ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠤᠷᠢᠶ᠎ᠠ᠎ᠠᠴᠠ 《ᠥᠪᠥᠷ ᠮᠣᠩᠭᠤᠯ᠎ᠤᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ 〈ᠠᠮᠢ ᠠᠬᠤᠢ ᠵᠢᠨ ᠪᠠᠶ᠋ᠢᠴᠠᠭ᠋ᠠᠯᠲᠠ ᠵᠢᠨ ᠭᠤᠷᠪᠠᠨ ᠶᠡᠭᠡ ᠬᠠᠮᠵᠢᠯᠴᠠᠭ᠋ᠠᠨ᠎ᠤ ᠨᠢᠭᠡᠳᠦᠯᠲᠡᠢ ᠠᠵᠢᠯᠯᠠᠭ᠎ᠠ〉 ᠵᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠭᠤᠷᠪᠠᠨ ᠵᠢᠯ᠎ᠤᠨ ᠬᠤᠭᠤᠴᠠᠭ᠎ᠠ᠎ᠲᠠᠢ ᠠᠮᠢ ᠠᠬᠤᠢ ᠵᠢᠨ ᠪᠠᠶ᠋ᠢᠴᠠᠭ᠋ᠠᠯᠲᠠ ᠵᠢᠨ ᠭᠤᠷᠪᠠᠨ ᠶᠡᠭᠡ ᠬᠠᠮᠵᠢᠯᠴᠠᠭ᠋ᠠᠨ᠎ᠤ ᠨᠢᠭᠡᠳᠦᠯᠲᠡᠢ ᠠᠵᠢᠯᠯᠠᠭ᠎ᠠ ᠵᠢ ᠪᠠᠶ᠋ᠢᠷᠢᠯᠠᠭᠤᠯᠤᠨ ᠥᠷᠨᠢᠭᠦᠯᠵᠦ᠂ ᠬᠠᠮᠲᠤᠷᠠᠨ ᠬᠠᠮᠵᠢᠯᠴᠠᠵᠤ ᠬᠠᠮᠲᠤ᠎ᠪᠠᠷ ᠵᠠᠰᠠᠬᠤ ᠵᠢ ᠴᠢᠩᠭ᠋ᠠᠳᠬᠠᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ ᠪᠣᠢ᠃
《ᠬᠡᠷᠡᠭᠵᠢᠭᠦᠯᠬᠦ ᠰᠠᠨᠠᠯ》᠎ᠢ ᠦᠨᠳᠦᠰᠦᠯᠡᠪᠡᠯ᠂ ᠪᠥᠬᠦ ᠣᠷᠣᠨ᠎ᠤ ᠪᠠᠶ᠋ᠢᠴᠠᠭ᠋ᠠᠬᠤ ᠪᠠᠶ᠋ᠢᠭᠤᠯᠭ᠎ᠠ᠎ᠨᠤᠭᠤᠳ ᠠᠭᠤᠯᠠᠨ ᠣᠶ᠂ ᠭᠤᠣᠯ ᠮᠥᠷᠡᠨ ᠨᠠᠭᠤᠷ ᠪᠦᠷᠢᠳᠦ᠂ ᠨᠤᠲᠤᠭ ᠪᠡᠯᠴᠢᠭᠡᠷ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠲᠣᠭᠤᠷᠢᠨ᠎ᠳᠤ᠂ ᠶᠡᠭᠡ ᠬᠢᠩᠭ᠋ᠠᠨ ᠳᠠᠪᠠᠭ᠎ᠠ ᠵᠢᠨ ᠰᠢᠭᠤᠶ᠋ᠢᠲᠤ ᠣᠷᠣᠨ ᠵᠶ᠋ᠠᠷ ᠭᠤᠣᠯ ᠲᠠᠯᠠᠪᠤᠷ ᠪᠣᠯᠭ᠋ᠠᠭᠰᠠᠨ᠂ ᠬᠥᠯᠥᠨ ᠪᠤᠶ᠋ᠢᠷ ᠬᠤᠲᠠ᠂ ᠬᠢᠩᠭ᠋ᠠᠨ ᠠᠶ᠋ᠢᠮᠠᠭ᠂ ᠲᠦᠩᠯᠢᠶᠣᠣ ᠬᠤᠲᠠ᠂ ᠤᠯᠠᠭ᠋ᠠᠨᠬᠠᠳᠠ ᠬᠤᠲᠠ ᠵᠡᠷᠭᠡ ᠳᠥᠷᠪᠡᠨ ᠭᠠᠵᠠᠷ᠎ᠤᠨ ᠪᠠᠶ᠋ᠢᠴᠠᠭ᠋ᠠᠬᠤ ᠪᠠᠶ᠋ᠢᠭᠤᠯᠭ᠎ᠠ᠎ᠪᠠᠷ ᠭᠤᠣᠯ ᠬᠦᠴᠦᠨ ᠪᠣᠯᠭ᠋ᠠᠭᠰᠠᠨ ᠠᠭᠤᠯᠠᠨ ᠣᠶ ᠵᠢᠨ ᠬᠠᠮᠠᠭ᠋ᠠᠯᠠᠯᠲᠠ ᠵᠢᠨ ᠬᠠᠮᠵᠢᠯᠴᠠᠭ᠋ᠠᠨ᠎ᠤ ᠣᠷᠣᠨ᠎ᠢ ᠪᠠᠶ᠋ᠢᠭᠤᠯᠤᠨ᠎ᠠ; ᠬᠠᠳᠤᠨ ᠭᠤᠣᠯ ᠬᠢᠭᠡᠳ 《ᠬᠥᠯᠥᠨ ᠨᠠᠭᠤᠷ ᠤᠯᠠᠭ᠋ᠠᠨᠰᠤᠬᠠᠢ ᠳᠠᠭ᠎ᠠ ᠵᠢᠨ ᠨᠠᠭᠤᠷ》 ᠵᠶ᠋ᠠᠷ ᠭᠤᠣᠯ ᠲᠠᠯᠠᠪᠤᠷ ᠪᠣᠯᠭ᠋ᠠᠭᠰᠠᠨ᠂ ᠬᠠᠳᠤᠨ ᠭᠤᠣᠯ᠎ᠤᠨ ᠤᠷᠤᠰᠬᠠᠯ ᠳᠠᠭ᠋ᠠᠤ ᠵᠢᠨ ᠲᠤᠯᠤᠭ᠋ᠠᠨ ᠠᠶ᠋ᠢᠮᠠᠭ ᠬᠤᠳᠠ ᠪᠠ ᠬᠥᠯᠥᠨ ᠪᠣᠶ᠋ᠢᠷ ᠬᠤᠳᠠ᠂ ᠤᠯᠠᠭ᠋ᠠᠨᠴᠠᠪ ᠬᠤᠳᠠ᠂ ᠪᠠᠶᠠᠨᠨᠠᠭᠤᠷ ᠬᠤᠳᠠ ᠵᠡᠷᠭᠡ ᠭᠠᠵᠠᠷ᠎ᠤᠨ ᠪᠠᠶ᠋ᠢᠴᠠᠭ᠋ᠠᠬᠤ ᠪᠠᠶ᠋ᠢᠭᠤᠯᠭ᠎ᠠ᠎ᠪᠠᠷ ᠭᠤᠣᠯ ᠬᠦᠴᠦᠨ ᠪᠣᠯᠭ᠋ᠠᠭᠰᠠᠨ ᠭᠤᠣᠯ ᠮᠥᠷᠡᠨ ᠨᠠᠭᠤᠷ ᠪᠦᠷᠢᠳᠦ ᠵᠢᠨ ᠬᠠᠮᠠᠭ᠋ᠠᠯᠠᠯᠲᠠ ᠵᠢᠨ ᠬᠠᠮᠵᠢᠯᠴᠠᠭ᠋ᠠᠨ᠎ᠤ ᠲᠣᠭᠤᠷᠢᠭ᠎ᠢ ᠪᠠᠶ᠋ᠢᠭᠤᠯᠤᠨ᠎ᠠ; ᠬᠥᠯᠥᠨ ᠪᠤᠶ᠋ᠢᠷ᠎ᠤᠨ ᠲᠠᠯ᠎ᠠ ᠪᠡᠯᠴᠢᠭᠡᠷ᠂ ᠰᠢᠯᠢ ᠵᠢᠨ ᠭᠤᠣᠯ᠎ᠤᠨ ᠲᠠᠯ᠎ᠠ ᠨᠤᠲᠤᠭ ᠵᠶ᠋ᠠᠷ ᠭᠤᠣᠯ ᠲᠠᠯᠠᠪᠤᠷ ᠪᠣᠯᠭ᠋ᠠᠭᠰᠠᠨ᠂ ᠲᠤᠬᠠᠢ ᠵᠢᠨ ᠭᠠᠵᠠᠷ᠎ᠤᠨ ᠪᠠᠶ᠋ᠢᠴᠠᠭ᠋ᠠᠬᠤ ᠪᠠᠶ᠋ᠢᠭᠤᠯᠭ᠎ᠠ᠎ᠪᠠᠷ ᠭᠤᠣᠯ ᠬᠦᠴᠦᠨ ᠪᠣᠯᠭ᠋ᠠᠭᠰᠠᠨ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠬᠠᠮᠵᠢᠯᠴᠠᠭ᠋ᠠᠨ᠎ᠤ ᠣᠷᠣᠨ᠎ᠢ ᠪᠠᠶ᠋ᠢᠭᠤᠯᠵᠤ᠂ ᠪᠦᠬᠦ ᠣᠷᠣᠨ᠎ᠤ ᠪᠠᠶ᠋ᠢᠴᠠᠭ᠋ᠠᠬᠤ ᠪᠠᠶ᠋ᠢᠭᠤᠯᠭ᠎ᠠ ᠵᠢ ᠬᠠᠮᠤᠷᠤᠭᠰᠠᠨ ᠠᠮᠢ ᠠᠬᠤᠢ ᠵᠢᠨ ᠪᠠᠶ᠋ᠢᠴᠠᠭ᠋ᠠᠯᠲᠠ ᠵᠢᠨ 《ᠶᠡᠭᠡ ᠬᠠᠮᠵᠢᠯᠴᠠᠭ᠎ᠠ》 ᠵᠢᠨ ᠬᠠᠮᠠᠭ᠋ᠠᠯᠠᠯᠲᠠ ᠵᠢᠨ ᠵᠠᠭᠪᠤᠷ᠎ᠢ ᠪᠤᠢ ᠪᠣᠯᠭ᠋ᠠᠨ᠎ᠠ᠃
ᠪᠥᠬᠦ ᠣᠷᠣᠨ᠎ᠤ ᠪᠠᠶ᠋ᠢᠴᠠᠭ᠋ᠠᠬᠤ ᠪᠠᠶ᠋ᠢᠭᠤᠯᠭ᠎ᠠ᠎ᠨᠤᠭᠤᠳ ᠠᠭᠤᠯᠠᠨ ᠣᠢ ᠵᠢᠨ ᠬᠠᠮᠠᠭ᠋ᠠᠯᠠᠯᠲᠠ᠂ ᠭᠤᠣᠯ ᠮᠥᠷᠡᠨ ᠨᠠᠭᠤᠷ ᠪᠦᠷᠢᠳᠦ ᠵᠢᠨ ᠬᠠᠮᠠᠭ᠋ᠠᠯᠠᠯᠲᠠ᠂ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠭᠡᠬᠦ ᠭᠤᠷᠪᠠᠨ ᠶᠡᠭᠡ ᠬᠠᠮᠵᠢᠯᠴᠠᠭ᠋ᠠᠨ᠎ᠤ ᠣᠷᠣᠨ᠎ᠳᠤ ᠲᠦᠰᠢᠭᠯᠡᠨ᠂ ᠬᠠᠮᠵᠢᠯᠴᠠᠬᠤ ᠠᠵᠢᠯᠯᠠᠭ᠎ᠠ ᠵᠢᠨ ᠭᠤᠣᠯᠳᠠᠯᠭ᠎ᠠ᠎ᠲᠠᠢ ᠡᠭᠦᠷᠭᠡ ᠵᠢ ᠲᠣᠳᠣᠷᠬᠠᠶ᠋ᠢᠯᠠᠵᠤ᠂ ᠰᠦᠪᠡᠭᠴᠢ ᠵᠢ ᠪᠠᠶ᠋ᠢᠴᠠᠭ᠋ᠠᠨ ᠲᠣᠳᠣᠯᠠᠬᠤ᠂ ᠬᠡᠷᠡᠭ ᠪᠣᠯᠭ᠋ᠠᠨ ᠳᠡᠩᠰᠡᠯᠡᠵᠦ ᠪᠠᠶ᠋ᠢᠴᠠᠭ᠋ᠠᠬᠤ᠂ ᠣᠷᠣᠨ ᠪᠦᠰᠡ ᠠᠯᠤᠰᠯᠠᠨ ᠬᠡᠷᠡᠭ ᠰᠢᠢ᠍ᠳᠪᠦᠷᠢᠯᠡᠬᠦ ᠵᠡᠷᠭᠡ ᠠᠵᠢᠯ᠎ᠤᠳ᠎ᠢ ᠰᠠᠨᠠᠭ᠋ᠠᠴᠢᠯᠠᠭ᠎ᠠ᠎ᠠᠴᠠ᠎ᠪᠠᠨ ᠥᠷᠨᠢᠭᠦᠯᠦᠨ᠎ᠡ᠃ ᠡᠭᠦᠨ᠎ᠤ ᠬᠠᠮᠲᠤ᠂ ᠬᠠᠮᠵᠢᠯᠴᠠᠭ᠋ᠠᠨ᠎ᠤ ᠠᠵᠢᠯᠯᠠᠭ᠎ᠠ ᠵᠢᠨ ᠨᠡᠪᠲᠡᠷᠡᠯᠴᠡᠬᠦ ᠲᠣᠭᠲᠠᠴᠠ ᠵᠢ ᠰᠢᠯᠢᠳᠡᠭᠵᠢᠭᠦᠯᠵᠦ᠂ ᠡᠯ᠎ᠡ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠲᠠᠢ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠦᠷᠢᠶᠡᠨ᠎ᠳᠠᠬᠢ ᠴᠢᠬᠤᠯᠠ ᠠᠵᠢᠯ᠎ᠤᠨ ᠪᠠᠶ᠋ᠢᠷᠢᠯᠠᠭᠤᠯᠤᠯᠲᠠ᠂ ᠴᠢᠬᠤᠯᠠ ᠶᠡᠭᠡ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠦᠯᠲᠡ᠂ ᠴᠢᠬᠤᠯᠠ ᠶᠡᠭᠡ ᠬᠡᠷᠡᠭ ᠶᠠᠪᠤᠳᠠᠯ᠎ᠤᠨ ᠰᠢᠢ᠍ᠳᠪᠦᠷᠢᠯᠡᠯᠲᠡ ᠵᠡᠷᠭᠡ ᠲᠠᠯ᠎ᠠ ᠵᠢᠨ ᠮᠡᠳᠡᠭᠡ ᠵᠠᠩᠭᠢ ᠵᠢ ᠵᠠᠷᠯᠠᠨ ᠮᠡᠳᠡᠭᠡᠯᠡᠬᠦ ᠵᠢ ᠴᠢᠩᠭ᠋ᠠᠳᠬᠠᠨ᠎ᠠ᠃
ᠡᠭᠦᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠤᠷᠢᠶ᠎ᠠ᠎ᠠᠴᠠ ᠠᠭᠤᠯᠠᠨ ᠣᠢ ᠵᠢᠨ ᠬᠠᠮᠠᠭ᠋ᠠᠯᠠᠯᠲᠠ᠂ ᠭᠤᠣᠯ ᠮᠥᠷᠡᠨ ᠨᠠᠭᠤᠷ ᠪᠦᠷᠢᠳᠦ ᠵᠢᠨ ᠬᠠᠮᠠᠭ᠋ᠠᠯᠠᠯᠲᠠ᠂ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠬᠠᠮᠵᠢᠯᠴᠠᠭ᠋ᠠᠨ᠎ᠤ ᠨᠢᠭᠡᠳᠦᠯᠲᠡᠢ ᠠᠵᠢᠯᠯᠠᠭ᠎ᠠ ᠵᠢᠨ ᠬᠤᠪᠢᠶᠠᠷᠢ ᠲᠥᠰᠥᠯ᠎ᠢ ᠲᠣᠰ ᠲᠣᠰ᠎ᠲᠤᠨᠢ ᠨᠡᠶ᠋ᠢᠲᠡᠯᠡᠵᠦ᠂ ᠠᠮᠢ ᠠᠬᠤᠢ ᠣᠷᠴᠢᠨ ᠲᠣᠭᠤᠷᠢᠨ᠎ᠢ ᠡᠪᠳᠡᠭᠰᠡᠨ ᠭᠤᠣᠯᠳᠠᠯᠭ᠎ᠠ᠎ᠲᠠᠢ ᠠᠰᠠᠭᠤᠳᠠᠯ᠎ᠤᠳ᠎ᠢ ᠴᠢᠩᠭ᠎ᠠ ᠠᠩᠬᠠᠷᠴᠤ᠂ ᠬᠠᠷᠠᠯᠲᠠ ᠡᠭᠦᠷᠭᠡ᠎ᠪᠠᠨ ᠨᠠᠷᠢᠯᠢᠭᠵᠢᠭᠤᠯᠤᠨ᠂ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠶ᠋ᠢᠯᠠᠵᠤ᠂ ᠠᠵᠢᠯᠯᠠᠬᠤ ᠠᠷᠭ᠎ᠠ᠎ᠪᠠᠨ ᠨᠢᠭᠡᠳᠬᠡᠵᠦ᠂ ᠬᠠᠮᠲᠤᠷᠠᠨ ᠬᠠᠮᠵᠢᠯᠴᠠᠵᠤ ᠬᠠᠮᠲᠤ᠎ᠪᠠᠷ ᠵᠠᠰᠠᠬᠤ ᠵᠢ ᠠᠬᠢᠭᠤᠯᠤᠨ᠎ᠠ᠃