ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠲᠥᠷᠥᠯ᠎ᠤᠨ ᠬᠢᠶᠠᠭ ᠡᠪᠡᠰᠦᠨ᠎ᠤ ᠡᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ ᠲᠦᠩᠯᠢᠶᠤᠤ ᠬᠤᠳᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2023-06-25

 

      6 ᠰᠠᠷ᠎ᠠ ᠵᠢᠨ 12᠎ᠤᠨ ᠡᠳᠦᠷ᠎ᠠᠴᠠ 14᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠣᠶ ᠰᠢᠭᠤᠶ ᠵᠢᠨ ᠰᠢᠨᠵᠢᠯᠡᠭᠡᠨ᠎ᠤ ᠨᠡᠶ᠋ᠢᠭᠡᠮᠯᠢᠭ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠤᠷᠭᠤᠮᠠᠯ᠎ᠤᠨ ᠰᠤᠳᠤᠯᠭ᠋ᠠᠨ᠎ᠤ ᠭᠠᠵᠠᠷ᠎ᠠᠴᠠ ᠵᠣᠬᠢᠶᠠᠨ ᠪᠠᠶ᠋ᠢᠭᠤᠯᠤᠭᠰᠠᠨ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠲᠥᠷᠥᠯ᠎ᠤᠨ ᠬᠢᠶᠠᠭ ᠡᠪᠡᠰᠦᠨ᠎ᠤ ᠡᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ ᠲᠦᠩᠯᠢᠶᠤᠤ ᠬᠤᠳᠠ᠎ᠳᠤ ᠬᠤᠷᠠᠯᠳᠤᠪᠠ᠃ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ ᠶᠣᠣ ᠲᠠᠨ ᠳ᠋ᠦᠩ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠤᠷᠭᠤᠮᠠᠯ᠎ᠤᠨ ᠰᠤᠳᠤᠯᠭ᠋ᠠᠨ᠎ᠤ ᠭᠠᠵᠠᠷ᠎ᠤᠨ ᠰᠤᠳᠤᠯᠤᠭᠴᠢ ᠯᠢᠦ ᠭᠦᠩ ᠱᠸ᠂ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠤᠢ ᠰᠢᠭᠤᠢ ᠵᠢᠨ ᠲᠠᠯᠠᠪᠠᠢ ᠵᠢᠨ ᠦᠷ᠎ᠡ ᠪᠠ ᠵᠤᠯᠵᠠᠭ᠎ᠠ ᠮᠣᠳᠣᠨ᠎ᠤ ᠵᠤᠷᠭ᠋ᠠᠨ᠎ᠤ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠡᠸᠤ ᠭᠦᠸᠧ ᠫᠢᠩ᠂ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ᠎ᠤ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠰᠦᠩ ᠬᠣᠩ ᠵᠦ᠍᠂ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠤᠢ ᠰᠢᠭᠤᠢ ᠵᠢᠨ ᠲᠠᠯᠠᠪᠠᠢ ᠵᠢᠨ ᠦᠷ᠎ᠡ ᠪᠠ ᠵᠤᠯᠵᠠᠭ᠎ᠠ ᠮᠣᠳᠣᠨ᠎ᠤ ᠵᠤᠷᠭ᠋ᠠᠨ᠎ᠤ ᠳᠡᠳ᠋ ᠳᠠᠷᠤᠭ᠎ᠠ ᠰᠦᠩ ᡁᠢ ᠶᠤᠸᠠᠨ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠳᠡᠳ᠋ ᠳᠠᠷᠤᠭ᠎ᠠ ᠴᠧᠨ ᠶᠦᠩ ᠴᠢᠤᠸᠠᠨ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠦᠷ᠎ᠡ ᠪᠠ ᠵᠤᠯᠵᠠᠭ᠎ᠠ ᠮᠣᠳᠣᠨ᠎ᠤ ᠶᠡᠷᠦᠩᠬᠡᠢ ᠦᠷᠳᠡᠭᠡ ᠵᠢᠨ ᠳᠡᠳ᠋ ᠦᠷᠲᠡᠭᠡᠨ ᠳᠠᠷᠤᠭ᠎ᠠ ᠶᠠᠨ ᠵᠢᠶᠸ ᠬᠤᠷᠠᠯ ᠤᠷᠤᠯᠴᠠᠪᠠ᠃
       ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ ᠶᠣᠣ ᠲᠠᠨ ᠳ᠋ᠦᠩ ᠫᠷᠤᠹᠸᠰᠰᠤᠷ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠤᠷᠭᠤᠮᠠᠯ᠎ᠤᠨ ᠰᠤᠳᠤᠯᠭ᠋ᠠᠨ᠎ᠤ ᠭᠠᠵᠠᠷ᠎ᠤᠨ ᠯᠢᠦ ᠭᠦᠩ ᠱᠸ ᠰᠤᠳᠤᠯᠤᠭᠴᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠸᠠᠩ ᠽᠠᠨ ᠫᠷᠤᠹᠸᠰᠰᠤᠷ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ᠎ᠤᠨ ᠰᠤᠳᠤᠯᠭ᠋ᠠᠨ᠎ᠤ ᠭᠠᠵᠠᠷ᠎ᠤᠨ ᠦ᠋ ᠽᠢ ᠨᠢᠶᠠᠨ᠎ᠤ ᠰᠤᠳᠤᠯᠤᠭᠴᠢ ᠵᠡᠷᠭᠡ ᠤᠯᠤᠰ᠎ᠤᠨ ᠳᠣᠲᠣᠭ᠋ᠠᠳᠤ ᠵᠢᠨ ᠠᠯᠳᠠᠷᠲᠤ ᠲᠤᠰᠬᠠᠢ ᠮᠡᠷᠭᠡᠵᠢᠯᠲᠡᠨ ᠡᠷᠳᠡᠮ ᠰᠢᠨᠵᠢᠯᠡᠭᠡᠨ᠎ᠤ ᠮᠡᠳᠡᠭᠦᠯᠦᠯᠲᠡ ᠬᠢᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠤᠨ ᠬᠢᠶᠠᠭ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠤᠨ ᠪᠠᠶ᠋ᠢᠳᠠᠯ ᠵᠢᠴᠢ ᠰᠤᠳᠤᠯᠭ᠋ᠠᠨ᠎ᠤ ᠦᠷ᠎ᠡ ᠪᠦᠲᠦᠭᠡᠯ᠎ᠢ ᠬᠤᠪᠢᠶᠠᠯᠴᠠᠪᠠ᠃ ᠬᠤᠷᠠᠯ᠎ᠤᠨ ᠬᠤᠭᠤᠴᠠᠭ᠋ᠠᠨ᠎ᠳᠤ᠂ ᠬᠤᠷᠠᠯ᠎ᠳᠤ ᠣᠷᠣᠯᠴᠠᠭᠰᠠᠳ ᠺᠠᠶ᠋ᠢᠯᠦ ᠰᠢᠶᠠᠨ᠎ᠤ ᠰᠢᠶᠤᠤ ᠵᠢᠶᠸ ᠵᠢᠢ ᠪᠠᠯᠭ᠋ᠠᠰᠤᠨ᠎ᠤ ᠵᠦᠩ ᠺᠸ ᠬᠢᠶᠠᠭ ᠡᠪᠡᠰᠦᠨ᠎ᠤ ᠬᠤᠵᠢᠷᠯᠢᠬ ᠭᠠᠵᠠᠷ᠎ᠢ ᠵᠠᠰᠠᠬᠤ ᠵᠢᠱ᠌ᠢᠶ᠎ᠡ ᠦᠵᠡᠭᠦᠯᠬᠦ ᠲᠣᠭᠣᠷᠢᠭ᠎ᠲᠤ ᠬᠦᠷᠴᠦ ᠰᠢᠨᠵᠢᠯᠡᠨ ᠪᠠᠶ᠋ᠢᠴᠠᠭ᠋ᠠᠪᠠ᠃
       ᠬᠤᠷᠠᠯ᠎ᠠᠴᠠ᠂ ᠮᠠᠨ᠎ᠤ ᠤᠯᠤᠰ᠎ᠤᠨ ᠤᠷᠤᠨ ᠨᠤᠲᠤᠭ᠎ᠤᠨ ᠡᠪᠡᠰᠦᠨ ᠦᠷ᠎ᠡ ᠵᠢ ᠦᠷᠡᠵᠢᠭᠦᠯᠦᠨ ᠪᠣᠶ᠋ᠢᠵᠢᠭᠤᠯᠬᠤ ᠪᠠ ᠨᠤᠲᠤᠭ ᠪᠡᠯᠴᠢᠭᠡᠷ᠎ᠤᠨ ᠠᠮᠢ ᠠᠬᠤᠢ ᠵᠢ ᠰᠡᠷᠭᠦᠭᠡᠬᠦ ᠠᠵᠢᠯ᠎ᠤᠨ ᠡᠭᠦᠷᠭᠡ ᠬᠦᠨᠳᠦ ᠵᠠᠮ ᠬᠤᠯᠠ ᠪᠠᠶ᠋ᠢᠨ᠎ᠠ᠂ ᠠᠮᠢ ᠠᠬᠤᠢ ᠵᠢᠨ ᠡᠪᠡᠰᠦᠨ ᠦᠷ᠎ᠡ ᠵᠢ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠪᠣᠯ ᠮᠠᠨ᠎ᠤ ᠤᠯᠤᠰ᠎ᠤᠨ ᠡᠪᠡᠰᠦᠨ ᠦᠷ᠎ᠡ ᠵᠢᠨ ᠦᠢ᠍ᠯᠡᠰ᠎ᠤᠨ ᠬᠥᠭᠵᠢᠯᠲᠡ ᠵᠢᠨ ᠳᠤᠮᠳᠠᠬᠢ ᠳᠤᠪᠤᠢ᠍ᠢ᠍ᠮ᠎ᠠ ᠲᠤᠳᠠᠭᠳᠠᠯ ᠪᠣᠯᠤᠨ᠎ᠠ᠂ ᠡᠪᠡᠰᠦᠨ ᠦᠷ᠎ᠡ ᠵᠢᠨ ᠦᠢ᠍ᠯᠡᠰ᠎ᠤᠨ ᠰᠢᠨ᠎ᠡ ᠵᠢ ᠡᠭᠦᠳᠬᠦ ᠵᠢ ᠴᠢᠨᠠᠭᠰᠢᠳᠠ ᠴᠢᠩᠭ᠋ᠠᠳᠬᠠᠵᠤ᠂ ᠡᠪᠡᠰᠦᠨ ᠦᠷ᠎ᠡ ᠵᠢᠨ ᠰᠠᠭᠤᠷᠢᠨ᠎ᠢ ᠬᠠᠮᠠᠭ᠋ᠠᠯᠠᠬᠤ ᠡᠷᠴᠢᠮ᠎ᠢ ᠴᠢᠩᠭ᠋ᠠᠷᠠᠭᠤᠯᠵᠤ᠂ ᠪᠠᠷᠢᠮᠵᠢᠶᠠᠵᠢᠭᠰᠠᠨ᠂ ᠡᠷᠴᠢᠮᠵᠢᠭᠰᠡᠨ᠂ ᠦᠢ᠍ᠯᠡᠳᠪᠦᠷᠢᠯᠡᠯ᠎ᠤᠨ ᠬᠦᠴᠦᠨ ᠲᠣᠭᠲᠠᠭᠤᠨ᠂ ᠠᠵᠤ ᠦᠢ᠍ᠯᠡᠰᠵᠢᠭᠦᠯᠦᠨ ᠡᠵᠡᠩᠨᠡᠭᠰᠡᠨ ᠰᠠᠢ᠍ᠢ᠍ᠨ ᠡᠭᠦᠯᠳᠡᠷ᠎ᠢ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ᠎ᠢ ᠲᠦᠷᠭᠡᠨ ᠪᠠᠶ᠋ᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
       ᠪᠦᠬᠦ ᠤᠯᠤᠰ᠎ᠤᠨ ᠡᠯ᠎ᠡ ᠮᠤᠵᠢ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠤᠢ ᠰᠢᠭᠤᠢ ᠵᠢᠨ ᠶᠡᠬᠡ ᠳᠡᠭᠡᠳᠦ ᠰᠤᠷᠭ᠋ᠠᠭᠤᠯᠢ ᠵᠢᠴᠢ ᠬᠣᠯᠪᠣᠭᠳᠠᠯ ᠪᠦᠬᠦᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠤᠨ ᠬᠢᠶᠠᠭ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠤᠨ ᠬᠦᠷᠢᠶᠡᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠵᠢᠭ᠋ᠠᠨ ᠰᠤᠷᠭ᠋ᠠᠯᠲᠠ ᠪᠣᠯᠤᠨ ᠦᠢ᠍ᠯᠡᠳᠪᠦᠷᠢᠯᠡᠯ᠎ᠤᠨ ᠦᠢ᠍ᠯᠡᠳᠦᠯᠭᠡ ᠬᠢᠵᠦ ᠪᠠᠶ᠋ᠢᠭ᠎ᠠ ᠲᠤᠰᠬᠠᠢ ᠮᠡᠷᠭᠡᠵᠢᠯᠲᠡᠨ᠂ ᠡᠷᠳᠡᠮᠲᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠳᠠᠨ ᠨᠡᠢ᠍ᠢ᠍ᠳᠡ 200 ᠭᠠᠷᠤᠢ ᠲᠥᠯᠥᠭᠡᠯᠡᠭᠴᠢ ᠬᠤᠷᠠᠯ᠎ᠳᠤ ᠣᠷᠣᠯᠴᠠᠪᠠ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠵᠢᠷᠭᠤᠳᠤᠭ᠋ᠠᠷ ᠪᠦᠭᠦᠳᠡ ᠬᠤᠷᠠᠯ ᠭᠦᠭᠡᠬᠤᠲᠠ᠎ᠳᠤ ᠬᠤᠷᠠᠯᠳᠤᠪᠠ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠲᠠᠭ᠋ᠠᠯ
ᠰᠢ ᠵᠢᠨ ᠫᠢᠩ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ᠎ᠳᠤ ᠴᠢᠬᠤᠯᠠ ᠵᠢᠭ᠋ᠠᠪᠤᠷᠢ ᠥᠭᠴᠦ ᠰᠦᠯᠵᠢᠶ᠎ᠡ ᠵᠢᠨ ᠬᠦᠴᠦᠷᠬᠡᠭ ᠤᠯᠤᠰ᠎ᠤᠨ ᠲᠤᠬᠠᠢ ᠨᠠᠮ᠎ᠤᠨ ᠲᠥᠪ ᠬᠤᠷᠢᠶ᠎ᠠ ᠵᠢᠨ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠶᠡᠭᠡ᠎ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠼᠠᠢ ᠴᠢ ᠪᠦᠭᠦ ᠤᠯᠤᠰ᠎ᠤᠨ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ᠎ᠤᠨ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ ᠳ᠋ᠢᠩ ᠰᠢᠤᠸᠠᠢ ᠰᠢᠶᠠᠩ ᠬᠤᠷᠠᠯ᠎ᠳᠤ ᠣᠷᠣᠯᠴᠠᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ᠎ᠬᠢᠨ 2023 ᠣᠨ᠎ᠤ ᠤᠯᠤᠰ᠎ᠤᠨ ᠲᠣᠪᠴᠢᠶ᠎ᠠ ᠵᠢᠨ ᠨᠠᠶ᠋ᠢᠳᠠᠭᠰᠠᠨ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠲᠤᠰᠬᠠᠢ ᠬᠢᠨᠠᠯᠲᠠ ᠪᠠᠶ᠋ᠢᠴᠠᠭ᠋ᠠᠯᠲᠠ ᠵᠢ ᠤᠷᠤᠭᠰᠢᠲᠠᠢ ᠪᠡᠶᠡᠯᠡᠭᠦᠯᠪᠡ
 
             蒙ICP备05000248号