ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠭᠤᠷᠪᠠᠳᠤᠭ᠋ᠠᠷ ᠬᠤᠷᠠᠯ ᠡᠯ᠎ᠡ ᠵᠥᠪᠯᠡᠬᠦ ᠵᠦᠢ᠍ᠯᠡᠰ ᠵᠶ᠋ᠠᠨ ᠲᠡᠭᠦᠰ ᠠᠮᠵᠢᠯᠲᠠ᠎ᠲᠠᠢ ᠵᠥᠪᠯᠡᠵᠦ ᠳᠠᠭᠤᠰᠬᠠᠭ᠋ᠠᠳ 6 ᠰᠠᠷ᠎ᠠ ᠵᠢᠨ 1᠎ᠤ ᠦᠳᠡ ᠵᠢᠨ ᠬᠤᠶ᠋ᠢᠨ᠎ᠠ ᠲᠡᠭᠦᠰᠪᠡ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠎ᠳᠤ ᠣᠲᠣ 73 ᠪᠦᠷᠢᠯᠳᠦᠭᠦᠨ᠎ᠲᠠᠢ᠂ 67 ᠬᠥᠮᠥᠨ᠎ᠨᠢ ᠲᠣᠰ ᠤᠳᠠᠭ᠋ᠠᠨ᠎ᠤ ᠬᠤᠷᠠᠯ᠎ᠳᠤ ᠣᠷᠣᠯᠴᠠᠵᠤ᠂ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠤᠭᠠᠳᠤ ᠨᠡᠶ᠋ᠢᠴᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠡᠷᠭᠢᠯᠡᠭᠴᠢ ᠰᠦᠨ ᠱᠤᠤ ᠴᠧᠩ᠎ᠤᠨ ᠨᠠᠶ᠋ᠢᠳᠠᠯᠭ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠪᠠᠶ᠋ᠢᠩᠭᠤ ᠵᠢᠨ ᠳᠡᠳ᠋ ᠡᠷᠭᠢᠯᠡᠭᠴᠢ ᠯᠢᠨ ᠱᠤᠤ ᠴᠦᠨ ᠬᠤᠶᠠᠳᠤᠭ᠋ᠠᠷ ᠤᠳᠠᠭ᠎ᠠ ᠵᠢᠨ ᠪᠦᠭᠦᠳᠡ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠡᠳ᠋ ᠡᠷᠭᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ ᠪᠣᠯᠣᠨ ᠨᠠᠷᠢᠨ ᠪᠢᠴᠢᠭ᠎ᠤᠨ ᠳᠠᠷᠤᠭ᠎ᠠ ᠱ᠌ᠢ ᠸᠧᠨ ᠰᠢᠤᠸᠠᠢ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠠᠢ ᠴᠢᠩ ᠶᠤᠸᠠᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠴᠠᠭ᠋ᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠰᠤᠯᠠ ᠣᠷᠣᠯᠴᠠᠵᠠᠢ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ 《ᠭᠦᠭᠡᠬᠤᠲᠠ ᠵᠢᠨ ᠵᠡᠭᠡᠯᠢ ᠭᠤᠳᠤᠮᠵᠢ ᠵᠢᠨ ᠬᠡᠷᠡᠭ ᠡᠷᠭᠢᠯᠡᠭᠦ ᠭᠠᠵᠠᠷ᠎ᠤᠨ ᠠᠵᠢᠯ᠎ᠤᠨ ᠳᠦᠷᠢᠮ》᠎ᠢ ᠵᠥᠪᠰᠢᠶᠡᠷᠡᠬᠦ ᠲᠤᠬᠠᠢ ᠰᠢᠢ᠍ᠳᠪᠦᠷᠢ᠂ 《ᠤᠯᠠᠭ᠋ᠠᠨᠬᠠᠳᠠ ᠬᠤᠲᠠ ᠵᠢᠨ ᠴᠠᠭᠢᠯᠭ᠋ᠠᠨ ᠭᠦᠳᠡᠯᠭᠡᠭᠦᠷᠲᠦ ᠲᠡᠷᠭᠡ ᠵᠢᠨ ᠬᠠᠮᠢᠶᠠᠷᠤᠯᠲᠠ ᠵᠢᠨ ᠳᠦᠷᠢᠮ》᠎ᠢ ᠵᠥᠪᠰᠢᠶᠡᠷᠡᠬᠦ ᠲᠤᠬᠠᠢ ᠰᠢᠢ᠍ᠳᠪᠦᠷᠢ᠂ 《ᠣᠷᠳᠣᠰ ᠬᠤᠲᠠ ᠵᠢᠨ ᠨᠣᠬᠠᠢ ᠲᠡᠵᠢᠭᠡᠬᠦ ᠬᠠᠮᠢᠶᠠᠷᠤᠯᠲᠠ ᠵᠢᠨ ᠳᠦᠷᠢᠮ》᠎ᠢ ᠵᠥᠪᠰᠢᠶᠡᠷᠡᠬᠦ ᠲᠤᠬᠠᠢ ᠰᠢᠢ᠍ᠳᠪᠦᠷᠢ᠂ 《ᠦᠬᠠᠢ ᠬᠤᠲᠠ ᠵᠢᠨ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠳᠤᠯ᠎ᠢ ᠰᠡᠷᠭᠡᠶ᠋ᠢᠯᠡᠨ ᠵᠠᠰᠠᠬᠤ ᠳᠦᠷᠢᠮ》᠎ᠢ ᠵᠥᠪᠰᠢᠶᠡᠷᠡᠬᠦ ᠲᠤᠬᠠᠢ ᠰᠢᠢ᠍ᠳᠪᠦᠷᠢ᠂ 《〈ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤᠨ᠎ᠤ ᠨᠤᠭᠤ ᠭᠠᠵᠠᠷ᠎ᠢ ᠬᠠᠮᠠᠭ᠋ᠠᠯᠠᠬᠤ ᠳᠦᠷᠢᠮ〉᠂ 〈ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠬᠦ ᠳᠦᠷᠢᠮ〉᠂ 〈ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤᠨ᠎ᠤ ᠭᠤᠣᠯ᠎ᠤᠨ ᠵᠠᠮ᠎ᠤᠨ ᠬᠠᠮᠢᠶᠠᠷᠤᠯᠲᠠ ᠵᠢᠨ ᠳᠦᠷᠢᠮ᠂ 〈ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤᠨ᠎ᠤ ᠵᠢᠭᠤᠯᠴᠢᠯᠠᠯ᠎ᠤᠨ ᠳᠦᠷᠢᠮ〉᠎ᠳᠤ ᠵᠠᠰᠠᠪᠤᠷᠢ ᠣᠷᠣᠭᠤᠯᠬᠤ ᠲᠤᠬᠠᠢ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠣᠭᠲᠠᠭ᠋ᠠᠯ》᠎ᠢ ᠵᠥᠪᠰᠢᠶᠡᠷᠡᠬᠦ ᠲᠤᠬᠠᠢ ᠰᠢᠢ᠍ᠳᠪᠦᠷᠢ᠂ ᠰᠢᠨ᠎ᠡ ᠴᠠᠭ ᠦᠶ᠎ᠡ ᠵᠢᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠬᠤ ᠲᠤᠬᠠᠢ ᠲᠣᠭᠲᠠᠭ᠋ᠠᠯ᠂ ᠥᠪᠡᠷᠲᠡᠭᠡᠨ ᠵᠠᠰᠠᠬᠤ ᠣᠷᠣᠨ᠎ᠤ ᠷᠠᠰᠢᠶᠠᠨ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠲᠠᠲᠠᠪᠤᠷᠢᠯᠠᠬᠤ ᠠᠷᠭ᠎ᠠ ᠭᠡᠯᠪᠡᠷᠢ ᠵᠢᠴᠢ ᠭᠠᠶ᠋ᠢᠯᠢ ᠵᠢᠨ ᠲᠤᠭ᠎ᠠ ᠵᠢᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠲᠣᠭᠲᠠᠭ᠋ᠠᠯ᠂ 2023 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠥᠰᠥᠪ᠎ᠤᠨ ᠲᠣᠬᠢᠷᠠᠭᠤᠯᠤᠯᠲᠠ ᠵᠢᠨ ᠲᠥᠰᠥᠯ᠎ᠢ ᠵᠥᠪᠰᠢᠶᠡᠷᠡᠬᠦ ᠲᠤᠬᠠᠢ ᠰᠢᠢ᠍ᠳᠪᠦᠷᠢ ᠵᠢ ᠪᠠᠲᠤᠯᠠᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠡᠳ᠋᠎ᠤᠨ ᠵᠠᠰᠠᠭ ᠠᠵᠤ ᠠᠬᠤᠢ ᠵᠢᠨ ᠵᠥᠪᠯᠡᠯ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ ᠡᠷᠡᠭᠦᠯ ᠬᠠᠮᠠᠭ᠋ᠠᠯᠠᠯ᠎ᠤᠨ ᠵᠥᠪᠯᠡᠯ᠂ ᠨᠡᠶ᠋ᠢᠭᠡᠮ᠎ᠤᠨ ᠪᠠᠶ᠋ᠢᠭᠤᠯᠤᠯᠲᠠ ᠵᠢᠨ ᠵᠥᠪᠯᠡᠯ᠂ ᠬᠢᠨᠠᠨ ᠪᠠᠶ᠋ᠢᠴᠠᠭ᠋ᠠᠬᠤ ᠪᠠ ᠬᠠᠤᠯᠢ ᠴᠠᠭ᠋ᠠᠵᠠ ᠵᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠵᠢᠨ ᠵᠥᠪᠯᠡᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠠᠴᠠ ᠲᠤᠰᠢᠶᠠᠭᠰᠠᠨ 1 — 18 ᠳ᠋ᠤᠭ᠋ᠠᠷ ᠲᠣᠭ᠋ᠠᠲᠤ ᠰᠠᠨᠠᠯ ᠵᠥᠪᠯᠡᠯᠭᠡ ᠵᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠲᠥᠯᠥᠭᠡᠯᠡᠭᠴᠢ ᠵᠢᠨ ᠬᠢᠷᠢ ᠭᠡᠮ᠎ᠢ ᠬᠢᠨᠠᠨ ᠪᠠᠶ᠋ᠢᠴᠠᠭ᠋ᠠᠬᠤ ᠵᠥᠪᠯᠡᠯ᠎ᠤᠨ ᠣᠨᠴᠠ ᠵᠠᠷᠢᠮ ᠲᠥᠯᠥᠭᠡᠯᠡᠭᠴᠢ ᠵᠢᠨ ᠲᠥᠯᠥᠭᠡᠯᠡᠭᠴᠢ ᠵᠢᠨ ᠬᠢᠷᠢ ᠭᠡᠮ᠎ᠤᠨ ᠲᠤᠬᠠᠢ ᠮᠡᠳᠡᠭᠦᠯᠦᠯᠲᠡ ᠵᠢ ᠪᠠᠲᠤᠯᠠᠪᠠ᠃
ᠬᠤᠷᠠᠯ᠎ᠠᠴᠠ ᠠᠵᠢᠯᠲᠠᠨ᠎ᠤ ᠶᠠᠪᠤᠳᠠᠯ᠎ᠤᠨ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ᠎ᠨᠢ ᠪᠠᠭᠤᠯᠭ᠋ᠠᠬᠤ ᠵᠦᠢ᠍ᠯᠡᠰ᠎ᠢ ᠪᠠᠲᠤᠯᠠᠪᠠ᠃
ᠯᠢᠨ ᠱᠤᠤ ᠴᠦᠨ ᠰᠢᠨ᠎ᠡ᠎ᠪᠠᠷ ᠲᠤᠰᠢᠶᠠᠯ᠎ᠳᠤ ᠲᠣᠮᠢᠯᠠᠭᠰᠠᠳ᠎ᠲᠤ ᠲᠤᠰᠢᠶᠠᠯ᠎ᠳᠤ ᠲᠣᠮᠢᠯᠠᠬᠤ ᠪᠢᠴᠢᠭ ᠭᠠᠷᠳᠠᠭᠤᠯᠵᠠᠢ᠃
ᠰᠢᠨ᠎ᠡ᠎ᠪᠠᠷ ᠲᠤᠰᠢᠶᠠᠯ᠎ᠳᠤ ᠲᠣᠮᠢᠯᠠᠭᠳᠠᠭᠰᠠᠳ ᠦᠨᠳᠦᠰᠦᠨ ᠬᠠᠤᠯᠢ᠎ᠳᠤ ᠲᠥᠪ ᠴᠢᠩᠭ᠎ᠠ᠎ᠪᠠᠷ ᠲᠠᠩᠭ᠋ᠠᠷᠢᠭᠯᠠᠪᠠ᠃
ᠬᠤᠷᠠᠯ᠎ᠠᠴᠠ ᠲᠣᠰ ᠤᠳᠠᠭ᠋ᠠᠨ᠎ᠤ ᠬᠤᠷᠠᠯ᠎ᠳᠤ 《ᠲᠠᠪᠤᠨ ᠶᠡᠭᠡ ᠡᠭᠦᠷᠭᠡ》 ᠵᠢ ᠠᠬᠢᠭᠤᠯᠬᠤ ᠳᠦᠷᠢᠮ᠎ᠢ ᠲᠣᠰ ᠲᠣᠰ ᠬᠢᠨᠠᠨ ᠵᠥᠪᠯᠡᠪᠡ᠂ ᠡᠨᠡ ᠬᠦ᠌ ᠠᠵᠢᠯ᠎ᠤᠨ ᠴᠠᠭ ᠪᠠᠴᠢᠮ᠂ ᠡᠭᠦᠷᠭᠡ ᠬᠦᠨᠳᠦ᠂ ᠱᠠᠭ᠋ᠠᠷᠳᠠᠯᠭ᠎ᠠ ᠥᠨᠳᠥᠷ᠂ ᠤᠯᠤᠰ ᠲᠥᠷᠥ ᠵᠢᠨ ᠵᠣᠭᠰᠣᠴᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ᠎ᠪᠠᠨ ᠨᠢᠭᠡᠳᠬᠡᠵᠦ᠂ ᠰᠠᠨᠠᠯ ᠰᠠᠨᠠᠭᠤᠯᠭ᠎ᠠ ᠵᠢ ᠥᠷᠭᠡᠨ ᠳᠡᠯᠭᠡᠷ ᠬᠤᠷᠢᠶᠠᠨ ᠠᠪᠴᠤ᠂ ᠬᠠᠤᠯᠢ ᠲᠣᠭᠲᠠᠭ᠋ᠠᠬᠤ ᠬᠠᠮᠲᠤ ᠵᠢᠨ ᠲᠠᠨᠢᠯᠲᠠ ᠵᠢ ᠭᠦᠢ᠍ᠴᠡᠳ ᠨᠢᠭᠲᠠᠷᠠᠭᠤᠯᠵᠤ᠂ ᠴᠠᠭ᠎ᠤᠨ ᠭᠤᠭᠴᠤᠭ᠎ᠠ ᠶᠣᠰᠣᠭ᠋ᠠᠷ ᠠᠵᠢᠯ᠎ᠤᠨ ᠬᠤᠭᠤᠴᠠᠭ᠎ᠠ᠎ᠪᠠᠨ ᠲᠣᠩᠭᠤᠷᠠᠭᠤᠯᠤᠨ ᠵᠢᠭᠰᠠᠭ᠋ᠠᠵᠤ᠂ ᠵᠢᠷᠤᠭ ᠡᠯᠭᠦᠨ ᠪᠠᠶ᠋ᠢᠯᠳᠤᠵᠤ᠂ ᠠᠯᠬᠤᠮ ᠠᠯᠬᠤᠮ ᠵᠶ᠋ᠠᠷ ᠠᠬᠢᠭᠤᠯᠵᠤ᠂ ᠥᠨᠳᠥᠷ ᠪᠠᠷᠢᠮᠵᠢᠶ᠎ᠠ ᠴᠢᠨᠠᠷ ᠰᠠᠶ᠋ᠢᠲᠠᠢ᠎ᠪᠠᠷ ᠬᠠᠤᠯᠢ ᠲᠣᠭᠲᠠᠭ᠋ᠠᠬᠤ ᠡᠭᠦᠷᠭᠡ᠎ᠪᠠᠨ ᠲᠣᠭᠲᠠᠭᠰᠠᠨ ᠴᠠᠭ᠎ᠲᠠᠭᠠᠨ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠦᠨᠳᠦᠰᠦᠨ ᠬᠠᠤᠯᠢ ᠬᠠᠤᠯᠢ ᠴᠠᠭ᠋ᠠᠵᠠ᠎ᠠᠴᠠ ᠣᠯᠭᠤᠭᠰᠠᠨ ᠬᠢᠨᠠᠯᠲᠠ ᠲᠠᠯᠪᠢᠬᠤ ᠡᠷᠬᠡ᠎ᠪᠠᠨ ᠰᠠᠶ᠋ᠢᠲᠤᠷ ᠬᠡᠷᠡᠭᠯᠡᠵᠦ᠂ ᠠᠰᠠᠭᠤᠳᠠᠯ᠎ᠳᠤ ᠰᠢᠭᠤᠳ ᠬᠠᠨᠳᠤᠵᠤ᠂ ᠵᠣᠷᠢᠭᠲᠠᠢ᠎ᠪᠠᠷ ᠬᠢᠨᠠᠯᠲᠠ ᠲᠠᠯᠪᠢᠵᠤ᠂ ᠵᠣᠷᠢᠭᠲᠠᠢ᠎ᠪᠠᠷ ᠠᠵᠢᠯᠯᠠᠵᠤ᠂ ᠤᠳᠠᠭ᠎ᠠ ᠪᠦᠷᠢ ᠵᠢᠨ ᠬᠢᠨᠠᠯᠲᠠ ᠲᠠᠯᠪᠢᠬᠤ ᠠᠵᠢᠯ᠎ᠳᠤ ᠬᠢᠨᠠᠮᠠᠭ᠋ᠠᠢ ᠬᠠᠨᠳᠤᠵᠤ᠂ ᠤᠳᠠᠭ᠎ᠠ ᠪᠦᠷᠢ ᠵᠢᠨ ᠬᠢᠨᠠᠨ ᠵᠥᠪᠯᠡᠬᠦ ᠦᠭᠡ᠎ᠪᠠᠨ ᠬᠢᠨᠠᠮᠠᠭ᠋ᠠᠢ ᠪᠡᠯᠡᠳᠬᠡᠵᠦ᠂ ᠪᠠᠶ᠋ᠢᠩᠭᠤ ᠵᠢᠨ ᠬᠤᠷᠢᠶ᠎ᠠ ᠵᠢᠨ ᠬᠢᠨᠠᠯᠲᠠ ᠲᠠᠯᠪᠢᠬᠤ ᠠᠵᠢᠯ᠎ᠤᠨ ᠲᠦᠪᠰᠢᠨ᠎ᠢ ᠳᠡᠭᠡᠭᠰᠢᠯᠡᠭᠦᠯᠭᠦ ᠵᠢᠨ ᠲᠥᠯᠥᠭᠡ ᠬᠠᠮᠲᠤ᠎ᠪᠠᠷ ᠴᠢᠷᠮᠠᠶ᠋ᠢᠬᠤ ᠬᠡᠷᠡᠭᠲᠡᠢ ᠭᠡᠵᠦ ᠱᠠᠭ᠋ᠠᠷᠳᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠡᠯ᠎ᠡ ᠲᠤᠰᠬᠠᠢ ᠵᠥᠪᠯᠡᠯ᠎ᠤᠨ ᠳᠡᠳ᠋ ᠡᠷᠭᠢᠯᠡᠭᠴᠢ ᠭᠡᠰᠢᠭᠦᠨ᠂ ᠭᠡᠰᠢᠭᠦᠨ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠠᠵᠢᠯ᠎ᠤᠨ ᠪᠠᠶ᠋ᠢᠭᠤᠯᠤᠮᠵᠢ᠂ ᠠᠶ᠋ᠢᠮᠠᠭ᠎ᠤᠨ ᠠᠵᠢᠯ᠎ᠤᠨ ᠵᠥᠪᠯᠡᠯ᠎ᠤᠨ ᠬᠠᠷᠢᠭᠤᠴᠠᠯᠭ᠋ᠠᠲᠠᠨ ᠨᠥᠬᠦᠳ᠂ ᠡᠯ᠎ᠡ ᠲᠣᠭᠤᠷᠢᠭ ᠪᠠᠶ᠋ᠢᠭᠤᠯᠤᠭᠰᠠᠨ ᠬᠤᠳᠠ ᠪᠣᠯᠣᠨ ᠲᠥᠯᠥᠪᠯᠡᠭᠡ᠎ᠳᠤ ᠲᠤᠰᠠᠭ᠋ᠠᠷ ᠵᠢᠭᠰᠠᠭ᠋ᠠᠭᠰᠠᠨ ᠬᠤᠳᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠬᠠᠷᠢᠭᠤᠴᠠᠯᠭ᠋ᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠶ᠋ᠢᠴᠠᠭ᠋ᠠᠬᠤ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ ᠵᠢᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠰᠤᠯᠠ ᠣᠷᠣᠯᠴᠠᠵᠠᠢ᠃