6 ᠳ᠋ᠤᠭ᠋ᠠᠷ ᠰᠠᠷ᠎ᠠ ᠵᠢᠨ 10᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠶ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠬᠣᠷᠢᠶ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠳᠣᠭᠢᠷᠠᠭᠤᠯᠤᠨ ᠪᠠᠶ᠋ᠢᠷᠢᠯᠠᠭᠤᠯᠪᠠ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ᠎ᠤ ᠳᠠᠷᠤᠭ᠎ᠠ ᠸᠠᠩ ᠵᠣᠣ ᠱᠧᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠪᠦᠬᠦ ᠨᠠᠮ ᠵᠶ᠋ᠠᠷ ᠵᠶ᠋ᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠶ ᠥᠷᠨᠢᠭᠦᠯᠵᠦ ᠪᠠᠶ᠋ᠢᠭ᠎ᠠ ᠴᠢᠬᠤᠯᠠ ᠴᠠᠭ ᠮᠥᠴᠡ᠎ᠳᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠢ ᠬᠡᠷᠡᠭᠵᠢᠭᠦᠯᠦᠭᠰᠡᠨ 45 ᠵᠢᠯ᠎ᠤᠨ ᠤᠢ ᠵᠢᠨ ᠲᠠᠰᠢᠷᠠᠮ ᠵᠶ᠋ᠠᠷ᠂ ᠶᠡᠷᠦᠩᠬᠡᠢ ᠱᠦᠵᠢ ᠰᠢ ᠵᠢᠨ ᠫᠢᠩ ᠮᠠᠨ᠎ᠤ ᠣᠷᠣᠨ᠎ᠤ ᠪᠠᠶᠠᠨᠨᠠᠭᠤᠷ ᠬᠤᠳᠠ᠎ᠳᠤ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠳᠦᠬᠡᠨ ᠪᠠᠶ᠋ᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ ᠵᠢᠨ ᠬᠠᠮᠲᠤ ᠴᠢᠬᠤᠯᠠ ᠶᠠᠷᠢᠶ᠎ᠠ ᠲᠠᠯᠪᠢᠵᠠᠢ᠃ ᠡᠨᠡ ᠪᠣᠯ ᠮᠠᠨ᠎ᠤ ᠣᠷᠣᠨ ᠴᠢᠨᠠᠭᠰᠢᠯᠠᠪᠠᠯ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠨᠢᠭᠡᠨ ᠶᠡᠬᠡ ᠶᠠᠪᠤᠳᠠᠯ ᠮᠥᠨ᠂ ᠨᠡᠩ ᠴᠤ᠌ ᠤᠢ ᠰᠢᠭᠤᠢ ᠪᠠ ᠨᠤᠲᠤᠭ ᠪᠡᠯᠴᠢᠭᠡᠷ᠎ᠤᠨ ᠦᠢ᠍ᠯᠡᠰ᠎ᠤᠨ ᠨᠢᠭᠡᠨ ᠲᠡᠦᠬᠡᠲᠦ ᠴᠢᠨᠠᠷᠲᠠᠢ᠎ᠲᠠᠢ ᠴᠢᠬᠤᠯᠠ ᠠᠴᠢ ᠬᠣᠯᠪᠣᠭᠳᠠᠯ᠎ᠲᠠᠢ ᠶᠡᠬᠡ ᠶᠠᠪᠤᠳᠠᠯ ᠮᠥᠨ ᠃ 8᠎ᠤ ᠡᠳᠦᠷ᠎ᠤᠨ ᠦᠳᠡ ᠵᠢᠨ ᠡᠮᠦᠨ᠎ᠡ᠂ ᠶᠡᠷᠦᠩᠬᠡᠶ ᠱᠦᠵᠢ ᠰᠢ ᠵᠢᠨ ᠫᠢᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠬᠤ ᠦᠶ᠎ᠡ ᠵᠢᠨ ᠴᠢᠬᠤᠯᠠ ᠶᠠᠷᠢᠶ᠎ᠠ ᠵᠢ ᠰᠤᠷᠤᠯᠴᠠᠵᠤ᠂ ᠥᠪᠥᠷ ᠮᠣᠩᠭᠣᠯ᠎ᠤᠨ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠶᠠᠮᠠᠷ ᠪᠠᠶ᠋ᠢᠷᠢ ᠲᠣᠭᠲᠠᠭ᠋ᠠᠯᠲᠠ᠎ᠲᠠᠢ ᠪᠠᠶ᠋ᠢᠬᠤ᠂ ᠶᠠᠮᠠᠷ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠬᠦ᠂ ᠶᠠᠮᠠᠷ ᠬᠥᠭᠵᠢᠯᠲᠡ ᠵᠢ ᠪᠡᠶᠡᠯᠡᠭᠦᠯᠬᠦ ᠵᠡᠷᠭᠡ ᠠᠯᠢ ᠤᠯᠠᠨ ᠦᠨᠳᠦᠰᠦᠨ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠠᠰᠠᠭᠤᠳᠠᠯ᠎ᠢ ᠪᠦᠬᠦ ᠲᠠᠯ᠎ᠠ᠎ᠪᠠᠷ᠂ ᠰᠢᠰᠲ᠋ᠧᠮ᠎ᠲᠠᠢ᠂ ᠭᠦᠨᠵᠡᠭᠡᠢ ᠲᠣᠳᠣᠷᠬᠠᠶ᠋ᠢᠯᠠᠨ ᠥᠭᠦᠯᠡᠪᠡ᠃ ᠬᠦᠴᠦᠷᠬᠡᠭ ᠶᠡᠬᠡ ᠦᠵᠡᠯ ᠰᠠᠨᠠᠭ᠋ᠠᠨ᠎ᠤ ᠤᠷᠢᠶᠠᠯᠠᠬᠤ ᠬᠦᠴᠦᠨ᠂ ᠪᠠᠶ᠋ᠢᠯᠳᠤᠬᠤ ᠪᠤᠳᠤᠯᠭ᠎ᠠ ᠵᠢᠨ ᠬᠦᠳᠦᠯᠦᠨ ᠳᠠᠭ᠋ᠠᠭᠤᠯᠬᠤ ᠬᠦᠴᠦᠨ᠂ ᠦᠢ᠍ᠯᠡᠳᠦᠯᠭᠡ ᠵᠢᠨ ᠲᠦᠯᠬᠢᠴᠡ ᠬᠦᠴᠦᠨ᠎ᠲᠠᠢ ᠪᠠᠶ᠋ᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠤᠷᠤᠭᠰᠢᠯᠠᠯᠲᠠ ᠵᠢᠨ ᠴᠢᠭᠯᠡᠯ᠎ᠢ ᠵᠢᠭ᠋ᠠᠵᠤ᠂ ᠦᠨᠳᠦᠰᠦᠨ ᠵᠢᠷᠤᠮᠯᠠᠯ ᠬᠠᠩᠭ᠋ᠠᠵᠠᠢ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠰᠢ ᠵᠢᠨ ᠫᠢᠩ ᠶᠡᠷᠦᠩᠬᠡᠶ ᠱᠦᠵᠢ ᠵᠢᠨ ᠴᠢᠬᠤᠯᠠ ᠶᠠᠷᠢᠶ᠎ᠠ᠎ᠨᠢ ᠣᠶ ᠰᠢᠭᠤᠶ ᠨᠤᠲᠤᠭ ᠪᠡᠯᠴᠢᠭᠡᠷ᠎ᠤᠨ ᠠᠵᠢᠯᠲᠠᠨ᠎ᠳᠤ ᠴᠢᠬᠤᠯᠠ ᠶᠡᠬᠡ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠣᠯᠭᠣᠭᠰᠠᠨ ᠶᠤᠮ᠂ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠨᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ ᠭᠣᠣᠯ ᠬᠦᠴᠦᠨ ᠪᠠ ᠳᠠᠭ᠋ᠠᠭᠤᠯᠤᠭᠴᠢ ᠪᠣᠯᠤᠭᠰᠠᠨ᠎ᠤ ᠬᠤᠪᠢ᠎ᠳᠤ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠢ ᠦᠨᠡᠨᠬᠦ ᠨᠢᠭᠡᠳᠬᠡᠵᠦ᠂ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ᠎ᠲᠠᠢ ᠦᠨᠡᠨᠬᠦ ᠨᠢᠭᠡᠳᠬᠡᠵᠦ᠂ ᠶᠡᠷᠦᠩᠬᠡᠢ ᠱᠦᠵᠢ ᠵᠢᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠡᠯᠡᠰᠦ ᠵᠢ ᠰᠡᠷᠭᠡᠢ᠌ᠯᠡᠨ ᠵᠠᠰᠠᠬᠤ ᠬᠦᠨᠳᠦ ᠡᠭᠦᠷᠭᠡ ᠵᠢ ᠡᠷᠡᠰ ᠡᠭᠦᠷᠭᠡᠯᠡᠵᠦ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠣᠯᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠬᠦ ᠬᠡᠷᠡᠭᠲᠡᠢ᠃
ᠬᠤᠷᠠᠯ᠎ᠠᠴᠠ ᠱᠠᠭ᠋ᠠᠷᠳᠠᠭᠰᠠᠨ᠎ᠨᠢ᠂ ᠪᠠᠶ᠋ᠢᠯᠳᠤᠬᠤ ᠪᠣᠳᠣᠯᠭ᠎ᠠ ᠵᠢᠨ ᠦᠨᠳᠦᠰᠦᠨ ᠬᠦᠴᠦᠨ ᠵᠶ᠋ᠠᠨ ᠪᠠᠲᠤᠯᠠᠵᠤ᠂ ᠤᠢ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢ ᠢᠮᠠᠭᠲᠠ ᠲᠡᠷᠢᠭᠦᠨ᠎ᠳᠤ ᠲᠠᠯᠪᠢᠵᠤ᠂ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠪᠦᠷᠢ᠎ᠳᠤ ᠡᠪᠡᠰᠦ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠶ ᠲᠥᠯᠥᠪᠯᠡᠵᠦ᠂ ᠨᠤᠲᠤᠭ ᠪᠡᠯᠴᠢᠭᠡᠷ ᠤᠢ ᠰᠢᠭᠤᠶ ᠴᠢᠭᠢᠭᠯᠢᠭ ᠭᠠᠵᠠᠷ᠎ᠢ ᠰᠡᠷᠭᠦᠭᠡᠨ ᠰᠠᠢ᠌ᠵᠢᠷᠠᠭᠤᠯᠬᠤ ᠵᠢ ᠤᠷᠳᠤ ᠬᠤᠭᠤᠴᠠᠭ᠎ᠠ᠎ᠪᠠᠷ ᠬᠡᠷᠡᠭᠵᠢᠭᠦᠯᠦᠨ᠂ ᠴᠦᠯᠯᠡᠷᠬᠡᠭᠵᠢᠯ᠎ᠢ ᠵᠠᠰᠠᠬᠤ ᠪᠠ ᠡᠯᠡᠰᠦ ᠵᠢ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠵᠤ᠂ ᠴᠢᠭᠢᠭᠯᠢᠭ ᠭᠠᠵᠠᠷ᠎ᠢ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠤᠢ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢ ᠪᠦᠬᠦ ᠭᠠᠵᠠᠷ ᠣᠷᠣᠨ ᠪᠦᠬᠦ ᠶᠠᠪᠤᠴᠠ᠎ᠳᠤ ᠴᠢᠩᠭ᠋ᠠᠳᠬᠠᠵᠤ᠂ ᠥᠪᠥᠷ ᠮᠣᠩᠭᠣᠯ᠎ᠤᠨ ᠪᠦᠬᠦ ᠲᠠᠯ᠎ᠠ ᠵᠢᠨ ᠤᠳᠤᠬᠢᠴᠢᠯᠠᠭᠰᠠᠨ ᠨᠤᠭᠤᠭ᠋ᠠᠷᠠᠭᠤᠯᠤᠯᠳᠠ ᠵᠢ ᠠᠬᠢᠭᠤᠯᠤᠨ᠎ᠠ᠃ ᠨᠢᠭᠡ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ᠎ᠢ ᠨᠡᠶ᠋ᠢᠲᠡᠯᠡᠬᠦ ᠵᠢ ᠠᠬᠢᠭᠤᠯᠬᠤ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠶ ᠪᠣᠯᠭ᠋ᠠᠵᠤ᠂ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠡᠭᠦᠷᠭᠡ ᠵᠢ ᠱᠠᠲᠤ ᠱᠠᠲᠤ᠎ᠪᠠᠷ ᠬᠤᠪᠢᠶᠠᠷᠢᠯᠠᠵᠤ᠂ ᠰᠢ ᠵᠢᠨ ᠫᠢᠩ ᠶᠡᠷᠦᠩᠬᠡᠶ ᠱᠦᠵᠢ ᠵᠢᠨ ᠶᠠᠷᠢᠶ᠎ᠠ ᠵᠢ ᠵᠤᠷᠪᠤᠰ ᠵᠤᠷᠪᠤᠰ ᠵᠶ᠋ᠠᠷ ᠨᠠᠶ᠋ᠢᠳᠠᠪᠤᠷᠢᠵᠢᠭᠤᠯᠵᠤ᠂ ᠨᠢᠭᠡ ᠨᠢᠭᠡ᠎ᠪᠠᠷ ᠪᠤᠳᠠᠳᠠᠢ᠌ᠵᠢᠭᠤᠯᠤᠨ᠂ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠬᠣᠶᠠᠷ᠎ᠲᠤ ᠥᠪᠥᠷ ᠮᠣᠩᠭᠣᠯ᠎ᠤᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠥᠪᠵᠢᠭᠦᠯᠭᠡ ᠵᠢ ᠲᠦᠷᠭᠡᠬᠡᠨ ᠲᠣᠭᠲᠠᠭ᠋ᠠᠬᠤ ᠬᠡᠷᠡᠭᠲᠡᠶ᠃ ᠭᠣᠤᠯᠳᠠᠯᠭ᠎ᠠ ᠵᠢ ᠳᠣᠪᠣᠶ᠋ᠢᠯᠭ᠋ᠠᠨ᠂ ᠬᠠᠷᠠᠯᠲᠠ᠎ᠪᠠᠨ ᠲᠣᠳᠣᠷᠬᠠᠶ᠋ᠢᠯᠠᠵᠤ᠂ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠤᠨ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃ ᠡᠭᠦᠨ᠎ᠤ ᠬᠠᠮᠲᠤ᠂ ᠮᠠᠨ᠎ᠤ ᠣᠷᠣᠨ᠎ᠤ ᠡᠯᠡᠰᠦᠷᠬᠡᠭᠵᠢᠬᠦ ᠵᠢ ᠰᠡᠷᠭᠡᠶ᠋ᠢᠯᠡᠨ ᠡᠯᠡᠰᠦ ᠵᠢ ᠵᠠᠰᠠᠬᠤ ᠲᠥᠯᠥᠪᠵᠢᠭᠦᠯᠭᠡ ᠵᠢ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠦᠨ᠎ᠡ᠃ ᠭᠤᠷᠪᠠ᠎ᠳᠤ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠭᠤᠷᠪᠠᠨ ᠶᠡᠬᠡ ᠳᠠᠶ᠋ᠢᠯᠠᠯᠳᠤᠭ᠋ᠠᠨ᠎ᠤ ᠬᠡᠷᠡᠭᠵᠢᠭᠦᠯᠬᠦ ᠲᠥᠰᠦᠯ᠎ᠢ ᠴᠢᠨᠠᠷ ᠰᠠᠶ᠋ᠢᠲᠠᠢ ᠨᠠᠶ᠋ᠢᠷᠠᠭᠤᠯᠤᠨ ᠵᠣᠬᠢᠶᠠᠬᠤ ᠬᠡᠷᠡᠭᠲᠡᠢ᠃ ᠵᠠᠰᠠᠯᠲᠠ ᠵᠢᠨ ᠭᠣᠣᠯᠳᠠᠯᠭ᠎ᠠ᠂ ᠬᠦᠴᠢᠷᠳᠡᠯ᠂ ᠬᠣᠷᠢᠭ᠎ᠠ ᠴᠡᠭ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠣᠷᠣᠨ ᠪᠦᠰᠡ᠂ ᠬᠠᠷᠠᠯᠲᠠᠲᠤ ᠡᠭᠦᠷᠭᠡ ᠪᠠ ᠵᠠᠰᠠᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠵᠢ ᠲᠣᠳᠣᠷᠬᠠᠶ᠋ᠢᠯᠠᠵᠤ᠂ ᠭᠤᠷᠪᠠᠨ ᠶᠡᠬᠡ ᠳᠠᠶ᠋ᠢᠯᠠᠯᠳᠤᠭ᠋ᠠᠨ᠎ᠢ ᠪᠦᠬᠦ ᠲᠠᠯ᠎ᠠ᠎ᠪᠠᠷ ᠰᠠᠶ᠋ᠢᠲᠤᠷ ᠬᠢᠬᠦ᠎ᠳᠤ ᠰᠠᠭᠤᠷᠢ ᠲᠠᠯᠪᠢᠨ᠎ᠠ᠃ ᠲᠦᠷᠪᠡ᠎ᠳᠤ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠎ᠤᠨ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯᠳᠤᠭ᠋ᠠᠨ᠎ᠤ ᠲᠣᠭᠲᠠᠴᠠ ᠵᠢ ᠪᠠᠶ᠋ᠢᠭᠤᠯᠬᠤ ᠵᠢ ᠲᠦᠯᠬᠢᠨ ᠠᠬᠢᠭᠤᠯᠬᠤ ᠬᠡᠷᠡᠭᠲᠡᠶ᠃ ᠲᠥᠷᠥ ᠵᠢᠨ ᠪᠣᠳᠣᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠵᠣᠬᠢᠴᠠᠭᠤᠯᠤᠨ ᠬᠠᠮᠵᠢᠯᠴᠠᠬᠤ ᠵᠢ ᠴᠢᠩᠭ᠋ᠠᠷᠠᠭᠤᠯᠤᠨ᠂ ᠨᠢᠭᠡᠳᠦᠯᠲᠡᠶ ᠲᠥᠯᠥᠪᠯᠡᠨ ᠵᠢᠯᠣᠭᠣᠳᠴᠤ᠂ ᠬᠠᠮᠢᠶ᠎ᠠ ᠪᠥᠬᠥᠶ ᠭᠣᠤᠯᠳᠠᠯᠭ᠎ᠠ᠎ᠲᠠᠢ ᠠᠵᠢᠯ᠎ᠢ ᠵᠣᠬᠢᠴᠠᠭᠤᠯᠤᠨ ᠠᠬᠢᠭᠤᠯᠤᠨ᠎ᠠ᠃ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠬᠠᠷᠢᠭᠤᠴᠠᠯᠭ᠎ᠠ ᠵᠢ ᠬᠢᠨᠠᠨ ᠰᠢᠯᠭ᠋ᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠢ ᠤᠢ ᠰᠢᠭᠤᠶ ᠵᠢᠨ ᠳᠠᠷᠤᠭ᠎ᠠ ᠵᠢᠨ ᠳᠦᠷᠢᠮ᠎ᠤᠨ ᠬᠢᠨᠠᠨ ᠰᠢᠯᠭ᠋ᠠᠯᠲᠠ᠎ᠳᠤ ᠣᠷᠣᠭᠤᠯᠬᠤ ᠬᠡᠷᠡᠭᠲᠡᠶ᠃ ᠲᠠᠪᠤ᠎ᠳᠤ᠂ ᠤᠯᠤᠰ᠎ᠠᠴᠠ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠡᠯᠡ ᠮᠥᠩᠭᠥ ᠵᠢᠨ ᠳᠡᠮᠵᠢᠯᠭᠡ ᠪᠠ ᠲᠦᠷᠦ ᠵᠢᠨ ᠪᠤᠳᠤᠯᠭ᠎ᠠ ᠵᠢᠨ ᠳᠡᠮᠵᠢᠯᠭᠡ ᠵᠢᠨ ᠰᠢᠰᠲᠸᠮ᠎ᠢ ᠪᠦᠷᠢᠨᠰᠢᠬᠦᠯᠬᠦ ᠠᠵᠠ ᠲᠣᠬᠢᠶᠠᠯ᠎ᠢ ᠠᠮᠵᠢᠵᠤ᠂ ᠤᠯᠤᠰ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠮᠠᠨ᠎ᠤ ᠣᠷᠣᠨ᠎ᠳᠠᠬᠢ ᠪᠦᠷᠬᠦᠴᠡ ᠵᠢᠨ ᠬᠡᠪᠴᠢᠶ᠎ᠡ ᠵᠢ ᠴᠢᠷᠮᠠᠶ᠋ᠢᠨ ᠥᠷᠭᠡᠳᠬᠡᠵᠦ᠂ ᠤᠯᠤᠰ᠎ᠠᠴᠠ ᠮᠠᠨ᠎ᠤ ᠣᠷᠣᠨ᠎ᠤ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠳᠤ ᠣᠷᠣᠨ᠎ᠤ ᠠᠮᠢ ᠠᠬᠤᠢ ᠵᠢᠨ ᠨᠥᠬᠥᠪᠥᠷᠢ ᠵᠢ ᠰᠢᠯᠵᠢᠭᠦᠯᠦᠨ ᠥᠭᠬᠦ ᠡᠷᠴᠢᠮ᠎ᠢ ᠴᠢᠨᠠᠭᠰᠢᠳᠠ ᠴᠢᠩᠭ᠋ᠠᠷᠠᠭᠤᠯᠬᠤ᠎ᠪᠠᠷ ᠴᠢᠷᠮᠠᠶ᠋ᠢᠬᠤ ᠬᠡᠷᠡᠭᠲᠡᠢ᠃ ᠵᠢᠷᠭᠤᠭ᠎ᠠ᠎ᠳᠤ᠂ ᠬᠥᠪᠴᠢ ᠵᠢᠨ ᠤᠯᠠᠨ ᠤᠯᠤᠰ᠎ᠤᠨ ᠡᠯᠡᠰᠦᠨ ᠴᠦᠯ᠎ᠤᠨ ᠶᠠᠷᠢᠶᠠᠨ᠎ᠤ ᠲᠠᠪᠴᠠᠩ᠎ᠢ ᠰᠠᠶ᠋ᠢᠲᠤᠷ ᠡᠷᠬᠢᠯᠡᠵᠦ᠂ ᠤᠳᠠᠯ ᠦᠭᠡᠢ ᠬᠦᠷᠴᠦ ᠢᠷᠡᠬᠦ ᠭᠡᠵᠦ ᠪᠠᠶ᠋ᠢᠭ᠎ᠠ 6.17᠎ᠤ ᠳᠡᠯᠡᠬᠡᠢ ᠵᠢᠨ ᠴᠦᠯᠯᠡᠷᠭᠡᠭᠵᠢᠯ ᠪᠣᠯᠤᠨ ᠭᠠᠩ ᠬᠠᠭᠰᠠᠷᠠᠭ᠋ᠠᠨ᠎ᠢ ᠰᠡᠷᠭᠡᠶ᠋ᠢᠯᠡᠨ ᠵᠠᠰᠠᠬᠤ ᠡᠳᠦᠷ᠎ᠲᠠᠢ ᠤᠶᠠᠯᠳᠤᠭᠤᠯᠵᠤ᠂ ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠥᠪᠥᠷ ᠮᠣᠩᠭᠣᠯ᠎ᠤᠨ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠭᠰᠠᠨ ᠬᠡᠪ ᠵᠢᠱ᠌ᠢᠶ᠎ᠡ ᠵᠢ ᠡᠭᠦᠳᠴᠦ᠂ ᠨᠡᠶ᠋ᠢᠭᠡᠮ᠎ᠤᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ᠂ ᠰᠠᠢ᠍ᠢ᠍ᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠤᠯᠠᠨ ᠤᠯᠤᠰ᠎ᠤᠨ ᠬᠠᠮᠲᠤᠷᠠᠯᠴᠠᠭ᠎ᠠ ᠵᠢ ᠢᠳᠡᠪᠬᠢᠲᠡᠶ ᠥᠷᠨᠢᠭᠦᠯᠦᠨ᠎ᠡ᠃ ᠲᠤᠯᠤᠭ᠎ᠠ᠎ᠳᠤ᠂ ᠭᠣᠣᠯ ᠰᠡᠳᠦᠪᠲᠦ ᠬᠥᠮᠦᠵᠢᠯ᠎ᠲᠠᠢ ᠤᠶᠠᠯᠳᠤᠭᠤᠯᠤᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠨᠠᠷᠢᠨ ᠬᠢᠨᠠᠮᠠᠭ᠋ᠠᠢ ᠰᠤᠷᠤᠯᠴᠠᠵᠤ᠂ ᠭᠦᠨᠵᠡᠭᠡᠢ ᠰᠡᠳᠬᠢᠵᠦ᠂ ᠪᠣᠳᠠᠲᠠᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠠᠪᠬᠤ ᠬᠡᠷᠡᠭᠲᠡᠢ᠃
ᠲᠣᠪᠴᠢᠶ᠎ᠠ ᠵᠢᠨ ᠤᠳᠤᠷᠢᠳᠤᠯᠭ᠎ᠠ᠂ ᠡᠯ᠎ᠡ ᠭᠠᠵᠠᠷ ᠡᠯ᠎ᠡ ᠲᠠᠰᠤᠭ ᠡᠯ᠎ᠡ ᠨᠢᠭᠡᠴᠡ ᠵᠢᠨ ᠭᠣᠤᠯ ᠬᠠᠷᠢᠭᠤᠴᠠᠯᠭ᠋ᠠᠲᠠᠨ ᠵᠢᠴᠢ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠪᠠ᠃