ᠣᠶ᠋ᠢᠷ᠎ᠠ᠎ᠳᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠩᠬᠠᠨ᠎ᠤ ᠪᠦᠯᠦᠭ᠎ᠤᠨ ᠰᠠᠭᠤᠷᠢᠨ ᠭᠠᠵᠠᠷ᠎ᠢ ᠨᠡᠶ᠋ᠢᠲᠡᠯᠡᠵᠦ᠂ ᠮᠠᠨ᠎ᠤ ᠣᠷᠣᠨ᠎ᠤ 《 ᠮᠸᠩ ᠼᠤᠤ ᠪᠦᠯᠦᠭᠯᠡᠯ᠎ᠤᠨ ᠤᠮᠠᠷᠠᠲᠤ ᠵᠢᠨ ᠣᠶ ᠰᠢᠭᠤᠶ ᠨᠤᠲᠤᠭ ᠪᠡᠯᠴᠢᠭᠡᠷ᠎ᠤᠨ ᠦᠷ᠎ᠡ ᠵᠢᠨ ᠡᠭᠦᠯᠳᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠰᠤᠳᠤᠯᠭ᠋ᠠᠨ᠎ᠤ ᠲᠥᠪ (ᠲᠠᠯᠠᠪᠤᠷ ᠤᠷᠳᠤᠨ᠎ᠤ ᠲᠥᠷᠥᠯ)》᠂ 《ᠥᠪᠥᠷ ᠮᠣᠩᠭᠣᠯ᠎ᠤᠨ ᠰᠠᠶ᠋ᠢᠬᠠᠨ ᠬᠠᠨ ᠠᠭᠤᠯᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ (ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠥᠷᠥᠯ)》 ᠪᠠ 《ᠥᠪᠥᠷ ᠮᠣᠩᠭᠣᠯ᠎ᠤᠨ ᠬᠥᠯᠥᠨ ᠪᠣᠶ᠋ᠢᠷ᠎ᠤᠨ ᠨᠤᠲᠤᠭ ᠪᠡᠯᠴᠢᠭᠡᠷ᠎ᠤᠨ ᠠᠮᠢ ᠠᠬᠤᠶ ᠵᠢᠨ ᠰᠢᠰᠲ᠋ᠧᠮ᠎ᠤᠨ ᠤᠯᠤᠰ᠎ᠤᠨ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠠᠵᠢᠭᠯᠠᠨ ᠰᠢᠨᠵᠢᠬᠦ ᠰᠤᠳᠤᠯᠭ᠋ᠠᠨ᠎ᠤ ᠥᠷᠲᠡᠭᠡ (ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ)》 ᠵᠡᠷᠭᠡ 3 ᠨᠢᠭᠡᠴᠡ ᠰᠣᠩᠭᠣᠭᠳᠠᠪᠠ᠃ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠱᠠᠭ᠋ᠠᠷᠳᠠᠯᠭ᠎ᠠ ᠶᠣᠰᠣᠭ᠋ᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠰᠠᠭᠤᠷᠢᠨ ᠭᠠᠵᠠᠷ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠣᠷᠣᠭᠤᠯᠤᠯᠲᠠ ᠵᠢ ᠪᠠᠲᠤᠯᠠᠨ᠂ ᠡᠩᠨᠡᠭᠡᠨ᠎ᠤ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠲᠣᠰ ᠪᠡᠶ᠎ᠡ ᠵᠢᠨ ᠣᠨᠴᠠᠯᠢᠭ ᠵᠶ᠋ᠠᠨ ᠪᠠᠳᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠦᠢ᠍ᠯᠡᠴᠢᠯᠡᠭᠡᠨ᠎ᠤ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠰᠠᠭᠤᠷᠢᠨ ᠭᠠᠵᠠᠷ᠎ᠤᠨ ᠦᠢ᠍ᠯᠡᠳᠦᠯ᠎ᠢ ᠬᠦᠢ᠍ᠴᠡᠳ ᠪᠠᠳᠠᠷᠠᠭᠤᠯᠵᠤ᠂ ᠠᠵᠢᠯ᠎ᠤᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠦᠨ᠎ᠡ᠃
ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠠᠭᠤᠷᠢᠨ ᠭᠠᠵᠠᠷ ᠪᠣᠯ ᠤᠯᠤᠰ᠎ᠤᠨ ᠣᠨᠴᠠᠯᠢᠭ ᠪᠦᠬᠦᠢ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠠᠭᠤᠷᠢᠨ ᠭᠠᠵᠠᠷ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠡᠯᠡᠰᠦᠨ ᠴᠥᠯ᠂ ᠬᠡᠭᠡᠷ᠎ᠡ ᠵᠢᠨ ᠠᠮᠢᠲᠠᠨ ᠤᠷᠭᠤᠮᠠᠯ ᠵᠡᠷᠭᠡ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠲᠤ ᠲᠦᠰᠢᠭᠯᠡᠨ ᠪᠠᠶ᠋ᠢᠭ᠋ᠠᠯᠢ ᠵᠢᠨ ᠬᠥᠮᠦᠵᠢᠯ ᠪᠠ ᠠᠮᠢ ᠠᠬᠤᠶ ᠵᠢ ᠣᠶ᠋ᠢᠯᠠᠭ᠋ᠠᠬᠤ ᠠᠵᠢᠯᠯᠠᠭ᠎ᠠ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠪᠠ ᠠᠮᠢ ᠠᠬᠤᠶ ᠵᠢᠨ ᠪᠣᠯᠪᠠᠰᠤᠨ᠎ᠤ ᠦᠢ᠍ᠯᠡᠳᠦᠯᠭᠡ ᠵᠢᠨ ᠦᠷ᠎ᠡ ᠪᠦᠲᠦᠮᠵᠢ ᠵᠢ ᠳᠡᠯᠭᠡᠨ ᠦᠵᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠪᠦᠲᠦᠭᠡᠯ᠎ᠢ ᠵᠣᠬᠢᠶᠠᠨ ᠪᠦᠲᠦᠭᠡᠬᠦ ᠴᠢᠬᠤᠯᠠ ᠭᠠᠵᠠᠷ ᠪᠠᠶ᠋ᠢᠵᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠠᠴᠠ ᠬᠠᠮᠲᠤ᠎ᠪᠠᠷ ᠨᠡᠷᠡᠶ᠋ᠢᠳᠦᠨ ᠬᠠᠮᠢᠶᠠᠷᠤᠨ᠎ᠠ᠃