ᠰᠢ ᠵᠢᠨ ᠫᠢᠩ ᠨᠡᠶ᠋ᠢᠰᠯᠡᠯ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠬᠤ᠎ᠳᠠᠭᠠᠨ ᠴᠢᠬᠤᠯᠠᠴᠢᠯᠠᠭᠰᠠᠨ᠎ᠨᠢ ᠣᠶ᠋ᠢᠵᠢᠭᠤᠯᠵᠤ ᠨᠣᠭᠣᠭ᠋ᠠᠷᠠᠭᠤᠯᠬᠤ ᠥᠷᠨᠢᠯᠲᠡ ᠭᠠᠷᠭ᠋ᠠᠵᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠴᠤᠭᠴᠠᠯᠠᠶ᠎ᠠ
ᠯᠢ ᠴᠢᠶᠠᠩ ᠵᠤᠤ ᠯᠸ ᠵᠢᠢ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠪᠠ᠃
ᠰᠢᠨᠬᠤᠸᠠ ᠬᠣᠷᠢᠶᠠᠨ᠎ᠤ ᠪᠡᠭᠡᠵᠢᠩ᠎ᠤᠨ 4 ᠰᠠᠷ᠎ᠠ ᠵᠢᠨ 4᠎ᠤ ᠡᠳᠦᠷ᠎ᠤᠨ ᠮᠡᠳᠡᠭᠡ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ 4᠎ᠤ ᠡᠳᠦᠷ᠎ᠤᠨ ᠦᠳᠡ ᠵᠢᠨ ᠡᠮᠦᠨ᠎ᠡ ᠨᠡᠶ᠋ᠢᠰᠯᠡᠯ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠬᠤ᠎ᠳᠠᠭᠠᠨ ᠴᠢᠬᠤᠯᠠᠴᠢᠯᠠᠭᠰᠠᠨ᠎ᠨᠢ᠂ ᠤᠷᠢᠬᠠᠨ ᠬᠠᠪᠤᠷ ᠰᠠᠭ᠋ᠠᠲᠠᠵᠤ᠂ ᠮᠣᠳᠣ ᠳᠠᠷᠢᠬᠤ ᠤᠯᠠᠷᠢᠯ ᠪᠤᠯᠤᠭᠰᠠᠨ ᠪᠠᠶ᠋ᠢᠨ᠎ᠠ᠃ ᠵᠢᠯ ᠪᠦᠷᠢ ᠵᠢᠨ ᠡᠨᠡ ᠦᠶ᠎ᠡ᠎ᠳᠤ᠂ ᠮᠠᠨ᠎ᠤ ᠤᠯᠤᠰ᠎ᠤᠨ ᠡᠯ᠎ᠡ ᠭᠠᠵᠠᠷ ᠤᠷᠤᠨ᠎ᠳᠤ ᠣᠶ᠋ᠢᠵᠢᠭᠤᠯᠵᠤ ᠨᠣᠭᠣᠭ᠋ᠠᠷᠠᠭᠤᠯᠬᠤ ᠥᠷᠨᠢᠯᠲᠡ ᠪᠤᠢ ᠪᠤᠯᠳᠠᠭ᠃ ᠥᠨᠥᠳᠦᠷ᠂ ᠪᠢᠳᠡ ᠬᠠᠮᠲᠤ᠎ᠪᠠᠷ ᠮᠣᠳᠣ ᠲᠠᠷᠢᠬᠤ᠎ᠳᠤ ᠣᠷᠣᠯᠴᠠᠵᠤ ᠪᠠᠶ᠋ᠢᠭ᠎ᠠ᠎ᠨᠢ ᠤᠯᠠᠨ ᠵᠶ᠋ᠠᠷ ᠵᠶ᠋ᠠᠨ ᠬᠥᠳᠡᠯᠦᠯᠴᠡᠵᠦ᠂ ᠥᠷᠭᠡᠨ ᠠᠭᠤᠳᠠᠮ ᠡᠬᠡ ᠭᠠᠵᠠᠷ᠎ᠲᠤ ᠨᠣᠮᠢᠨ ᠨᠣᠭᠣᠭ᠋ᠠᠨ ᠦᠩᠬᠡ ᠨᠡᠮᠡᠷᠢᠯᠡᠬᠦ᠎ᠪᠠᠷ ᠪᠠᠷᠠᠬᠤ ᠦᠬᠡᠢ᠂ ᠥᠷᠭᠡᠨ ᠤᠯᠠᠨ ᠠᠷᠠᠳ ᠲᠦᠮᠡᠨ᠎ᠤ ᠰᠡᠳᠬᠢᠯ᠎ᠳᠤ ᠨᠤᠭᠤᠭ᠋ᠠᠷᠠᠭᠤᠯᠤᠯᠳᠠ ᠵᠢᠨ ᠤᠢ᠌ᠯᠠᠭ᠋ᠠᠭᠳᠠᠬᠤᠨ᠎ᠢ ᠪᠤᠢ ᠪᠤᠯᠭ᠋ᠠᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠬᠠᠮᠲᠤ᠎ᠪᠠᠷ ᠪᠦᠳᠦᠭᠡᠨ ᠪᠠᠶ᠋ᠢᠭᠤᠯᠬᠤ ᠵᠢ ᠤᠷᠢᠶᠠᠯᠠᠵᠤ ᠪᠠᠶ᠋ᠢᠨ᠎ᠠ᠃
ᠪᠡᠭᠡᠵᠢᠩ ᠬᠤᠳᠠ ᠵᠢᠨ ᠲᠡᠭᠦᠷᠭᠡ᠎ᠳᠤ ᠬᠠᠪᠤᠷ᠎ᠤᠨ ᠬᠤᠷ᠎ᠠ ᠪᠠᠭᠤᠵᠤ᠂ ᠠᠮᠢᠵᠢᠷᠠᠯ᠎ᠤᠨ ᠬᠦᠴᠦᠨ ᠪᠢᠯᠬᠠᠨ᠎ᠠ᠃ ᠦᠳᠡ ᠵᠢᠨ ᠡᠮᠦᠨᠡᠬᠢ 10 ᠴᠠᠭ 30 ᠮᠢᠨᠦ᠋ᠲ᠎ᠤᠨ ᠦᠶ᠎ᠡ᠎ᠪᠠᠷ᠂ ᠨᠠᠮ ᠪᠣᠯᠤᠨ ᠲᠦᠷᠦ ᠵᠢᠨ ᠤᠳᠤᠷᠢᠳᠬᠤ ᠬᠥᠮᠦᠨ ᠰᠢ ᠵᠢᠨ ᠫᠢᠩ᠂ ᠯᠢ ᠴᠢᠶᠠᠩ᠂ ᠵᠤᠤ ᠯᠸ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠡᠷ ᠬᠠᠮᠲᠤ᠎ᠪᠠᠷ ᠮᠠᠰᠢᠨ ᠲᠡᠷᠭᠡᠨ᠎ᠳᠤ ᠰᠠᠭᠤᠵᠤ᠂ ᠪᠣᠷᠣᠭ᠋ᠠᠨ᠎ᠤ ᠳᠤᠮᠳᠠᠭᠤᠷ ᠪᠡᠭᠡᠵᠢᠩ ᠬᠤᠳᠠ ᠵᠢᠨ ᠴᠤᠤᠶᠠᠩ ᠲᠣᠭᠣᠷᠢᠭ᠎ᠤᠨ ᠳ᠋ᠦᠩ ᠪᠠ ᠲᠦᠪ ᠴᠡᠴᠡᠷᠯᠢᠭ᠎ᠤᠨ ᠮᠣᠳᠣ ᠲᠠᠷᠢᠬᠤ ᠴᠡᠭ᠎ᠲᠤ ᠬᠦᠷᠴᠦ᠂ ᠨᠡᠶ᠋ᠢᠰᠯᠡᠯ᠎ᠤᠨ ᠤᠯᠠᠨ ᠲᠦᠮᠡᠨ᠎ᠲᠠᠢ ᠬᠠᠮᠲᠤ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠪᠠ᠃
![]()
4 ᠰᠠᠷ᠎ᠠ ᠵᠢᠨ 4᠎ᠤ ᠡᠳᠦᠷ᠂ ᠨᠠᠮ ᠪᠠ ᠲᠥᠷᠥ ᠵᠢᠨ ᠤᠳᠤᠷᠢᠳᠬᠤ ᠬᠥᠮᠦᠨ ᠰᠢ ᠵᠢᠨ ᠫᠢᠩ᠂ ᠯᠢ ᠴᠢᠶᠠᠩ᠂ ᠵᠣᠣ ᠯᠸ ᠵᠢᠶ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠡᠷ ᠪᠣᠷᠣᠭ᠋ᠠᠨ᠎ᠤ ᠳᠤᠮᠳᠠᠭᠤᠷ ᠪᠡᠭᠡᠵᠢᠩ ᠬᠣᠲᠠ ᠵᠢᠨ ᠴᠤᠤᠶᠠᠩ ᠲᠣᠭᠣᠷᠢᠭ᠎ᠤᠨ ᠳ᠋ᠦᠩ ᠪᠠ ᠲᠦᠪ ᠴᠡᠴᠡᠷᠯᠢᠭ᠎ᠲᠤ ᠬᠦᠷᠴᠦ ᠨᠡᠶ᠋ᠢᠰᠯᠡᠯ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠪᠠ᠃ ᠵᠢᠷᠤᠭ ᠪᠣᠯ ᠰᠢ ᠵᠢᠨ ᠫᠢᠩ ᠣᠯᠠᠨ᠎ᠲᠠᠢ ᠬᠠᠮᠲᠤ᠎ᠪᠠᠷ ᠮᠣᠳᠣ ᠳᠠᠷᠢᠵᠤ ᠪᠠᠶ᠋ᠢᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠵᠢᠤᠢ ᠫᠸᠩ ᠰᠡᠭᠦᠳᠡᠷᠯᠡᠪᠡ
ᠮᠣᠳᠣ ᠲᠠᠷᠢᠭᠰᠠᠨ ᠭᠠᠵᠠᠷ᠎ᠨᠢ ᠬᠣᠶ᠋ᠢᠲᠤ ᠰᠢᠶᠤᠤ ᠾᠧ ᠭᠤᠤᠯ ᠪᠠ ᠪᠠ ᠾᠧ ᠭᠤᠤᠯ᠎ᠤᠨ ᠠᠭᠤᠯᠵᠠᠷ᠎ᠤᠨ ᠳ᠋ᠦᠩ ᠪᠠ ᠲᠥᠪ ᠴᠡᠴᠡᠷᠯᠢᠭ᠎ᠲᠤ ᠪᠠᠶ᠋ᠢᠷᠢᠯᠠᠵᠤ᠂ ᠲᠠᠯᠠᠪᠠᠶ᠎ᠨᠢ ᠪᠠᠷᠤᠭ 300 ᠮᠥ᠍ ᠪᠠᠶ᠋ᠢᠳᠠᠭ᠃ ᠲᠤᠰ ᠭᠠᠵᠠᠷ ᠤᠤᠯ᠎ᠨᠢ ᠳ᠋ᠦᠩ ᠪᠠ ᠰᠢᠶᠠᠩ᠎ᠤᠨ ᠳ᠋ᠦᠩ ᠹᠸᠩ ᠲᠣᠰᠬᠣᠨ᠎ᠤ ᠪᠠᠶ᠋ᠢᠭ᠎ᠠ ᠭᠠᠵᠠᠷ ᠪᠠᠶ᠋ᠢᠵᠠᠢ᠂ ᠨᠡᠭᠦᠯᠭᠡᠬᠦ ᠪᠠ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠎ᠪᠠᠷ ᠳᠠᠮᠵᠢᠨ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠵᠶ᠋ᠠᠷ ᠣᠨᠴᠠᠯᠢᠭ ᠪᠣᠯᠭ᠋ᠠᠭᠰᠠᠨ ᠠᠮᠢ ᠠᠬᠤᠢ ᠵᠢᠨ ᠣᠷᠣᠨ ᠵᠠᠢ ᠵᠢ ᠲᠥᠯᠥᠪᠵᠢᠭᠦᠯᠦᠨ ᠪᠠᠶ᠋ᠢᠭᠤᠯᠵᠤ ᠪᠠᠶ᠋ᠢᠨ᠎ᠠ᠃ ᠳ᠋ᠦᠩ ᠪᠠ ᠲᠦᠪ ᠴᠡᠴᠡᠷᠯᠢᠭ᠎ᠲᠤ᠂ ᠠᠯᠪᠠᠨ ᠵᠢᠷᠤᠮ᠎ᠤᠨ ᠮᠣᠳᠣ ᠲᠠᠷᠢᠬᠤ᠎ᠳᠤ ᠣᠷᠣᠯᠴᠠᠭᠰᠠᠨ ᠨᠡᠶ᠋ᠢᠰᠯᠡᠯ᠎ᠤᠨ ᠺᠠᠳ᠋ᠷ ᠣᠯᠠᠨ ᠲᠦᠮᠡᠨ᠂ ᠪᠠᠭ᠋ᠠᠴᠤᠳ᠎ᠤᠨ ᠬᠣᠰᠢᠭᠤᠴᠢ ᠠᠩᠭᠢ ᠵᠢᠨ ᠭᠡᠰᠢᠭᠦᠳ ᠬᠥᠷ ᠬᠥᠭᠵᠢᠶᠡᠨ᠎ᠲᠠᠢ ᠮᠤᠳᠤ ᠲᠠᠷᠢᠵᠤ ᠪᠤᠢ᠃
ᠶᠡᠷᠦᠩᠬᠡᠢ ᠱᠦᠵᠢ ᠢᠷᠡᠭᠰᠡᠨ᠎ᠢ ᠦᠵᠡᠭᠡᠳ᠂ ᠤᠯᠠᠨ ᠵᠶ᠋ᠠᠷ ᠵᠶ᠋ᠠᠨ ᠶᠡᠷᠦᠩᠬᠡᠢ ᠱᠦᠵᠢ ᠵᠢᠨ ᠠᠮᠤᠷ᠎ᠢ ᠠᠰᠠᠭᠤᠵᠤ ᠪᠠᠶ᠋ᠢᠯ᠎ᠠ᠃ ᠰᠢ ᠵᠢᠨ ᠫᠢᠩ ᠪᠣᠷᠣᠭ᠋ᠠᠨ᠎ᠤ ᠴᠤᠪᠠ ᠨᠥᠮᠥᠷᠴᠦ᠂ ᠬᠦᠷᠵᠡ ᠠᠳᠬᠤᠨ ᠮᠣᠳᠣ ᠲᠠᠷᠢᠬᠤ ᠭᠠᠵᠠᠷ᠎ᠲᠤ ᠬᠦᠷᠴᠦ᠂ ᠪᠡᠭᠡᠵᠢᠩ ᠬᠤᠳᠠ ᠵᠢᠨ ᠪᠠ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ᠎ᠲᠠᠢ ᠬᠠᠮᠲᠤ ᠮᠣᠳᠣ ᠲᠠᠷᠢᠬᠤ᠎ᠳᠤ ᠣᠷᠣᠯᠴᠠᠪᠠ᠃
![]()
ᠮᠣᠳᠣ ᠲᠠᠷᠢᠭᠰᠠᠨ᠎ᠤ ᠲᠠᠷᠠᠭ᠎ᠠ᠂ ᠲᠤᠬᠠᠢ ᠵᠢᠨ ᠲᠠᠯᠠᠪᠠᠢ᠎ᠳᠤ ᠪᠠᠶ᠋ᠢᠭᠰᠠᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ ᠪᠣᠯᠤᠨ ᠺᠠᠳ᠋ᠷ ᠤᠯᠠᠨ ᠲᠦᠮᠡᠨ ᠬᠦᠷᠢᠶᠡᠯᠡᠨ ᠢᠷᠡᠪᠡ᠃ ᠰᠢ ᠵᠢᠨ ᠫᠢᠩ ᠤᠯᠠᠨ᠎ᠳᠤ᠂ ᠮᠠᠨ᠎ᠤ ᠤᠯᠤᠰ᠎ᠤᠨ ᠬᠥᠮᠦᠨ᠎ᠤ ᠬᠦᠴᠦ᠎ᠪᠠᠷ ᠣᠶ᠋ᠢᠵᠢᠭᠤᠯᠬᠤ ᠬᠡᠪᠴᠢᠶ᠎ᠡ ᠳᠡᠯᠡᠬᠡᠢ᠎ᠳᠤ ᠲᠡᠷᠢᠭᠦᠯᠡᠵᠦ ᠪᠠᠶ᠋ᠢᠬᠤ ᠪᠥᠭᠡᠳ ᠦᠷᠭᠦᠯᠵᠢᠯᠡᠨ ᠤᠢ᠌ᠵᠢᠭᠤᠯᠤᠯᠳᠠ ᠬᠢᠵᠦ ᠪᠠᠶ᠋ᠢᠨ᠎ᠠ᠃ ᠳᠡᠯᠡᠬᠡᠢ ᠵᠢᠨ ᠪᠥᠮᠪᠥᠷᠴᠡᠭ᠎ᠤᠨ ᠨᠣᠭᠣᠭ᠋ᠠᠷᠠᠭᠤᠯᠤᠯᠲᠠ᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠰᠠᠶ᠋ᠢᠵᠢᠷᠠᠭᠤᠯᠬᠤ᠎ᠳᠤ ᠳᠤᠮᠳᠠᠳᠤ ᠤᠯᠤᠰ᠎ᠤᠨ ᠬᠤᠪᠢ ᠨᠡᠮᠡᠷᠢ ᠮᠠᠰᠢ ᠶᠡᠬᠡ ᠪᠤᠢ᠂ ᠳᠤᠮᠳᠠᠳᠤ ᠤᠯᠤᠰ᠎ᠤᠨ ᠠᠷᠠᠳ ᠲᠦᠮᠡᠨ᠎ᠤ ᠭᠠᠪᠢᠶ᠎ᠠ ᠵᠢ ᠪᠠᠯᠠᠯᠵᠤ ᠪᠣᠯᠬᠤ ᠦᠭᠡᠢ᠃ ᠣᠢ ᠰᠢᠭᠤᠶ ᠪᠣᠯ ᠤᠰᠤᠨ ᠴᠥᠭᠥᠷᠥᠮ᠂ ᠵᠣᠭᠣᠰ᠎ᠤᠨ ᠬᠥᠮᠥᠷᠭᠡ᠂ ᠠᠮᠤ ᠪᠤᠳᠠᠭ᠋ᠠᠨ᠎ᠤ ᠬᠥᠮᠥᠷᠭᠡ ᠮᠥᠨ᠂ ᠪᠠᠰᠠ ᠴᠤ᠌ ᠨᠡᠭᠦᠷᠡᠰᠦᠲᠥ᠋ᠷᠥᠭᠴᠢ ᠵᠢᠨ ᠬᠥᠮᠥᠷᠭᠡ ᠮᠥᠨ᠃ ᠮᠣᠳᠣ ᠲᠠᠷᠢᠵᠤ ᠣᠶ᠋ᠢᠵᠢᠭᠤᠯᠬᠤ ᠪᠣᠯ ᠮᠠᠰᠢ ᠶᠡᠬᠡ ᠠᠴᠢ ᠬᠣᠯᠪᠣᠭᠳᠠᠯ᠎ᠲᠠᠢ ᠶᠠᠪᠤᠳᠠᠯ ᠮᠥᠨ᠂ ᠤᠳᠤ ᠦᠶ᠎ᠡ᠎ᠳᠤ ᠭᠠᠪᠢᠶ᠎ᠠ ᠪᠠᠶ᠋ᠢᠭᠤᠯᠵᠤ ᠮᠢᠩᠭ᠋ᠠᠨ ᠦᠶ᠎ᠡ᠎ᠳᠤ ᠠᠰᠢᠭ ᠬᠦᠷᠲᠡᠭᠡᠬᠦ ᠡᠷᠬᠢᠮ ᠳᠡᠭᠡᠳᠦ ᠦᠢ᠍ᠯᠡᠰ ᠮᠥᠨ᠂ ᠡᠭᠦᠨ᠎ᠢ ᠢᠮᠠᠭᠲᠠ ᠲᠤᠤᠱᠯᠠᠭᠤᠯᠵᠤ᠂ ᠦᠷᠭᠦᠯᠵᠢᠯᠡᠨ ᠬᠢᠬᠦ ᠬᠡᠷᠡᠭᠲᠡᠢ᠃
ᠲᠡᠷᠡ ᠬᠡᠯᠡᠬᠦ᠎ᠳᠡᠭᠡᠨ᠂ ᠪᠢ ᠨᠠᠮ᠎ᠤᠨ ᠶᠡᠷᠦᠩᠬᠡᠶ ᠱᠦᠵᠢ ᠵᠢᠨ ᠲᠤᠰᠢᠶᠠᠯ᠎ᠢ ᠡᠭᠦᠷᠭᠡᠯᠡᠭᠰᠡᠨ᠎ᠠᠴᠠ ᠨᠠᠰᠢ ᠮᠣᠳᠣ ᠳᠠᠷᠢᠬᠤ ᠠᠵᠢᠯᠯᠠᠭ᠎ᠠ᠎ᠳᠤ ᠠᠷᠪᠠᠨ ᠨᠢᠭᠡᠳᠡᠬᠢ ᠤᠳᠠᠭ᠎ᠠ ᠣᠷᠣᠯᠴᠠᠵᠤ ᠪᠠᠶ᠋ᠢᠨ᠎ᠠ᠂ ᠲᠥᠪ ᠬᠣᠷᠢᠶᠠᠨ᠎ᠳᠤ ᠠᠵᠢᠯᠯᠠᠭᠰᠠᠨ᠎ᠠᠴᠠ ᠨᠠᠰᠢ ᠣᠷᠣᠯᠴᠠᠭᠰᠠᠨ ᠤᠳᠠᠭ᠎ᠠ ᠵᠢ ᠪᠤᠳᠤᠪᠠᠯ ᠨᠢᠭᠡᠨᠲᠡ ᠠᠷᠪᠠᠨ ᠵᠢᠷᠭᠤᠭ᠎ᠠ ᠤᠳᠠᠭ᠎ᠠ ᠪᠣᠯᠤᠭᠰᠠᠨ ᠪᠥᠭᠡᠳ ᠹᠦᠵᠢᠶᠠᠨ᠂ ᠵᠧᠵᠢᠶᠠᠩ᠂ ᠱᠠᠩᠬᠠᠶ᠎ᠳᠤ ᠠᠵᠢᠯᠯᠠᠵᠤ ᠪᠠᠶ᠋ᠢᠬᠤ ᠬᠤᠭᠤᠴᠠᠭ᠋ᠠᠨ᠎ᠳᠤ ᠪᠢ ᠪᠦᠷ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠭᠰᠠᠨ ᠶᠤᠮ ᠭᠡᠵᠡᠶ᠃ ᠲᠡᠷᠡ ᠲᠤᠬᠠᠢ ᠵᠢᠨ ᠲᠠᠯᠠᠪᠠᠢ᠎ᠳᠤ ᠪᠠᠶ᠋ᠢᠭᠰᠠᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ᠂ ᠲᠠ ᠨᠠᠷ ᠴᠤ᠌ ᠠᠪᠤ ᠡᠵᠢ ᠪᠣᠯᠤᠭᠰᠠᠨ ᠬᠣᠶ᠋ᠢᠨ᠎ᠠ᠂ ᠦᠷ᠎ᠡ ᠬᠣᠶ᠋ᠢᠴᠢᠰ ᠵᠶ᠋ᠠᠨ ᠦᠷᠭᠦᠯᠵᠢᠯᠡᠨ ᠮᠣᠳᠣ ᠲᠠᠷᠢᠭᠤᠯᠵᠤ᠂ ᠤᠯᠠᠮᠵᠢᠯᠠᠨ ᠬᠦᠭᠵᠢᠬᠦᠯᠵᠦ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠬᠤ ᠬᠡᠷᠡᠭᠲᠡᠢ ᠭᠡᠪᠡ᠃
![]()
ᠰᠢ ᠵᠢᠨ ᠫᠢᠩ᠂ ᠪᠢ ᠪᠡᠭᠡᠵᠢᠩ᠎ᠳᠤ ᠥᠰᠦᠭᠰᠡᠨ ᠶᠤᠮ᠂ ᠮᠢᠨᠦ ᠨᠤᠲᠤᠭ᠎ᠤᠨ ᠮᠥᠷᠥᠭᠡᠳᠦᠯ᠎ᠤᠨ ᠣᠯᠠᠩᠬᠢ᠎ᠨᠢ ᠮᠣᠳᠣ᠎ᠲᠠᠢ ᠬᠣᠯᠪᠣᠭ᠎ᠠ᠎ᠲᠠᠢ ᠶᠤᠮ᠃ ᠥᠩᠭᠡᠷᠡᠭᠡᠭᠰᠡᠨ᠎ᠳᠤ ᠬᠠᠭᠤᠴᠢᠨ ᠪᠡᠭᠡᠵᠢᠩ᠎ᠤᠨ ᠳᠥᠷᠪᠡᠯᠵᠢᠨ ᠬᠦᠷᠢᠶᠡᠨ᠎ᠳᠤ ᠯᠠᠪ ᠬᠣᠩᠭᠣᠷᠴᠠᠭ᠎ᠲᠤ ᠮᠣᠳᠣ᠂ ᠱᠠᠪᠲᠠᠯ᠎ᠠ ᠵᠢᠨ ᠮᠣᠳᠣ᠂ ᠡᠰᠡᠬᠦᠯ᠎ᠡ ᠬᠠᠢ᠌ᠲᠠᠩ᠂ ᠠᠨᠠᠷ᠂ ᠴᠢᠪᠠᠭ᠎ᠠ ᠵᠢᠨ ᠮᠣᠳᠣ ᠵᠡᠷᠭᠡ ᠲᠠᠷᠢᠳᠠᠭ᠃ ᠥᠩᠭᠡᠷᠡᠭᠰᠡᠨ᠎ᠳᠤ ᠪᠡᠭᠡᠵᠢᠩ᠎ᠳᠤ ᠤᠳᠠ ᠤᠯᠢᠶᠠᠰᠤ ᠨᠡᠯᠢᠶᠡᠳ ᠠᠷᠪᠢᠨ ᠳᠠᠷᠢᠵᠤ ᠪᠠᠶ᠋ᠢᠵᠠᠶ᠂ ᠤᠴᠢᠷ᠎ᠨᠢ ᠪᠡᠭᠡᠵᠢᠩ᠎ᠳᠤ ᠤᠳᠠ ᠤᠯᠢᠶᠠᠰᠤ ᠳᠠᠷᠢᠬᠤ᠎ᠳᠤ ᠲᠤᠬᠢᠷᠠᠮᠵᠢᠳᠠᠢ᠃ ᠤᠳᠤᠬᠠᠨ᠎ᠳᠤ ᠰᠢᠯᠮᠦᠤᠰᠦᠲᠦ ᠮᠤᠳᠤᠨ᠎ᠤ ᠥᠷᠭᠡᠨ ᠨᠠᠪᠴᠢᠲᠦ ᠣᠶ ᠵᠢᠨ ᠬᠠᠷᠢᠴᠠᠯ᠎ᠢ ᠰᠠᠶ᠋ᠢᠲᠤᠷ ᠤᠶᠠᠯᠳᠤᠭᠤᠯᠵᠤ᠂ ᠲᠡᠭᠦᠨ᠎ᠢ ᠠᠮᠢᠳᠤ ᠪᠣᠳᠠᠰ᠎ᠤᠨ ᠬᠡᠯᠬᠢᠶ᠎ᠡ᠂ ᠠᠮᠢ ᠠᠬᠤᠶ ᠵᠢᠨ ᠬᠡᠯᠬᠢᠶ᠎ᠡ ᠵᠢᠨ ᠱᠠᠭ᠋ᠠᠷᠳᠠᠯᠭ᠎ᠠ᠎ᠳᠤ ᠨᠠᠩ ᠨᠡᠶ᠋ᠢᠴᠡᠭᠦᠯᠬᠦ ᠵᠢ ᠠᠩᠬᠠᠷᠬᠤ ᠬᠡᠷᠡᠭᠲᠡᠶ᠃ ᠨᠣᠭᠣᠭ᠋ᠠᠷᠠᠭᠤᠯᠤᠯᠲᠠ ᠵᠢᠨ ᠰᠠᠭᠤᠷᠢᠨ ᠳᠡᠭᠡᠷ᠎ᠡ ᠭᠤᠶᠤᠵᠢᠭᠤᠯᠬᠤ ᠠᠵᠢᠯ᠎ᠢ ᠴᠢᠩᠭ᠋ᠠᠳᠬᠠᠵᠤ᠂ ᠦᠩᠬᠡ ᠢᠯᠭ᠋ᠠᠷᠠᠭᠰᠠᠨ ᠮᠣᠳᠣᠨ᠎ᠤ ᠳᠦᠷᠦᠯ ᠵᠦᠢ᠍ᠯ᠎ᠢ ᠢᠯᠡᠭᠦᠬᠡᠨ ᠳᠠᠷᠢᠵᠦ᠂ ᠪᠦᠬᠦ ᠣᠷᠣᠨ ᠪᠦᠰᠡ ᠵᠢᠨ ᠤᠢ ᠰᠢᠭᠤᠶ᠋ᠢᠲᠤ ᠬᠤᠳᠠ ᠵᠢ ᠴᠢᠷᠮᠠᠶ᠋ᠢᠨ ᠪᠦᠳᠦᠬᠡᠨ ᠪᠠᠶ᠋ᠢᠭᠤᠯᠵᠤ᠂ ᠪᠡᠭᠡᠵᠢᠩ᠎ᠢ ᠨᠡᠩ ᠦᠵᠡᠰᠬᠦᠯᠡᠩᠲᠦ ᠰᠠᠶ᠋ᠢᠬᠠᠨ ᠪᠣᠯᠭ᠋ᠠᠨ ᠪᠦᠳᠦᠬᠡᠨ ᠪᠠᠶ᠋ᠢᠭᠤᠯᠬᠤ ᠬᠡᠷᠡᠭᠲᠡᠢ᠃
ᠰᠢ ᠵᠢᠨ ᠫᠢᠩ᠂ ᠣᠳᠣᠬᠠᠨ ᠪᠠ ᠬᠣᠶ᠋ᠢᠰᠢᠳᠠ ᠵᠢᠨ ᠬᠡᠰᠡᠭ ᠬᠤᠭᠤᠴᠠᠭ᠋ᠠᠨ᠎ᠳᠤ᠂ ᠪᠣᠬᠢᠷᠲᠤᠯ ᠦᠭᠡᠢ ᠬᠥᠭᠵᠢᠯᠲᠡ ᠪᠣᠯ ᠮᠠᠨ᠎ᠤ ᠤᠯᠤᠰ᠎ᠤᠨ ᠬᠥᠭᠵᠢᠯᠲᠡ ᠵᠢᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠪᠣᠯᠤᠨ᠎ᠠ᠃ ᠪᠦᠬᠦ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ ᠵᠢ ᠥᠷᠨᠢᠭᠦᠯᠬᠦ ᠪᠣᠯ ᠤᠯᠤᠰ᠎ᠤᠨ ᠨᠤᠲᠤᠭ ᠳᠡᠪᠢᠰᠬᠡᠷ᠎ᠤᠨ ᠨᠣᠭᠣᠭ᠋ᠠᠷᠠᠭᠤᠯᠤᠯᠲᠠ ᠵᠢ ᠠᠬᠢᠭᠤᠯᠬᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠠᠮᠢᠳᠤᠯᠢᠭ ᠦᠢ᠍ᠯᠡᠳᠦᠯᠭᠡ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠴᠥᠮ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠢ᠃ ᠵᠣᠬᠢᠶᠠᠨ ᠪᠠᠶ᠋ᠢᠭᠤᠯᠬᠤ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ᠂ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠷᠭ᠎ᠠ ᠬᠡᠯᠪᠡᠷᠢ ᠵᠢ ᠪᠠᠶᠠᠯᠢᠭᠵᠢᠭᠤᠯᠵᠤ᠂ ᠥᠷᠭᠡᠨ ᠤᠯᠠᠨ ᠲᠦᠮᠡᠨ᠎ᠤ ᠠᠯᠪᠠᠨ ᠵᠢᠷᠤᠮ᠎ᠤᠨ ᠮᠣᠳᠣ ᠲᠠᠷᠢᠬᠤ᠎ᠳᠤ ᠣᠷᠣᠯᠴᠠᠬᠤ᠎ᠳᠤ ᠨᠡᠩ ᠤᠯᠠᠨ ᠲᠦᠬᠦᠮ ᠦᠵᠡᠭᠦᠯᠵᠦ᠂ 《ᠪᠦᠬᠦ ᠵᠢᠯ᠎ᠳᠤ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠤᠯᠠᠨ ᠶᠠᠩᠵᠤ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠲᠦᠬᠦᠮ ᠪᠠᠶ᠋ᠢᠯᠭ᠋ᠠᠬᠤ》 ᠬᠡᠷᠡᠭᠲᠡᠢ᠃ ᠪᠢᠳᠡ ᠢᠳᠡᠪᠬᠢᠲᠡᠢ ᠬᠥᠳᠡᠯᠦᠯᠴᠡᠵᠦ᠂ ᠮᠣᠳᠣ ᠲᠠᠷᠢᠬᠤ᠎ᠠᠴᠠ ᠡᠬᠢᠯᠡᠨ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯᠤᠨ ᠠᠯᠳᠠ ᠮᠥᠩᠭᠥᠨ ᠠᠭᠤᠯᠠ ᠭᠡᠬᠦ ᠤᠨᠤᠯᠵᠢᠬᠤᠨ᠎ᠢ ᠪᠤᠢ ᠪᠤᠯᠭ᠋ᠠᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠰᠢᠨ᠎ᠡ ᠬᠠᠭᠤᠳᠠᠰᠤ ᠵᠢ ᠵᠢᠷᠤᠭᠯᠠᠶ᠎ᠠ᠃
ᠪᠡᠭᠡᠵᠢᠩ᠎ᠳᠤ ᠪᠠᠶ᠋ᠢᠭ᠎ᠠ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ᠂ ᠲᠦᠷᠦ ᠵᠢᠨ ᠶᠠᠪᠤᠳᠠᠯ᠎ᠤᠨ ᠭᠡᠰᠢᠭᠦᠨ ᠨᠡᠷ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠪᠠ᠃