ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
21.1672 ᠲᠦᠮᠡᠨ ᠬᠥᠮᠥᠨ ᠰᠢᠯᠭ᠋ᠠᠯᠲᠠ᠎ᠳᠤ ᠨᠡᠷ᠎ᠡ ᠮᠡᠳᠡᠭᠦᠯᠵᠦ ᠨᠢᠳᠤᠨᠤᠨ᠎ᠤ᠎ᠬᠢ᠎ᠠᠴᠠ 2.6541 ᠲᠦᠮᠡᠨ ᠬᠥᠮᠥᠨ ᠨᠡᠮᠡᠭᠳᠡᠪᠡ ᠮᠠᠨ᠎ᠤ ᠣᠷᠣᠨ᠎ᠤ ᠡᠯ᠎ᠡ ᠰᠠᠯᠠᠭ᠎ᠠ ᠮᠥᠴᠢᠷ᠎ᠤᠨ᠎ᠬᠢᠨ ᠳᠡᠭᠡᠳᠦ ᠰᠢᠯᠭ᠋ᠠᠯᠲᠠ ᠵᠢ ᠪᠥᠬᠦ ᠬᠦᠴᠦᠨ ᠵᠶ᠋ᠠᠷ ᠵᠶ᠋ᠠᠨ ᠬᠠᠮᠠᠭ᠋ᠠᠯᠠᠵᠤ ᠪᠣᠶ
ᠨᠡᠶ᠋ᠢᠲᠡᠯᠡᠭᠰᠡᠨ ᠴᠠᠭ᠄ 2023-06-07

      ᠥᠪᠥᠷ ᠮᠣᠩᠭᠤᠯ᠎ᠤᠨ 2023 ᠣᠨ᠎ᠤ ᠳᠡᠭᠡᠳᠦ ᠰᠢᠯᠭ᠋ᠠᠯᠲᠠ 6 ᠳ᠋ᠤᠭ᠋ᠠᠷ ᠰᠠᠷ᠎ᠠ ᠵᠢᠨ 7᠎ᠤ ᠡᠳᠦᠷ᠎ᠠᠴᠠ 9᠎ᠤ ᠡᠳᠦᠷ ᠪᠣᠯᠲᠠᠯ᠎ᠠ ᠶᠠᠪᠤᠭᠳᠠᠨ᠎ᠠ᠃ ᠡᠨᠡ ᠵᠢᠯ᠂ ᠮᠠᠨ᠎ᠤ ᠣᠷᠣᠨ᠎ᠤ ᠳᠡᠭᠡᠳᠦ ᠰᠢᠯᠭ᠋ᠠᠯᠲᠠ᠎ᠳᠤ ᠨᠡᠷ᠎ᠡ ᠮᠡᠳᠡᠭᠦᠯᠦᠭᠰᠡᠨ ᠬᠥᠮᠥᠨ᠎ᠤ ᠲᠤᠭ᠎ᠠ 21.1672 ᠲᠦᠮᠡᠨ ᠬᠦᠮᠦᠨ᠎ᠳᠤ ᠬᠦᠷᠴᠦ᠂ 2022 ᠣᠨ᠎ᠤ᠎ᠬᠢ᠎ᠠᠴᠠ 2.6541 ᠲᠦᠮᠡᠨ ᠬᠦᠮᠦᠨ ᠨᠡᠮᠡᠭᠳᠡᠵᠡᠢ᠃ ᠣᠶ᠋ᠢᠷ᠎ᠠ ᠵᠢᠨ ᠡᠳᠦᠷ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠤ ᠰᠣᠷᠣᠭᠴᠢ ᠡᠯᠰᠡᠬᠦ ᠰᠢᠯᠭ᠋ᠠᠯᠲᠠ ᠵᠢᠨ ᠵᠥᠪᠯᠡᠯ᠎ᠠᠴᠠ ᠪᠥᠬᠦ ᠣᠷᠣᠨ᠎ᠤ ᠡᠯ᠎ᠡ ᠭᠠᠵᠠᠷ᠎ᠢ ᠵᠢᠯᠣᠭᠤᠳᠤᠨ ᠰᠢᠯᠭ᠋ᠠᠯᠲᠠ ᠵᠢ ᠵᠣᠬᠢᠶᠠᠨ ᠪᠠᠶ᠋ᠢᠭᠤᠯᠬᠤ ᠪᠠ ᠰᠢᠯᠭ᠋ᠠᠭᠤᠯᠤᠭᠴᠢ᠎ᠳᠤ ᠦᠢ᠍ᠯᠡᠴᠢᠯᠡᠬᠦ ᠠᠵᠢᠯ᠎ᠢ ᠨᠠᠷᠢᠨ ᠨᠢᠮᠪᠠᠢ ᠰᠠᠶ᠋ᠢᠲᠤᠷ ᠬᠢᠵᠦ᠂ 《ᠠᠮᠤᠷ ᠲᠦᠪᠰᠢᠨ ᠳᠡᠭᠡᠳᠦ ᠰᠢᠯᠭ᠋ᠠᠯᠲᠠ》 ᠵᠢᠨ ᠬᠠᠷᠠᠯᠲᠠ ᠵᠢ ᠪᠥᠬᠦ ᠬᠦᠴᠦᠨ ᠵᠶ᠋ᠠᠷ ᠵᠶ᠋ᠠᠨ ᠪᠡᠶᠡᠯᠡᠭᠦᠯᠬᠦ᠎ᠪᠠᠷ ᠴᠢᠷᠮᠠᠶ᠋ᠢᠵᠤ ᠪᠤᠢ᠃

      ᠭᠠᠷ ᠤᠲᠠᠰᠤ᠎ᠪᠠᠷ ᠬᠡᠮ ᠬᠢᠬᠦ ᠵᠢ ᠰᠡᠷᠭᠡᠶ᠋ᠢᠯᠡᠬᠦ ᠲᠤᠬᠠᠢ ᠰᠤᠷᠭ᠋ᠠᠨ ᠬᠥᠮᠦᠵᠢᠯ᠎ᠤᠨ ᠶᠠᠮᠤᠨ᠎ᠤ ᠬᠤᠯᠪᠣᠭᠳᠠᠯ ᠪᠦᠬᠦᠢ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠡᠯ᠎ᠡ ᠭᠠᠵᠠᠷ ᠡᠯ᠎ᠡ ᠰᠤᠷᠭ᠋ᠠᠭᠤᠯᠢ ᠵᠢᠨ᠎ᠬᠢᠨ ᠰᠢᠯᠭ᠋ᠠᠯᠲᠠ ᠵᠢᠨ ᠴᠡᠭ ᠰᠢᠯᠭ᠋ᠠᠯᠲᠠ ᠵᠢᠨ ᠲᠠᠯᠠᠪᠤᠷ᠎ᠲᠤ ᠭᠠᠷ ᠤᠲᠠᠰᠤ ᠠᠪᠴᠤ ᠣᠷᠣᠬᠤ ᠵᠢ ᠴᠢᠩᠭ᠎ᠠ ᠰᠡᠷᠭᠡᠶ᠋ᠢᠯᠡᠬᠦ᠂ ᠣᠶᠤᠨᠴᠢ ᠠᠮᠤᠷ ᠲᠦᠪᠰᠢᠨ᠎ᠤ ᠪᠠᠶ᠋ᠢᠴᠠᠭ᠋ᠠᠯᠲᠠ ᠵᠢᠨ ᠡᠭᠦᠳᠡ ᠲᠣᠬᠢᠷᠠᠭᠤᠯᠬᠤ᠂ ᠰᠢᠯᠭ᠋ᠠᠯᠲᠠ ᠵᠢᠨ ᠴᠡᠭ᠎ᠤᠨ ᠷᠠᠳᠢᠣ᠋ ᠳᠣᠬᠢᠶ᠎ᠠ ᠵᠢᠨ ᠬᠠᠯᠬᠠᠪᠴᠢ ᠵᠢ ᠨᠡᠶ᠋ᠢᠳᠡᠮ ᠪᠦᠷᠬᠦᠭᠦᠯᠬᠦ ᠵᠢ ᠨᠠᠶ᠋ᠢᠳᠠᠪᠤᠷᠢᠵᠢᠭᠤᠯᠬᠤ᠂ ᠰᠢᠯᠭ᠋ᠠᠯᠲᠠ ᠵᠢᠨ ᠶᠠᠪᠤᠴᠠ᠎ᠳᠠᠬᠢ ᠰᠢᠯᠭ᠋ᠠᠯᠲᠠ ᠵᠢᠨ ᠲᠠᠯᠠᠪᠤᠷ᠎ᠤᠨ ᠬᠢᠨᠠᠯᠲᠠ ᠬᠠᠮᠢᠶᠠᠷᠤᠯᠲᠠ ᠵᠢ ᠴᠢᠩᠳᠠᠯᠠᠬᠤ ᠵᠡᠷᠭᠡ ᠠᠵᠢᠯ᠎ᠳᠤ ᠨᠠᠷᠢᠨ ᠨᠢᠭᠲᠠ ᠪᠠᠶ᠋ᠢᠷᠢᠯᠠᠭᠤᠯᠤᠯᠲᠠ ᠬᠢᠪᠡ᠃ ᠳᠡᠭᠡᠳᠦ ᠰᠢᠯᠭ᠋ᠠᠯᠲᠠ ᠵᠢᠨ ᠬᠤᠭᠤᠴᠠᠭ᠋ᠠᠨ᠎ᠳᠤ᠂ ᠮᠠᠨ᠎ᠤ ᠣᠷᠣᠨ 《ᠰᠢᠯᠭ᠋ᠠᠯᠲᠠ᠎ᠳᠤ ᠬᠤᠯᠪᠣᠭᠳᠠᠬᠤ ᠰᠦᠯᠵᠢᠶᠡᠨ᠎ᠤ ᠣᠷᠴᠢᠨ ᠲᠣᠭᠤᠷᠢᠨ᠎ᠢ ᠴᠡᠪᠡᠷᠰᠢᠭᠦᠯᠬᠦ》 《ᠬᠡᠮ ᠦᠢ᠍ᠯᠡᠳᠬᠦ ᠪᠠᠭ᠋ᠠᠵᠢ ᠬᠡᠷᠡᠭᠰᠡᠯ᠎ᠤᠨ ᠪᠣᠷᠣᠯᠠᠭᠤᠯᠭ᠎ᠠ᠎ᠳᠤ ᠴᠣᠬᠢᠯᠲᠠ ᠥᠭᠬᠦ》 《ᠣᠷᠣᠯᠠᠨ ᠰᠢᠯᠭ᠋ᠠᠵᠤ ᠬᠡᠮ ᠬᠢᠬᠦ ᠠᠵᠢᠯᠯᠠᠭ᠎ᠠ᠎ᠳᠤ ᠴᠣᠬᠢᠯᠲᠠ ᠥᠭᠬᠦ》 《ᠰᠢᠯᠭ᠋ᠠᠯᠲᠠ ᠵᠢᠨ ᠴᠡᠭ᠎ᠤᠨ ᠡᠷᠬᠢᠨ ᠲᠣᠭᠤᠷᠢᠨ᠎ᠤ ᠣᠷᠴᠢᠨ ᠲᠣᠭᠤᠷᠢᠨ᠎ᠢ ᠴᠡᠪᠡᠷᠰᠢᠭᠦᠯᠬᠦ》 ᠵᠡᠷᠭᠡ ᠲᠤᠰᠬᠠᠢ ᠠᠵᠢᠯᠯᠠᠭ᠎ᠠ ᠥᠷᠨᠢᠭᠦᠯᠵᠦ᠂ ᠰᠢᠯᠭ᠋ᠠᠯᠲᠠ ᠵᠢᠨ ᠣᠷᠴᠢᠨ ᠲᠣᠭᠤᠷᠢᠨ᠎ᠢ ᠶᠡᠷᠦᠩᠬᠡᠶ᠋ᠢᠯᠡᠨ ᠵᠠᠰᠠᠬᠤ ᠪᠣᠯᠣᠨ᠎ᠠ᠃      

      ᠲᠣᠰ ᠤᠳᠠᠭ᠋ᠠᠨ᠎ᠤ ᠳᠡᠭᠡᠳᠦ ᠰᠢᠯᠭ᠋ᠠᠯᠲᠠ ᠪᠣᠯ ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠬᠢᠵᠢᠭ᠎ᠤᠨ ᠪᠠᠶ᠋ᠢᠳᠠᠯ᠎ᠳᠤ 《ᠬᠥᠬᠡᠭᠴᠢᠨ ᠲᠥᠷᠥᠯ᠎ᠤᠨ ᠬᠠᠯᠳᠠᠪᠤᠷᠢᠲᠦ ᠡᠪᠡᠳᠴᠢᠨ᠎ᠳᠤ ᠬᠦᠬᠡᠭᠴᠢᠨ ᠳᠡᠰ᠎ᠤᠨ ᠬᠠᠮᠢᠶᠠᠷᠤᠯᠲᠠ》 ᠵᠢ ᠬᠡᠷᠡᠭᠵᠢᠭᠦᠯᠦᠭᠰᠡᠨ ᠰᠢᠨ᠎ᠡ ᠪᠠᠶ᠋ᠢᠳᠠᠯ ᠳᠣᠣᠷᠠᠬᠢ ᠠᠩᠬ᠎ᠠ ᠤᠳᠠᠭ᠋ᠠᠨ᠎ᠤ ᠳᠡᠭᠡᠳᠦ ᠰᠢᠯᠭ᠋ᠠᠯᠲᠠ ᠪᠣᠯᠣᠨ᠎ᠠ᠃ ᠰᠢᠯᠭ᠋ᠠᠭᠤᠯᠤᠭᠴᠢ᠎ᠳᠤ ᠦᠢ᠍ᠯᠡᠴᠢᠯᠡᠬᠦ ᠦᠢ᠍ᠯᠡᠴᠢᠯᠡᠭᠡ᠎ᠪᠠᠨ ᠰᠢᠯᠢᠳᠡᠭᠵᠢᠭᠦᠯᠬᠦ ᠵᠢᠨ ᠲᠤᠰᠠᠳᠠ᠂ ᠮᠠᠨ᠎ᠤ ᠣᠷᠣᠨ 《2023 ᠣᠨ᠎ᠤ ᠳᠡᠭᠡᠳᠦ ᠰᠢᠯᠭ᠋ᠠᠯᠲᠠ ᠵᠢᠨ ᠠᠶᠠᠯᠠᠯ ᠬᠠᠮᠠᠭ᠋ᠠᠯᠠᠬᠤ ᠠᠵᠢᠯᠯᠠᠭ᠎ᠠ》 ᠵᠢ ᠭᠦᠨᠵᠡᠭᠡᠢ ᠥᠷᠨᠢᠭᠦᠯᠬᠦ᠎ᠪᠠᠷ ᠪᠣᠶ᠃ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠰᠠᠯᠠᠭ᠎ᠠ ᠮᠥᠴᠢᠷ᠎ᠠᠴᠠ ᠰᠦᠯᠵᠢᠶᠡᠨ᠎ᠤ ᠠᠮᠤᠷ ᠲᠥᠪᠰᠢᠨ ᠪᠠ ᠮᠡᠳᠡᠭᠡ ᠵᠠᠩᠭᠢᠴᠢᠯᠠᠯᠲᠠ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠲᠠᠢ ᠬᠠᠮᠲᠤ᠎ᠪᠠᠷ ᠲᠣᠰ ᠭᠠᠵᠠᠷ᠎ᠤᠨ ᠵᠶ᠋ᠠᠨ ᠳᠡᠭᠡᠳᠦ ᠰᠢᠯᠭ᠋ᠠᠯᠲᠠ ᠵᠡᠷᠭᠡ ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ᠎ᠳᠤ ᠬᠤᠯᠪᠣᠭᠳᠠᠭᠰᠠᠨ᠂ ᠠᠯᠪᠠᠨ᠎ᠤ ᠲᠠᠯ᠎ᠠ ᠵᠢᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠪᠠᠶ᠋ᠢᠭᠤᠯᠤᠮᠵᠢ᠎ᠪᠠᠷ ᠬᠠᠭᠤᠷᠮᠠᠭᠯᠠᠭᠰᠠᠨ ᠰᠡᠵᠢᠭᠯᠡᠯᠲᠡᠢ ᠢᠨᠲ᠋ᠧᠷ ᠰᠦᠯᠵᠢᠶᠡᠨ᠎ᠤ ᠣᠯᠠᠨ ᠨᠡᠶ᠋ᠢᠲᠡ ᠵᠢᠨ ᠳᠠᠩᠰᠠ ᠵᠢ ᠲᠥᠪᠯᠡᠷᠡᠭᠦᠯᠦᠨ ᠪᠠᠶ᠋ᠢᠴᠠᠭ᠋ᠠᠬᠤ ᠪᠣᠯᠣᠨ᠎ᠠ᠃ 《ᠡᠷᠬᠡ ᠰᠦᠷᠲᠦ ᠰᠢᠯᠭ᠋ᠠᠯᠲᠠ᠎ᠪᠠᠷ ᠰᠣᠷᠣᠭᠴᠢ ᠡᠯᠰᠡᠬᠦ ᠪᠠᠶ᠋ᠢᠭᠤᠯᠤᠮᠵᠢ ᠵᠢᠨ ᠠᠯᠪᠠᠨ᠎ᠤ ᠰᠦᠯᠵᠢᠶᠡᠨ᠎ᠤ ᠳᠡᠮᠳᠡᠭ ᠭᠡᠷᠡᠯᠲᠦᠭᠦᠯᠬᠦ》 ᠲᠤᠰᠬᠠᠢ ᠠᠵᠢᠯᠯᠠᠭ᠎ᠠ ᠵᠢ ᠥᠷᠨᠢᠭᠦᠯᠵᠦ᠂ ᠰᠢᠯᠭ᠋ᠠᠭᠤᠯᠤᠭᠴᠢ ᠪᠠ ᠭᠡᠷ᠎ᠤᠨ ᠠᠬᠠᠮᠠᠳ᠎ᠤᠨ ᠢᠯᠭ᠋ᠠᠨ ᠲᠠᠨᠢᠬᠤ᠎ᠳᠤ ᠲᠥᠬᠦᠮ ᠦᠵᠡᠭᠦᠯᠦᠨ᠎ᠡ᠃ ᠳᠡᠭᠡᠳᠦ ᠰᠢᠯᠭ᠋ᠠᠯᠲᠠ ᠵᠢᠨ ᠡᠷᠡᠮᠡᠯᠵᠡᠯ ᠲᠠᠭᠯᠠᠬᠤ ᠯᠠᠪᠯᠠᠯᠭ᠎ᠠ ᠵᠢᠨ ᠦᠢ᠍ᠯᠡᠴᠢᠯᠡᠭᠡᠨ᠎ᠤ ᠲᠤᠰᠬᠠᠢ ᠠᠵᠢᠯᠯᠠᠭ᠎ᠠ ᠵᠢ ᠥᠷᠨᠢᠭᠦᠯᠵᠦ᠂ ᠳᠡᠭᠡᠳᠦ ᠰᠢᠯᠭ᠋ᠠᠯᠲᠠ ᠵᠢᠨ ᠣᠶᠤᠨᠴᠢ ᠦᠢ᠍ᠯᠡᠴᠢᠯᠡᠭᠡᠨ᠎ᠤ ᠰᠢᠰᠲ᠋ᠧᠮ᠎ᠢ ᠡᠬᠢᠯᠡᠨ ᠠᠵᠢᠯᠯᠠᠭᠤᠯᠵᠤ᠂ ᠮᠡᠳᠡᠭᠡ ᠵᠠᠩᠭᠢᠴᠢᠯᠠᠯᠲᠠ ᠵᠢᠨ ᠠᠷᠭ᠎ᠠ ᠪᠠᠷᠢᠯ᠎ᠢ ᠬᠡᠷᠡᠭᠯᠡᠨ ᠣᠯᠠᠨ ᠠᠷᠭ᠎ᠠ ᠵᠠᠮ ᠵᠶ᠋ᠠᠷ ᠰᠢᠯᠭ᠋ᠠᠭᠤᠯᠤᠭᠴᠢ ᠪᠠ ᠭᠡᠷ᠎ᠤᠨ ᠠᠬᠠᠮᠠᠳ᠎ᠲᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ᠂ ᠯᠠᠪᠯᠠᠯᠲᠠ ᠵᠢᠨ ᠮᠡᠳᠡᠭᠡ ᠵᠠᠩᠭᠢ ᠵᠢᠴᠢ ᠠᠰᠠᠭᠤᠨ ᠯᠠᠪᠯᠠᠬᠤ ᠵᠢᠯᠣᠭᠤᠳᠤᠯᠭ᠎ᠠ ᠵᠡᠷᠭᠡ ᠵᠢ ᠬᠠᠩᠭ᠋ᠠᠵᠤ᠂ ᠰᠢᠯᠭ᠋ᠠᠭᠤᠯᠤᠭᠴᠢ ᠪᠠ ᠭᠡᠷ᠎ᠤᠨ ᠠᠬᠠᠮᠠᠳ᠎ᠤᠨ 《ᠪᠠᠴᠢᠮᠳᠠᠬᠤ ᠲᠦᠪᠡᠭᠳᠡᠬᠦ ᠵᠤᠪᠠᠨᠢᠬᠤ ᠬᠦᠰᠡᠬᠦ》 ᠲᠣᠪᠣᠶ᠋ᠢᠮ᠎ᠠ ᠠᠰᠠᠭᠤᠳᠠᠯ ᠪᠠ 《ᠵᠠᠩᠭᠢᠯᠠᠭ᠎ᠠ ᠵᠢᠨ ᠪᠠᠭ᠎ᠠ ᠶᠠᠪᠤᠳᠠᠯ》 ᠎ᠢ ᠬᠦᠴᠦᠯᠡᠨ ᠰᠢᠢ᠍ᠳᠪᠦᠷᠢᠯᠡᠬᠦ ᠪᠣᠯᠣᠨ᠎ᠠ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ ᠬᠦᠰᠡᠯ ᠨᠠᠶ᠋ᠢᠳᠠᠯᠭ᠎ᠠ ᠵᠢ᠎ᠨᠢ ᠥᠯᠥ ᠬᠥᠰᠡᠷᠳᠡᠭᠦᠯᠵᠦ ᠢᠲᠡᠭᠡᠯ ᠵᠣᠷᠢᠭ ᠵᠶ᠋ᠠᠨ ᠪᠠᠲᠤᠳᠬᠠᠨ ᠢᠳᠡᠷᠡᠭᠦᠨ ᠠᠯᠬᠤᠭ᠎ᠠ᠎ᠪᠠᠷ ᠤᠷᠤᠭᠰᠢᠯᠠᠨ᠎ᠠ — ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠪᠠᠶᠠᠨᠨᠠᠭᠤᠷ᠎ᠲᠠᠬᠢ ᠰᠢᠨᠵᠢᠯᠡᠨ ᠪᠠᠶ᠋ᠢᠴᠠᠭ᠋ᠠᠯᠲᠠ ᠪᠠ ᠴᠢᠬᠤᠯᠠ ᠶᠠᠷᠢᠶ᠎ᠠ ᠪᠦᠭᠦ ᠣᠷᠣᠨ᠎ᠤ ᠺᠠᠳ᠋ᠷ ᠣᠯᠠᠨ ᠲᠦᠮᠡᠨ᠎ᠤ ᠳᠤᠮᠳᠠ ᠴᠢᠩᠭ᠎ᠠ ᠲᠤᠰᠬᠠᠯ ᠭᠠᠷᠪᠠ
ᠨᠣᠮᠢᠨ ᠨᠣᠭᠤᠭ᠋ᠠᠨ ᠤᠮᠠᠷᠠᠲᠤ ᠬᠢᠯᠢ ᠵᠢᠨ ᠯᠤᠲᠤ ᠰᠢᠨ᠎ᠡ ᠬᠤᠪᠢᠷᠠᠯᠲᠠ ᠵᠢ ᠪᠤᠶ ᠪᠣᠯᠭ᠋ᠠᠨ᠎ᠠ — ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠥᠪᠥᠷ ᠮᠣᠩᠭᠤᠯ᠎ᠤᠨ ᠬᠠᠷᠢᠭᠤᠯᠲᠠ ᠵᠢᠨ ᠬᠠᠭᠤᠳᠠᠰᠤ ᠵᠢᠨ ᠲᠤᠬᠠᠢ ᠰᠢᠷᠢᠰ ᠮᠡᠳᠡᠭᠡᠯᠡᠯ ③
ᠮᠠᠨ᠎ᠤ ᠣᠷᠣᠨ᠎ᠤ 3 ᠨᠢᠭᠡᠴᠡ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠠᠩᠬᠠᠨ᠎ᠤ ᠪᠦᠯᠦᠭ᠎ᠤᠨ ᠰᠠᠭᠤᠷᠢᠨ ᠭᠠᠵᠠᠷ ᠵᠶ᠋ᠠᠷ ᠦᠨᠡᠯᠡᠭᠳᠡᠪᠡ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠰᠬᠠᠢ ᠰᠡᠳᠦᠪ ᠵᠶ᠋ᠠᠷ ᠤᠯᠠᠮᠵᠢᠯᠠᠨ ᠰᠤᠷᠤᠯᠴᠠᠵᠤ ᠲᠤᠤᠱᠯᠠᠭᠤᠯᠪᠠ
ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠲᠥᠷᠥᠯ᠎ᠤᠨ ᠬᠢᠶᠠᠭ ᠡᠪᠡᠰᠦᠨ᠎ᠤ ᠡᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ ᠲᠦᠩᠯᠢᠶᠤᠤ ᠬᠤᠳᠠ᠎ᠳᠤ ᠬᠤᠷᠠᠯᠳᠤᠪᠠ
 
             蒙ICP备05000248号