ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠦᠬᠦ ᠣᠷᠣᠨ᠎ᠤ ᠦᠶᠡᠷ᠎ᠢ ᠰᠡᠷᠭᠡᠶ᠋ᠢᠯᠡᠨ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠲᠧᠯᠸᠢᠰ ᠤᠲᠠᠰᠤᠲᠤ ᠬᠤᠷᠠᠯ ᠬᠤᠷᠠᠯᠳᠤᠪᠠ ᠳᠠᠶ᠋ᠢᠴᠢᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠠᠢ ᠴᠧᠨ ᠯᠦ᠍ ᠱᠧᠩ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2023-05-31


   
    5 ᠳ᠋ᠤᠭ᠋ᠠᠷ ᠰᠠᠷ᠎ᠠ ᠵᠢᠨ 16᠎ᠤ ᠡᠳᠦᠷ᠎ᠤᠨ ᠦᠳᠡ ᠵᠢᠨ ᠬᠤᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠦ ᠣᠷᠣᠨ᠎ᠤ ᠦᠶᠡᠷ᠎ᠢ ᠰᠡᠷᠭᠡᠶ᠋ᠢᠯᠡᠨ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠲᠧᠯᠸᠢᠰ ᠤᠲᠠᠰᠤᠲᠤ ᠬᠤᠷᠠᠯ᠎ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠶ᠋ᠢᠴᠢᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠤᠯ᠎ᠤᠨ ᠶᠡᠷᠦᠩᠬᠡᠢ ᠠᠩᠭᠢ ᠵᠢᠨ ᠺᠤᠮᠠᠨᠳ᠋ᠯᠠᠭᠴᠢ ᠴᠧᠨ ᠯᠦ᠍ ᠱᠧᠩ ᠬᠤᠷᠠᠯ᠎ᠳᠤ ᠣᠷᠣᠯᠴᠠᠵᠠᠢ᠃ ᠬᠤᠷᠠᠯ ᠳᠡᠭᠡᠷ᠎ᠡ᠂ ᠣᠶ᠋ᠢᠷ᠎ᠠ ᠵᠢᠨ ᠬᠡᠳᠦᠨ ᠵᠢᠯ᠎ᠳᠤ ᠪᠦᠬᠦ ᠣᠷᠣᠨ᠎ᠳᠤ ᠣᠨᠴᠠᠭ᠋ᠠᠢ ᠠᠭᠤᠷ ᠠᠮᠢᠰᠬᠤᠯ ᠣᠯᠠᠨᠲᠠ ᠢᠯᠡᠷᠡᠵᠦ᠂ ᠪᠦᠬᠦ ᠵᠢᠯ᠎ᠤᠨ ᠦᠶᠡᠷ᠎ᠢ ᠰᠡᠷᠭᠡᠶ᠋ᠢᠯᠡᠨ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠢ ᠰᠠᠶ᠋ᠢᠲᠤᠷ ᠬᠢᠬᠦ᠎ᠳᠤ ᠬᠠᠷᠢᠭᠤᠴᠠᠯᠭ᠎ᠠ ᠬᠦᠨᠳᠦ ᠪᠠᠶ᠋ᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠎ᠬᠢᠨ ᠦᠶᠡᠷ ᠪᠠ ᠭᠠᠩ ᠬᠠᠭᠰᠠᠷᠠᠭ᠋ᠠᠨ᠎ᠤ ᠭᠠᠮᠰᠢᠭ᠎ᠤᠨ ᠠᠶᠤᠯ ᠲᠦᠭᠰᠢᠭᠦᠷᠢ ᠵᠢ ᠰᠡᠷᠭᠡᠶ᠋ᠢᠯᠡᠬᠦ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠥᠴᠥᠬᠡᠨ ᠴᠦ᠍ ᠰᠤᠯᠠᠷᠠᠭᠤᠯᠤᠯ ᠦᠭᠡᠢ᠎ᠪᠠᠷ ᠰᠠᠶ᠋ᠢᠲᠤᠷ ᠨᠠᠶ᠋ᠢᠳᠠᠪᠤᠷᠢᠵᠢᠭᠤᠯᠵᠤ᠂ ᠶᠡᠭᠡ ᠦᠶᠡᠷ᠎ᠢ ᠰᠡᠷᠭᠡᠶ᠋ᠢᠯᠡᠬᠦ᠂ ᠶᠡᠭᠡ ᠠᠶᠤᠯ᠎ᠲᠠᠢ ᠲᠡᠮᠡᠴᠡᠬᠦ᠂ ᠶᠡᠭᠡ ᠭᠠᠮᠰᠢᠭ᠎ᠠᠴᠠ ᠠᠪᠤᠷᠠᠬᠤ᠎ᠳᠤ ᠰᠠᠭᠤᠷᠢᠯᠠᠵᠤ᠂ ᠦᠶᠡᠷ᠎ᠠᠴᠠ ᠡᠮᠦᠨᠡᠬᠢ ᠪᠡᠯᠡᠳᠬᠡᠯ᠂ ᠳᠠᠯᠳᠠ ᠬᠡᠮ᠎ᠢ ᠴᠡᠭᠴᠡᠯᠡᠨ ᠵᠠᠰᠠᠬᠤ᠂ ᠭᠠᠩ ᠬᠠᠭᠰᠠᠷᠠᠭ᠋ᠠᠨ᠎ᠲᠠᠢ ᠲᠡᠮᠡᠴᠡᠵᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠡᠷᠭᠡ ᠠᠵᠢᠯ᠎ᠤᠳ᠎ᠢ ᠰᠠᠶ᠋ᠢᠲᠤᠷ ᠠᠳᠬᠤᠵᠤ᠂ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠡᠨᠡ ᠬᠦ᠌ ᠬᠠᠲᠠᠭᠤ ᠪᠡᠷᠬᠡ ᠳᠠᠶ᠋ᠢᠯᠠᠯᠳᠤᠭ᠋ᠠᠨ᠎ᠤ ᠢᠯᠠᠯᠲᠠ ᠵᠢ ᠵᠠᠪᠠᠯ ᠣᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠭᠤᠷᠪᠠᠳᠤᠭ᠋ᠠᠷ ᠬᠤᠷᠠᠯ ᠲᠡᠭᠦᠰᠪᠡ
21.1672 ᠲᠦᠮᠡᠨ ᠬᠥᠮᠥᠨ ᠰᠢᠯᠭ᠋ᠠᠯᠲᠠ᠎ᠳᠤ ᠨᠡᠷ᠎ᠡ ᠮᠡᠳᠡᠭᠦᠯᠵᠦ ᠨᠢᠳᠤᠨᠤᠨ᠎ᠤ᠎ᠬᠢ᠎ᠠᠴᠠ 2.6541 ᠲᠦᠮᠡᠨ ᠬᠥᠮᠥᠨ ᠨᠡᠮᠡᠭᠳᠡᠪᠡ ᠮᠠᠨ᠎ᠤ ᠣᠷᠣᠨ᠎ᠤ ᠡᠯ᠎ᠡ ᠰᠠᠯᠠᠭ᠎ᠠ ᠮᠥᠴᠢᠷ᠎ᠤᠨ᠎ᠬᠢᠨ ᠳᠡᠭᠡᠳᠦ ᠰᠢᠯᠭ᠋ᠠᠯᠲᠠ ᠵᠢ ᠪᠥᠬᠦ ᠬᠦᠴᠦᠨ ᠵᠶ᠋ᠠᠷ ᠵᠶ᠋ᠠᠨ ᠬᠠᠮᠠᠭ᠋ᠠᠯᠠᠵᠤ ᠪᠣᠶ
ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ ᠬᠦᠰᠡᠯ ᠨᠠᠶ᠋ᠢᠳᠠᠯᠭ᠎ᠠ ᠵᠢ᠎ᠨᠢ ᠥᠯᠥ ᠬᠥᠰᠡᠷᠳᠡᠭᠦᠯᠵᠦ ᠢᠲᠡᠭᠡᠯ ᠵᠣᠷᠢᠭ ᠵᠶ᠋ᠠᠨ ᠪᠠᠲᠤᠳᠬᠠᠨ ᠢᠳᠡᠷᠡᠭᠦᠨ ᠠᠯᠬᠤᠭ᠎ᠠ᠎ᠪᠠᠷ ᠤᠷᠤᠭᠰᠢᠯᠠᠨ᠎ᠠ — ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠪᠠᠶᠠᠨᠨᠠᠭᠤᠷ᠎ᠲᠠᠬᠢ ᠰᠢᠨᠵᠢᠯᠡᠨ ᠪᠠᠶ᠋ᠢᠴᠠᠭ᠋ᠠᠯᠲᠠ ᠪᠠ ᠴᠢᠬᠤᠯᠠ ᠶᠠᠷᠢᠶ᠎ᠠ ᠪᠦᠭᠦ ᠣᠷᠣᠨ᠎ᠤ ᠺᠠᠳ᠋ᠷ ᠣᠯᠠᠨ ᠲᠦᠮᠡᠨ᠎ᠤ ᠳᠤᠮᠳᠠ ᠴᠢᠩᠭ᠎ᠠ ᠲᠤᠰᠬᠠᠯ ᠭᠠᠷᠪᠠ
ᠨᠣᠮᠢᠨ ᠨᠣᠭᠤᠭ᠋ᠠᠨ ᠤᠮᠠᠷᠠᠲᠤ ᠬᠢᠯᠢ ᠵᠢᠨ ᠯᠤᠲᠤ ᠰᠢᠨ᠎ᠡ ᠬᠤᠪᠢᠷᠠᠯᠲᠠ ᠵᠢ ᠪᠤᠶ ᠪᠣᠯᠭ᠋ᠠᠨ᠎ᠠ — ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠥᠪᠥᠷ ᠮᠣᠩᠭᠤᠯ᠎ᠤᠨ ᠬᠠᠷᠢᠭᠤᠯᠲᠠ ᠵᠢᠨ ᠬᠠᠭᠤᠳᠠᠰᠤ ᠵᠢᠨ ᠲᠤᠬᠠᠢ ᠰᠢᠷᠢᠰ ᠮᠡᠳᠡᠭᠡᠯᠡᠯ ③
ᠮᠠᠨ᠎ᠤ ᠣᠷᠣᠨ᠎ᠤ 3 ᠨᠢᠭᠡᠴᠡ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠠᠩᠬᠠᠨ᠎ᠤ ᠪᠦᠯᠦᠭ᠎ᠤᠨ ᠰᠠᠭᠤᠷᠢᠨ ᠭᠠᠵᠠᠷ ᠵᠶ᠋ᠠᠷ ᠦᠨᠡᠯᠡᠭᠳᠡᠪᠡ
 
             蒙ICP备05000248号