵᠢ ᠵᠢᠨ ᠬᠠᠷᠢᠭᠤᠴᠠᠯᠭ᠎ᠠ ᠡᠭᠦᠷᠭᠡᠯᠡᠯ᠎ᠢ ᠭᠦᠢ᠍ᠴᠡᠳ ᠬᠠᠷᠠᠭᠤᠯᠤᠭᠰᠠᠨ ᠪᠠᠢ᠌ᠨ᠎ᠠ᠃
ᠡᠨᠡ ᠵᠢᠯ᠎ᠤᠨ ᠮᠤᠳᠤ ᠲᠠᠷᠢᠬᠤ ᠡᠳᠦᠷ᠎ᠤᠨ ᠬᠤᠭᠤᠴᠠᠭ᠋ᠠᠨ᠎ᠳᠤ᠂ ᠦᠪᠡᠷᠲᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠡ ᠳᠤᠮᠳᠠᠳᠤ ᠤᠯᠤᠰ᠎ᠤᠨ ᠬᠦᠳᠡᠭᠡ ᠲᠤᠰᠬᠤᠨ᠎ᠤ ᠬᠦᠭᠵᠢᠯᠲᠡ ᠵᠢᠨ ᠰᠠᠭᠤᠷᠢ ᠮᠦᠩᠭᠦᠨ᠎ᠤ ᠨᠡᠢ᠌ᠭᠡᠮᠯᠢᠭ᠂ 《ᠰᠢᠷᠭᠤᠯᠵᠢ》 ᠪᠦᠯᠦᠭᠯᠡᠯ᠎ᠲᠠᠢ ᠬᠠᠮᠲᠤᠷᠠᠨ 《ᠬᠠᠪᠤᠷ᠎ᠤᠨ ᠰᠠᠬᠢᠶ᠎ᠠ · ᠦᠵᠡᠰᠬᠦᠯᠡᠩᠲᠤ ᠰᠠᠢ᠌ᠬᠠᠨ ᠦᠪᠦᠷ ᠮᠤᠩᠭᠤᠯ》 ᠠᠵᠢᠯᠯᠠᠭ᠎ᠠ ᠦᠷᠨᠢᠭᠦᠯᠵᠤ᠂ 1 ᠳ᠋ᠦᠩᠰᠢᠭᠤᠷ ᠭᠠᠷᠤᠢ ᠬᠦᠮᠦᠨ (ᠤᠳᠠᠭ᠎ᠠ) ᠭᠠᠷ ᠤᠲᠠᠰᠤ᠎ᠪᠠᠷ ᠵᠶ᠋ᠠᠨ ᠭᠠᠴᠤᠷ᠎ᠠ 《ᠤᠰᠤᠯᠠᠪᠠ》᠃ 《ᠰᠢᠷᠭᠤᠯᠵᠢ ᠵᠢᠨ ᠤᠢ》᠎ᠨᠢ ᠰᠦᠯᠵᠢᠶᠡᠨ ᠠᠨᠳᠠ ᠨᠠᠷ᠎ᠤᠨ ᠤᠨ᠎ᠤ 《ᠤᠰᠤᠯᠠᠭᠰᠠᠨ》 ᠶᠡᠷᠦᠩᠬᠡᠢ ᠬᠡᠮᠵᠢᠶ᠎ᠡ ᠵᠢ ᠦᠨᠳᠦᠰᠦᠯᠡᠨ᠂ 4 ᠰᠠᠷ᠎ᠠ ᠵᠢᠨ 22᠎ᠤ ᠡᠳᠦᠷ᠎ᠤᠨ 《ᠳᠡᠯᠡᠬᠡᠢ ᠵᠢᠨ ᠪᠦᠮᠪᠦᠷᠴᠡᠭ᠎ᠤᠨ ᠡᠳᠦᠷ》᠎ᠲᠤ ᠬᠤᠯᠠᠨ ᠰᠢᠷᠭ᠎ᠠ ᠳᠠᠭ᠎ᠠ ᠵᠢᠨ ᠬᠡᠪᠴᠢᠶᠡᠵᠢᠭᠦᠯᠦᠭᠰᠡᠨ ᠤᠢ ᠰᠢᠭᠤᠢ ᠵᠢᠨ ᠲᠠᠯᠠᠪᠠᠢ ᠵᠢᠨ ᠬᠡᠰᠢᠭᠲᠡᠨ ᠬᠤᠰᠢᠭᠤᠨ᠎ᠤ ᠬᠤᠪᠢᠶᠠᠷᠢ ᠲᠠᠯᠠᠪᠠᠢ᠎ᠳᠤ 4.4 ᠲᠦᠮᠡᠨ ᠰᠠᠭᠤᠷᠢ ᠭᠠᠴᠤᠷ᠎ᠠ ᠲᠠᠷᠢᠬᠤ ᠪᠤᠯᠤᠨ᠎ᠠ᠃