ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠲᠠᠭ᠋ᠠᠯ
ᠨᠡᠶ᠋ᠢᠲᠡᠯᠡᠭᠰᠡᠨ ᠴᠠᠭ᠄ 2023-07-12

            ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ

           ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠲᠠᠭ᠋ᠠᠯ

 

 

        (2023 ᠣᠨ᠎ᠤ 7 ᠰᠠᠷ᠎ᠠ ᠵᠢᠨ 5᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ

        ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ

        ᠵᠢᠷᠭᠤᠳᠤᠭ᠋ᠠᠷ ᠪᠦᠭᠦᠳᠡ ᠬᠤᠷᠠᠯ᠎ᠠᠴᠠ ᠪᠠᠲᠤᠯᠠᠪᠠ)

      ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ᠎ᠳᠤ ᠰᠢᠨ᠎ᠡ ᠵᠠᠮ ᠨᠡᠭᠡᠭᠡᠬᠦ ᠵᠢᠨ ᠲᠥᠯᠥᠭᠡ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠳᠣᠣᠷᠠᠬᠢ ᠮᠡᠲᠦ ᠲᠣᠭᠲᠠᠭ᠋ᠠᠯ ᠭᠠᠷᠭ᠋ᠠᠪᠠ᠃

      ᠨᠢᠭᠡ᠂ ᠨᠠᠮ᠎ᠤᠨ ᠠᠴᠢ ᠡᠨᠡᠷᠢᠯ᠎ᠳᠤ ᠲᠠᠯᠠᠷᠬᠠᠨ ᠨᠠᠮ ᠵᠶ᠋ᠠᠨ ᠲᠠᠭ᠋ᠠᠬᠤ᠂ ᠶᠡᠷᠦᠩᠬᠡᠢ ᠱᠦᠵᠢ ᠰᠢ ᠵᠢᠨ ᠫᠢᠩ᠎ᠢ ᠡᠷᠡᠰ ᠲᠠᠭ᠋ᠠᠵᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ ᠲᠠᠯ᠎ᠠ᠎ᠪᠠᠷ ᠵᠢᠱ᠌ᠢᠶᠡᠴᠢ ᠪᠤᠯᠬᠤ ᠬᠡᠷᠡᠭᠲᠡᠢ

      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠬᠤᠪᠢ᠎ᠳᠤ᠂ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠬᠤ᠎ᠳᠤ ᠪᠠᠶ᠋ᠢᠳᠠᠭ᠃ ᠡᠷᠬᠡᠪᠰᠢ ᠨᠠᠮ ᠵᠶ᠋ᠠᠨ ᠳᠠᠭ᠋ᠠᠬᠤ᠂ ᠨᠠᠮ᠎ᠤᠨ ᠲᠥᠪ ᠬᠤᠷᠢᠶ᠎ᠠ᠎ᠪᠠᠨ ᠳᠠᠭ᠋ᠠᠬᠤ ᠬᠤᠪᠢᠰᠬᠠᠯᠲᠤ ᠤᠳᠤᠮᠰᠢᠯ᠎ᠢ ᠰᠠᠶ᠋ᠢᠲᠤᠷ ᠵᠠᠯᠭ᠋ᠠᠮᠵᠢᠯᠠᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠣᠯᠠᠨ ᠲᠦᠮᠡᠨ᠎ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶ᠋ᠢᠭ᠋ᠠᠳ 《ᠬᠤᠶᠠᠷ᠎ᠢ ᠲᠣᠭᠲᠠᠭ᠋ᠠᠭᠰᠠᠨ》 ᠎ᠤ ᠰᠢᠢ᠍ᠳᠪᠦᠷᠢᠯᠡᠭᠴᠢ ᠠᠴᠢ ᠬᠤᠯᠪᠣᠭᠳᠠᠯ᠎ᠢ ᠨᠠᠩ ᠭᠦᠨᠵᠡᠭᠡᠢ ᠣᠶ᠋ᠢᠯᠠᠭ᠋ᠠᠭᠤᠯᠵᠤ᠂ ᠨᠠᠩ ᠤᠬᠠᠮᠰᠠᠷ᠎ᠠᠴᠠ᠎ᠪᠠᠨ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠬᠡᠷᠡᠭᠲᠡᠢ᠃

      (ᠨᠢᠭᠡ) ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ᠎ᠲᠠᠢ ᠢᠮᠠᠭᠲᠠ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠬᠤ ᠬᠡᠷᠡᠭᠲᠡᠢ᠃ 《ᠬᠤᠶᠠᠷ᠎ᠢ ᠬᠠᠮᠠᠭ᠋ᠠᠯᠠᠬᠤ》 ᠵᠢᠨ ᠳᠦᠷᠢᠮ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠴᠢᠩᠭ᠎ᠠ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶ᠎ᠠ ᠵᠢᠨ ᠵᠠᠷᠯᠢᠭ᠎ᠢ ᠡᠷᠡᠰ ᠳᠠᠭ᠋ᠠᠵᠤ᠂ ᠨᠠᠮ᠎ᠤᠨ ᠲᠥᠪ ᠬᠤᠷᠢᠶ᠎ᠠ ᠵᠢᠨ ᠵᠢᠯᠣᠭᠤᠳᠤᠯᠭ᠎ᠠ ᠵᠢ ᠡᠷᠡᠰ ᠳᠠᠭ᠋ᠠᠵᠤ᠂ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠳᠤᠮᠳᠠᠬᠢ ᠬᠡᠮᠵᠢᠶ᠎ᠡ᠂ ᠵᠥᠷᠢᠶ᠎ᠡ᠂ ᠬᠡᠯᠪᠡᠶ᠋ᠢᠭᠦᠦ ᠵᠢ ᠡᠷᠡᠰ ᠵᠠᠯᠠᠷᠠᠭᠤᠯᠵᠤ᠂ ᠨᠠᠮ᠎ᠤᠨ ᠲᠥᠪ ᠬᠤᠷᠢᠶ᠎ᠠ ᠵᠢᠨ ᠰᠠᠨᠠᠭ᠋ᠠᠴᠢᠯᠠᠭᠰᠠᠨ᠎ᠢ ᠡᠷᠡᠰ ᠴᠤᠤᠷᠢᠶᠠᠲᠤᠨ ᠳᠠᠭ᠋ᠠᠵᠤ᠂ ᠨᠠᠮ᠎ᠤᠨ ᠲᠥᠪ ᠬᠤᠷᠢᠶ᠎ᠠ ᠵᠢᠨ ᠲᠣᠭᠲᠠᠭ᠋ᠠᠭᠰᠠᠨ᠎ᠢ ᠡᠷᠡᠰ ᠵᠢᠷᠤᠮᠯᠠᠨ ᠭᠦᠢ᠍ᠴᠡᠳᠬᠡᠵᠦ᠂ ᠨᠠᠮ᠎ᠤᠨ ᠲᠥᠪ ᠬᠤᠷᠢᠶ᠎ᠠ ᠵᠢᠨ ᠴᠠᠭ᠋ᠠᠵᠠᠯᠠᠭᠰᠠᠨ᠎ᠢ ᠡᠷᠡᠰ ᠬᠢᠬᠦ ᠦᠭᠡᠢ ᠪᠠᠶ᠋ᠢᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠠᠨ ᠨᠢᠭᠡᠳᠬᠡᠨ ᠰᠦᠭ ᠰᠦᠨᠡᠰᠦ᠎ᠪᠠᠨ ᠱᠤᠭᠤᠬᠤ ᠵᠢ ᠴᠥᠬᠦᠷᠡᠰᠢ ᠦᠭᠡᠢ ᠪᠠᠷᠢᠮᠲᠠᠯᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠎ᠢ ᠰᠠᠶ᠋ᠢᠲᠤᠷ ᠥᠷᠨᠢᠭᠦᠯᠵᠦ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠨᠠᠮ᠎ᠤᠨ ᠭᠡᠰᠢᠭᠦᠨ᠎ᠢ ᠪᠠᠶ᠋ᠢᠩᠭᠤᠵᠢᠭᠤᠯᠤᠨ ᠵᠡᠪᠰᠡᠭᠯᠡᠬᠦ᠂ ᠤᠯᠠᠨ ᠲᠦᠮᠡᠨ᠎ᠢ ᠬᠥᠮᠥᠵᠢᠭᠦᠯᠬᠦ ᠳᠦᠷᠢᠮ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ᠃ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠡᠭᠡ ᠶᠣᠰᠣ ᠵᠢ ᠮᠡᠳᠡᠬᠦ᠂ ᠶᠡᠭᠡ ᠲᠠᠯ᠎ᠠ ᠵᠢ ᠬᠠᠷᠠᠭ᠋ᠠᠯᠵᠠᠬᠤ᠂ ᠬᠡᠪ ᠰᠤᠷᠲᠠᠯ᠎ᠢ ᠡᠷᠭᠢᠮᠯᠡᠭᠦ᠂ ᠬᠤᠪᠢ ᠨᠡᠮᠡᠷᠢ ᠦᠵᠡᠭᠦᠯᠭᠦ᠎ᠪᠠᠷ ᠴᠢᠷᠮᠠᠶ᠋ᠢᠬᠤ᠂ ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠵᠠᠩ ᠴᠢᠨᠠᠷ᠎ᠢ ᠰᠠᠶ᠋ᠢᠲᠤᠷ ᠤᠯᠠᠮᠵᠢᠯᠠᠵᠤ᠂ ᠨᠠᠮ᠎ᠤᠨ ᠲᠥᠪ ᠬᠤᠷᠢᠶ᠎ᠠ᠎ᠠᠴᠠ ᠪᠠᠶ᠋ᠢᠷᠢᠯᠠᠭᠤᠯᠤᠭᠰᠠᠨ ᠯᠠ ᠶᠤᠮ ᠪᠣᠯ᠂ ᠤᠯᠤᠰ᠎ᠲᠤ ᠬᠡᠷᠡᠭᠴᠡᠭᠡ᠎ᠲᠠᠢ ᠯᠡ ᠶᠤᠮ ᠪᠣᠯ ᠡᠷᠡᠰ ᠬᠢᠵᠦ᠂ ᠳᠠᠷᠤᠶ᠋ᠢᠬᠠᠨ ᠭᠦᠢ᠍ᠴᠡᠳᠬᠡᠵᠦ᠂ ᠪᠣᠳᠠᠲᠠᠢ ᠠᠳᠬᠤᠵᠤ᠂ ᠠᠯᠢᠪᠠ ᠪᠦᠭᠦᠨ ᠶᠡᠭᠡ ᠲᠠᠯ᠎ᠠ ᠵᠢ ᠳᠠᠭ᠋ᠠᠵᠤ᠂ ᠶᠡᠭᠡ ᠲᠠᠯ᠎ᠠ᠎ᠳᠤ ᠦᠢ᠍ᠯᠡᠴᠢᠯᠡᠵᠦ᠂ ᠶᠡᠭᠡ ᠲᠠᠯ᠎ᠠ ᠵᠢ ᠬᠠᠮᠠᠭ᠋ᠠᠯᠠᠬᠤ ᠬᠡᠷᠡᠭᠲᠡᠢ᠃

      (ᠬᠤᠶᠠᠷ) ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠵᠢ ᠲᠡᠷᠡ ᠶᠣᠰᠣᠭ᠋ᠠᠷ᠎ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃ ᠨᠠᠮ᠎ᠤᠨ ᠭᠡᠰᠢᠭᠦᠨ᠂ ᠺᠠᠳ᠋ᠷᠴᠤᠳ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠵᠣᠷᠢᠭ ᠰᠠᠨᠠᠭ᠋ᠠᠨ᠎ᠤ ᠮᠥᠨ ᠴᠢᠨᠠᠷ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠦᠷᠭᠦᠯᠵᠢᠯᠡᠨ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠪᠦᠭᠦ ᠨᠡᠶ᠋ᠢᠭᠡᠮ᠎ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠦᠭᠦ ᠣᠷᠣᠨ ᠳᠠᠶᠠᠭ᠋ᠠᠷ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠠᠬᠢ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ ᠵᠢ ᠭᠦᠨᠵᠡᠭᠡᠢ ᠣᠶ᠋ᠢᠯᠠᠭ᠋ᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠵᠢᠷᠤᠭᠯᠠᠵᠤ ᠥᠭᠭᠦᠭᠰᠡᠨ ᠬᠥᠭᠵᠢᠯᠲᠡ ᠵᠢᠨ ᠵᠢᠷᠤᠭ ᠲᠥᠯᠥᠪᠯᠡᠭᠡ᠂ ᠲᠣᠭᠲᠠᠭ᠋ᠠᠭᠰᠠᠨ ᠠᠵᠢᠯᠯᠠᠭ᠋ᠠᠨ᠎ᠤ ᠬᠥᠲᠥᠯᠪᠦᠷᠢ ᠵᠢ ᠭᠦᠨᠵᠡᠭᠡᠢ ᠣᠶ᠋ᠢᠯᠠᠭ᠋ᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠠᠷ ᠡᠷᠡᠰ ᠭᠤᠶ᠋ᠢᠪᠢᠰᠢ ᠦᠭᠡᠢ ᠤᠷᠤᠭᠰᠢᠯᠠᠭᠤᠯᠬᠤ ᠬᠡᠷᠡᠭᠲᠡᠢ᠃ ᠪᠦᠬᠦᠯᠢ ᠴᠣᠭᠴᠠ᠎ᠪᠠᠷ᠎ᠨᠢ ᠣᠶ᠋ᠢᠯᠠᠭ᠋ᠠᠨ ᠡᠵᠡᠮᠰᠢᠬᠦ᠂ ᠨᠢᠭᠡ ᠴᠣᠭᠴᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠪᠠᠷᠢᠮᠲᠠᠯᠠᠵᠤ᠂ ᠮᠡᠳᠡᠬᠦ ᠬᠢᠬᠦ ᠵᠢ ᠨᠢᠭᠡᠳᠬᠡᠨ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠰᠠᠶ᠋ᠢᠲᠤᠷ ᠠᠳᠬᠤᠵᠤ᠂ ᠵᠤᠷᠪᠤᠰ ᠳᠠᠷᠠᠭ᠋ᠠᠯᠠᠨ ᠨᠠᠶ᠋ᠢᠳᠠᠪᠤᠷᠢᠵᠢᠭᠤᠯᠵᠤ᠂ ᠨᠢᠭᠡᠳ ᠨᠢᠭᠡ᠎ᠪᠠᠷ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠶᠠᠪᠤᠳᠠᠯ ᠪᠣᠯᠭ᠋ᠠᠨ᠎ᠳᠤ ᠦᠷ᠎ᠡ ᠪᠦᠲᠦᠮᠵᠢ ᠭᠠᠷᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠲᠣᠭᠤᠷᠢᠨ ᠪᠠᠶ᠋ᠢᠴᠠᠭ᠋ᠠᠯᠲᠠ᠂ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠴᠢᠬᠤᠯᠠ ᠠᠭᠤᠯᠭ᠎ᠠ ᠪᠤᠯᠭ᠋ᠠᠵᠤ᠂ ᠡᠭᠦᠷᠭᠡ ᠵᠢᠨ ᠬᠤᠪᠢᠶᠠᠷᠢᠯᠠᠯ᠂ ᠱᠠᠯᠠᠪᠳᠠᠭᠤᠯᠤᠨ ᠨᠠᠶ᠋ᠢᠳᠠᠪᠤᠷᠢᠵᠢᠭᠤᠯᠬᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠬᠦ᠂ ᠪᠠᠶ᠋ᠢᠴᠠᠭ᠋ᠠᠵᠤ ᠵᠠᠷᠯᠠᠨ ᠮᠡᠳᠡᠭᠳᠡᠬᠦ᠂ ᠦᠷ᠎ᠡ ᠪᠦᠲᠦᠮᠵᠢ ᠵᠢ ᠮᠥᠷᠳᠡᠨ ᠠᠰᠠᠭᠤᠬᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠪᠦᠭᠦ ᠬᠡᠯᠬᠢᠶᠡᠨ᠎ᠤ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠪᠠᠶ᠋ᠢᠩᠭᠤ ᠪᠠᠷᠢᠮᠵᠢᠶᠠᠯᠠᠨ ᠬᠠᠷᠭᠤᠭᠤᠯᠵᠤ᠂ ᠬᠡᠯᠪᠡᠶ᠋ᠢᠭᠦᠦ᠎ᠪᠠᠨ ᠴᠠᠭ ᠲᠤᠬᠠᠢ᠎ᠳᠤᠨᠢ ᠵᠠᠯᠠᠷᠠᠭᠤᠯᠵᠤ᠂ ᠣᠪᠯᠠᠨ ᠠᠭ᠋ᠠᠰᠢᠯᠠᠬᠤ᠂ ᠨᠥᠬᠦᠴᠡᠯ ᠳᠤᠷᠠᠳᠬᠤ᠂ ᠳᠤᠲᠠᠭᠤ ᠳᠣᠷᠭᠤᠨ ᠬᠢᠬᠦ᠂ ᠰᠣᠩᠭᠤᠯᠲᠠ ᠬᠢᠬᠦ᠂ ᠵᠣᠬᠢᠴᠠᠭᠤᠯᠤᠨ ᠲᠣᠬᠢᠷᠠᠭᠤᠯᠬᠤ ᠠᠵᠢᠯᠯᠠᠭ᠎ᠠ ᠵᠢ ᠡᠷᠡᠰ ᠡᠰᠡᠷᠭᠦᠴᠡᠨ ᠵᠠᠰᠠᠬᠤ ᠬᠡᠷᠡᠭᠲᠡᠢ᠃

      (ᠭᠤᠷᠪᠠ) ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠠᠮ᠎ᠤᠨ ᠠᠴᠢ ᠡᠨᠡᠷᠢᠯ᠎ᠳᠤ ᠨᠡᠩ ᠦᠨᠡᠨ ᠰᠡᠳᠬᠢᠯ᠎ᠠᠴᠠ᠎ᠪᠠᠨ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ ᠵᠢ ᠬᠥᠮᠥᠵᠢᠭᠦᠯᠦᠨ ᠬᠥᠲᠥᠯᠥᠨ ᠵᠢᠯᠤᠭᠤᠳᠬᠤ ᠬᠡᠷᠡᠭᠲᠡᠢ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠎ᠲᠠᠢ ᠤᠶᠠᠯᠳᠤᠭᠤᠯᠤᠨ᠂ 《ᠨᠠᠮ᠎ᠤᠨ ᠠᠴᠢ ᠡᠨᠡᠷᠢᠯ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠨᠢᠭᠡᠨ ᠬᠠᠪᠰᠤᠷᠤᠨ ᠵᠢᠯᠤᠭᠤᠳᠬᠤ ᠨᠣᠮ᠂ ᠨᠢᠭᠡᠨ ᠬᠥᠭᠵᠢᠯᠲᠡ ᠵᠢᠨ ᠳᠠᠩᠰᠠ᠂ ᠨᠢᠭᠡᠨ ᠠᠷᠠᠳ᠎ᠲᠤ ᠠᠰᠢᠭ ᠬᠦᠷᠲᠡᠭᠡᠬᠦ ᠺᠠᠷᠲ᠂ ᠨᠢᠭᠡ ᠢᠵᠢ ᠰᠤᠷᠤᠬ᠍ᠴᠢᠳ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠬᠤ ᠮᠠᠲ᠋ᠧᠷᠢᠶᠠᠯ᠂ ᠨᠢᠭᠡᠨ ᠣᠳᠣᠬᠢᠴᠢᠯᠠᠭᠰᠠᠨ ᠬᠥᠭᠵᠢᠯᠲᠡ ᠵᠢᠨ ᠵᠢᠷᠤᠭ ᠲᠥᠰᠥᠪ᠂ ᠨᠢᠭᠡ ᠪᠦᠯᠦᠭ ᠬᠤᠪᠢᠰᠬᠠᠯᠲᠤ ᠤᠳᠬ᠎ᠠ ᠤᠷᠠᠯᠢᠭ᠎ᠤᠨ ᠰᠣᠳᠣᠨ ᠪᠦᠲᠦᠭᠡᠯ ᠵᠡᠷᠭᠡ ᠠᠴᠢᠶᠠᠯᠠᠪᠤᠷᠢ ᠵᠢ ᠰᠠᠶ᠋ᠢᠲᠤᠷ ᠠᠰᠢᠭᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠤ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠭᠰᠠᠨ ᠦᠨᠳᠦᠰᠦᠲᠡᠨ᠎ᠤ ᠣᠷᠣᠨ ᠪᠣᠯᠣᠨ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠰᠢᠭᠤᠳ ᠤᠳᠤᠷᠢᠳᠤᠯᠭ᠎ᠠ ᠳᠣᠣᠷ᠎ᠠ ᠪᠠᠶ᠋ᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ᠎ᠤᠨ ᠲᠥᠪ ᠬᠤᠷᠢᠶ᠎ᠠ ᠵᠢᠨ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ᠎ᠤᠨ ᠠᠵᠢᠯ᠎ᠤᠨ ᠳᠤᠮᠳᠠ ᠢᠯᠡᠷᠡᠭᠰᠡᠨ ᠴᠢᠬᠤᠯᠠ ᠶᠡᠭᠡ ᠬᠡᠯᠪᠡᠶ᠋ᠢᠭᠦᠦ ᠵᠢ ᠴᠥᠮ ᠨᠠᠮ᠎ᠤᠨ ᠲᠥᠪ ᠬᠤᠷᠢᠶ᠎ᠠ᠎ᠠᠴᠠ ᠬᠠᠪᠰᠤᠷᠤᠨ ᠵᠠᠯᠠᠷᠠᠭᠤᠯᠪᠠ᠂ ᠥᠪᠥᠷ ᠮᠣᠩᠭᠤᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠬᠤᠪᠢ᠎ᠳᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠠᠶ᠋ᠢᠳᠠᠭ ᠵᠡᠷᠭᠡ 《ᠲᠠᠪᠤᠨ ᠪᠠᠳᠠᠭ ᠦᠭᠡ》 ᠵᠢᠨ ᠦᠨᠡᠨ ᠶᠠᠪᠤᠳᠠᠯ ᠪᠠ ᠶᠣᠰᠣ ᠤᠴᠢᠷ᠎ᠢ ᠪᠠᠲᠤ ᠴᠡᠭᠡᠵᠢᠯᠡᠬᠦ ᠵᠢ ᠬᠥᠮᠥᠵᠢᠭᠦᠯᠵᠦ ᠬᠥᠲᠥᠯᠥᠨ ᠵᠢᠯᠤᠭᠤᠳᠬᠤ ᠬᠡᠷᠡᠭᠲᠡᠢ᠃ ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠪᠠᠶ᠋ᠢᠩᠭᠤ ᠪᠥᠭᠡᠳ ᠪᠦᠲᠦᠮᠵᠢᠲᠡᠶ ᠥᠷᠨᠢᠭᠦᠯᠬᠦ ᠵᠢ ᠠᠬᠢᠭᠤᠯᠵᠤ᠂ ᠥᠪᠥᠷ ᠮᠣᠩᠭᠤᠯ ᠣᠷᠣᠨ᠎ᠳᠠᠬᠢ ᠨᠠᠮ᠎ᠤᠨ ᠲᠡᠦᠬᠡ ᠵᠢᠨ ᠲᠤᠬᠠᠢ ᠰᠤᠳᠤᠯᠤᠯᠲᠠ ᠲᠠᠶ᠋ᠢᠯᠪᠤᠷᠢᠯᠠᠯᠲᠠ ᠵᠢ ᠭᠦᠨᠵᠡᠭᠡᠶ᠋ᠢᠷᠡᠭᠦᠯᠦᠨ᠂ ᠡᠯ᠎ᠡ ᠠᠵᠢᠯ ᠲᠥᠷᠥᠯ᠎ᠤᠨ ᠲᠡᠷᠢᠭᠦᠨ᠎ᠤ ᠵᠢᠱ᠌ᠢᠶᠡᠴᠢ ᠬᠥᠮᠥᠰ᠎ᠤᠨ ᠨᠠᠮ᠎ᠤᠨ ᠠᠴᠢ ᠡᠨᠡᠷᠢᠯ᠎ᠳᠤ ᠲᠠᠯᠠᠷᠬᠠᠭᠰᠠᠨ ᠦᠢ᠍ᠯᠡ ᠠᠵᠢᠯᠯᠠᠭ᠎ᠠ ᠵᠢᠨ ᠮᠡᠳᠡᠭᠦᠯᠦᠯᠲᠡ ᠵᠢᠨ ᠬᠤᠷᠠᠯ᠎ᠢ ᠡᠷᠭᠢᠯᠡᠵᠦ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠤᠷᠢᠶ᠎ᠠ ᠵᠢᠨ ᠥᠪᠥᠷ ᠮᠣᠩᠭᠤᠯ᠎ᠳᠠᠬᠢ ᠬᠠᠯᠠᠮᠵᠢᠯᠠᠯ ᠪᠠ ᠳᠡᠮᠵᠢᠯᠭᠡ ᠵᠢ ᠶᠡᠬᠡᠪᠡᠷ ᠤᠬᠠᠭᠤᠯᠤᠨ᠂ ᠦᠨᠡᠨᠴᠢ ᠰᠢᠳᠤᠷᠭᠤ᠎ᠪᠠᠷ ᠬᠠᠮᠠᠭ᠋ᠠᠯᠠᠵᠤ᠂ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ ᠬᠠᠶ᠋ᠢᠷ᠎ᠠ ᠰᠡᠳᠬᠢᠯᠭᠡ ᠵᠢᠨ ᠰᠠᠭᠤᠷᠢ ᠪᠠ ᠬᠦᠴᠦᠨ ᠴᠢᠳᠠᠯ᠎ᠤᠨ ᠡᠬᠢ ᠰᠤᠷᠪᠤᠯᠵᠢ ᠵᠢ ᠭᠦᠨ ᠦᠨᠳᠦᠰᠦᠯᠡᠭᠦᠯᠦᠨ ᠪᠣᠶ᠋ᠢᠵᠢᠭᠤᠯᠵᠤ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠦᠨᠡᠨ ᠰᠡᠳᠬᠢᠯ᠎ᠠᠴᠠ᠎ᠪᠠᠨ ᠨᠠᠮ᠎ᠳᠤ ᠲᠠᠯᠠᠷᠬᠠᠬᠤ᠂ ᠨᠠᠮ᠎ᠤᠨ ᠲᠥᠪ ᠬᠤᠷᠢᠶ᠎ᠠ᠎ᠳᠤ ᠲᠠᠯᠠᠷᠬᠠᠬᠤ᠂ ᠶᠡᠷᠦᠩᠬᠡᠢ ᠱᠦᠵᠢ ᠰᠢ ᠵᠢᠨ ᠫᠢᠩ᠎ᠳᠤ ᠲᠠᠯᠠᠷᠬᠠᠬᠤ ᠪᠤᠯᠭ᠋ᠠᠬᠤ ᠬᠡᠷᠡᠭᠲᠡᠢ᠃

      ᠬᠤᠶᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠠᠯ᠎ᠠ᠎ᠪᠠᠷ ᠵᠢᠱ᠌ᠢᠶᠡᠴᠢ ᠪᠤᠯᠬᠤ ᠬᠡᠷᠡᠭᠲᠡᠢ

      ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠶ᠋ᠢᠲᠡᠯᠢᠭ ᠴᠢᠨᠠᠷ ᠪᠠ ᠵᠥᠷᠢᠶᠡᠲᠦ ᠴᠢᠨᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠠ ᠡᠯ᠎ᠡ ᠦᠨᠳᠦᠰᠦᠲᠡᠨ᠎ᠤ ᠤᠬᠠᠮᠰᠠᠷ᠂ ᠳᠤᠮᠳᠠᠳᠤ ᠵᠢᠨ ᠰᠣᠶᠣᠯ ᠪᠠ ᠡᠯ᠎ᠡ ᠦᠨᠳᠦᠰᠦᠲᠡᠨ᠎ᠤ ᠰᠣᠶᠣᠯ᠂ ᠪᠣᠳᠠᠰ ᠪᠠ ᠤᠶᠤᠨ ᠰᠠᠨᠠᠭ᠋ᠠᠨ᠎ᠤ ᠬᠠᠷᠢᠴᠠᠭ᠎ᠠ ᠵᠢ ᠵᠥᠪ ᠡᠵᠡᠮᠳᠡᠵᠦ᠂ ᠡᠯ᠎ᠡ ᠵᠦᠢ᠍ᠯ᠎ᠤᠨ ᠠᠵᠢᠯ᠎ᠢ ᠦᠨᠡᠨ ᠪᠣᠳᠠᠲᠠᠢ ᠬᠠᠶ᠋ᠢᠷ᠎ᠠ ᠰᠡᠳᠬᠢᠯᠭᠡ᠎ᠲᠠᠢ ᠦᠷ᠎ᠡ ᠪᠦᠲᠦᠮᠵᠢᠲᠡᠢ ᠬᠢᠵᠦ᠂ ᠤᠳᠠᠭ᠋ᠠᠨ ᠳᠠᠭ᠋ᠠᠭ᠋ᠠᠮᠠᠭ᠋ᠠᠢ ᠰᠠᠶ᠋ᠢᠲᠤᠷ ᠬᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠱ᠌ᠢᠶ᠎ᠡ ᠦᠵᠡᠭᠦᠯᠭᠦ ᠣᠷᠣᠨ᠎ᠢ ᠪᠦᠭᠦ ᠲᠠᠯ᠎ᠠ᠎ᠪᠠᠷ ᠡᠭᠦᠳᠦᠨ ᠪᠠᠶ᠋ᠢᠭᠤᠯᠬᠤ ᠬᠡᠷᠡᠭᠲᠡᠢ᠃

      (ᠳᠥᠷᠪᠡ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠡᠯ᠎ᠡ ᠵᠦᠢ᠍ᠯ᠎ᠤᠨ ᠠᠵᠢᠯ᠎ᠳᠤ ᠲᠤᠭᠤᠰᠢᠯᠠᠭᠤᠯᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠰᠢᠵᠢᠮ ᠮᠥᠨ ᠪᠥᠭᠡᠳ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠤᠣᠯ ᠰᠢᠵᠢᠮ ᠮᠥᠨ ᠭᠡᠳᠡᠭ᠎ᠢ ᠢᠮᠠᠭᠲᠠ ᠪᠠᠲᠤ ᠴᠡᠭᠡᠵᠢᠯᠡᠵᠦ᠂ ᠠᠵᠤ ᠠᠬᠤᠢ ᠵᠢᠨ ᠪᠦᠲᠦᠭᠡᠨ ᠪᠠᠶ᠋ᠢᠭᠤᠯᠤᠯᠲᠠ᠂ ᠤᠯᠤᠰ ᠲᠦᠷᠦ ᠵᠢᠨ ᠪᠠᠶ᠋ᠢᠭᠤᠯᠤᠯᠲᠠ᠂ ᠰᠣᠶᠣᠯ᠎ᠤᠨ ᠪᠠᠶ᠋ᠢᠭᠤᠯᠤᠯᠲᠠ᠂ ᠨᠡᠶ᠋ᠢᠭᠡᠮ᠎ᠤᠨ ᠪᠠᠶ᠋ᠢᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠠ ᠨᠠᠮ᠎ᠤᠨ ᠪᠠᠶ᠋ᠢᠭᠤᠯᠤᠯᠲᠠ ᠵᠡᠷᠭᠡ ᠵᠢ ᠠᠬᠢᠭᠤᠯᠬᠤ᠎ᠳᠤ ᠴᠥᠮ ᠡᠨᠡ ᠬᠦ᠌ ᠭᠤᠣᠯ ᠰᠢᠵᠢᠮ᠎ᠤᠨ ᠲᠣᠭᠤᠷᠢᠨ᠎ᠳᠤ ᠥᠴᠥᠬᠡᠨ ᠴᠦ᠍ ᠰᠠᠯᠬᠤ ᠦᠭᠡᠢ ᠪᠠᠶ᠋ᠢᠵᠤ᠂ ᠶᠠᠮᠠᠷ ᠴᠤ᠌ ᠠᠵᠢᠯ ᠬᠢᠬᠦ᠂ ᠶᠠᠮᠠᠷᠪᠠ ᠤᠴᠢᠷ ᠶᠠᠪᠤᠳᠠᠯ᠎ᠢ ᠬᠢᠬᠦ᠎ᠳᠤ ᠴᠥᠮ ᠲᠡᠭᠦᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠠᠴᠢ ᠬᠤᠯᠪᠣᠭᠳᠠᠯ ᠣᠯᠭᠤᠵᠤ᠂ 《ᠭᠡᠳᠡᠰᠦᠨ᠎ᠤ ᠶᠠᠪᠤᠳᠠᠯ》᠎ᠢ ᠬᠠᠮᠢᠶᠠᠷᠬᠤ ᠮᠥᠷᠲᠡᠭᠡᠨ 《ᠦᠵᠡᠯ ᠰᠠᠨᠠᠭ᠋ᠠᠨ᠎ᠤ ᠠᠰᠠᠭᠤᠳᠠᠯ᠎ᠢ ᠴᠦ᠍ ᠬᠠᠮᠢᠶᠠᠷᠴᠤ》᠂ ᠨᠢᠳᠦᠨ᠎ᠳᠤ ᠬᠠᠷᠠᠭᠳᠠᠵᠤ ᠭᠠᠷ᠎ᠲᠤ ᠪᠠᠷᠢᠭᠳᠠᠬᠤ ᠠᠵᠢᠯ᠎ᠢ ᠬᠢᠬᠦ ᠮᠥᠷᠲᠡᠭᠡᠨ ᠪᠠᠰᠠ ᠶᠡᠭᠡ ᠬᠡᠮᠵᠢᠶᠡᠨ᠎ᠤ 《ᠵᠥᠭᠡᠯᠡᠨ ᠪᠣᠷᠣᠭ᠋ᠠᠨ ᠲᠦᠮᠡᠨ ᠪᠣᠳᠠᠰ᠎ᠢ ᠤᠮᠳᠠᠯᠠᠬᠤ》 ᠶᠠᠪᠤᠳᠠᠯ᠎ᠢ ᠬᠢᠵᠦ᠂ ᠣᠳᠣᠬᠠᠨ᠎ᠢ ᠠᠳᠬᠤᠬᠤ ᠮᠥᠷᠲᠡᠭᠡᠨ ᠠᠯᠤᠰ ᠢᠷᠡᠭᠡᠳᠦᠢ ᠵᠢ ᠴᠦ᠍ ᠠᠳᠬᠤᠬᠤ ᠬᠡᠷᠡᠭᠲᠡᠢ᠃ ᠬᠠᠤᠯᠢ ᠲᠣᠭᠲᠠᠭ᠋ᠠᠯ ᠲᠦᠷᠦ ᠵᠢᠨ ᠪᠣᠳᠣᠯᠭ᠎ᠠ ᠵᠢ ᠤᠷᠢᠳᠴᠢᠯᠠᠨ ᠬᠢᠨᠠᠨ ᠬᠠᠷᠭᠤᠭᠤᠯᠬᠤ᠂ ᠲᠠᠩᠰᠠᠯᠠᠵᠤ ᠬᠢᠨᠠᠨ ᠪᠠᠶ᠋ᠢᠴᠠᠭ᠋ᠠᠬᠤ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠢ ᠲᠣᠭᠲᠠᠭ᠋ᠠᠵᠤ᠂ ᠲᠦᠷᠦ ᠵᠢᠨ ᠪᠣᠳᠣᠯᠭ᠎ᠠ ᠵᠢᠨ ᠴᠢᠨᠠᠷᠲᠠᠢ ᠪᠢᠴᠢᠭ ᠮᠠᠲ᠋ᠧᠷᠢᠶᠠᠯ᠎ᠢ ᠲᠣᠭᠲᠠᠭ᠋ᠠᠬᠤ᠎ᠳᠠᠭᠠᠨ ᠴᠥᠮ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠦᠨᠳᠦᠰᠦᠨ ᠤᠷᠢᠲᠠᠯ ᠪᠤᠯᠭ᠋ᠠᠵᠤ᠂ ᠴᠥᠮ ᠳᠤᠮᠳᠠᠳᠤ ᠵᠢᠨ ᠦᠨᠳᠦᠰᠦᠲᠡᠨ᠎ᠤ ᠨᠡᠶ᠋ᠢᠲᠡᠯᠢᠭ ᠴᠢᠨᠠᠷ᠎ᠢ ᠴᠢᠩᠭ᠋ᠠᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠢᠩᠭ᠋ᠠᠳᠬᠠᠬᠤ ᠵᠢ ᠪᠣᠳᠣᠯᠬᠢᠯᠠᠬᠤ ᠬᠡᠷᠡᠭᠲᠡᠢ᠃

      (ᠲᠠᠪᠤ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠨᠤᠯ᠎ᠤᠨ ᠰᠤᠳᠤᠯᠭ᠋ᠠᠨ ᠪᠠ ᠤᠬᠠᠭᠤᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠣᠨᠣᠯ᠎ᠤᠨ ᠰᠤᠳᠤᠯᠭ᠋ᠠᠨ᠎ᠤ ᠰᠢᠨᠵᠢᠯᠡᠭᠡᠨ᠎ᠤ ᠰᠠᠯᠠᠭ᠎ᠠ ᠵᠢᠨ ᠰᠢᠰᠲ᠋ᠧᠮ᠂ ᠡᠷᠳᠡᠮ ᠰᠢᠨᠵᠢᠯᠡᠭᠡᠨ᠎ᠤ ᠰᠢᠰᠲ᠋ᠧᠮ᠂ ᠦᠭᠡ ᠬᠡᠯᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠥᠪᠥᠷ ᠮᠣᠩᠭᠤᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠰᠤᠳᠤᠯᠭ᠋ᠠᠨ᠎ᠤ ᠢᠨᠵᠧᠨᠧᠷᠢᠩ (2023 — 2027 ᠣᠨ) ᠎ᠢ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠤᠳᠤᠯᠭ᠋ᠠᠨ᠎ᠤ ᠬᠦᠷᠢᠶᠡᠯᠡᠩ᠎ᠢ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠤᠳᠤᠯᠭ᠋ᠠᠨ᠎ᠤ ᠰᠠᠭᠤᠷᠢᠨ᠎ᠤ ᠪᠠᠭᠲᠠᠭ᠋ᠠᠮᠵᠢ ᠵᠢ ᠥᠷᠭᠡᠳᠬᠡᠬᠦ᠂ ᠶᠠᠰᠤ ᠴᠢᠨᠠᠷ᠎ᠢ ᠳᠡᠭᠡᠭᠰᠢᠯᠡᠭᠦᠯᠭᠦ᠂ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ᠎ᠪᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠪᠠᠶ᠋ᠢᠩᠭᠤᠵᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠺᠠᠳ᠋ᠷ᠎ᠤᠨ ᠬᠥᠮᠦᠵᠢᠯ᠂ ᠨᠠᠮ᠎ᠤᠨ ᠭᠡᠰᠢᠭᠦᠨ᠎ᠤ ᠬᠥᠮᠦᠵᠢᠯ᠂ ᠤᠯᠤᠰ ᠠᠷᠠᠳ᠎ᠤᠨ ᠬᠥᠮᠦᠵᠢᠯ᠂ ᠨᠡᠶ᠋ᠢᠭᠡᠮ᠎ᠤᠨ ᠬᠥᠮᠦᠵᠢᠯ᠎ᠳᠤ ᠣᠷᠣᠭᠤᠯᠬᠤ ᠬᠡᠷᠡᠭᠲᠡᠢ᠃ ᠵᠠᠯᠠᠭᠤᠴᠤᠳ ᠪᠠᠭ᠋ᠠᠴᠤᠳ᠎ᠤᠨ ᠰᠤᠷᠭ᠋ᠠᠨ ᠬᠥᠮᠦᠵᠢᠯ᠎ᠠᠴᠠ ᠡᠬᠢᠯᠡᠨ ᠠᠳᠬᠤᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ᠎ᠳᠤ ᠣᠷᠣᠭᠤᠯᠬᠤ᠂ ᠪᠤᠢ ᠪᠦᠬᠦᠢ ᠬᠢᠴᠢᠶᠡᠯ᠎ᠤᠨ ᠲᠠᠩᠬᠢᠮ᠎ᠳᠤ ᠠᠭᠤᠰᠤᠯᠴᠠᠭᠤᠯᠬᠤ ᠵᠢ ᠠᠬᠢᠭᠤᠯᠬᠤ ᠬᠡᠷᠡᠭᠲᠡᠢ᠃

      (ᠵᠢᠷᠭᠤᠭ᠎ᠠ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠥᠷ ᠮᠣᠩᠭᠤᠯ᠎ᠤᠨ ᠡᠬᠡ ᠭᠠᠵᠠᠷ ᠳᠡᠭᠡᠷᠡᠬᠢ ᠭᠦᠨ ᠵᠤᠵᠠᠭ᠋ᠠᠨ ᠲᠡᠦᠬᠡ ᠰᠣᠶᠣᠯ ᠪᠠ ᠪᠠᠶᠠᠯᠢᠭ ᠰᠣᠶᠣᠯ ᠢᠷᠭᠡᠨᠰᠢᠯ᠎ᠤᠨ ᠡᠬᠢ ᠪᠠᠶᠠᠯᠢᠭ᠎ᠢ ᠭᠦᠢ᠍ᠴᠡᠳ ᠠᠭᠤᠳᠠᠯᠤᠨ ᠠᠮᠢᠳᠤᠯᠢᠭ ᠵᠶ᠋ᠠᠷ ᠢᠯᠡᠷᠡᠭᠦᠯᠵᠦ᠂ ᠬᠤᠪᠢᠰᠬᠠᠯ᠎ᠤᠨ ᠰᠣᠶᠣᠯ ᠪᠠ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ ᠭᠤᠣᠯ᠎ᠤᠨ ᠰᠣᠶᠣᠯ᠂ ᠤᠷᠳᠤ ᠴᠠᠭ᠋ᠠᠨ ᠬᠡᠷᠡᠮ᠎ᠤᠨ ᠰᠣᠶᠣᠯ᠎ᠢ ᠨᠢᠭᠡ ᠴᠣᠭᠴᠠ ᠪᠣᠯᠭ᠋ᠠᠨ ᠠᠭᠤᠰᠤᠯᠴᠠᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠮᠣᠩᠭᠤᠯ ᠮᠣᠷᠢᠨ᠎ᠤ ᠵᠣᠷᠢᠭ ᠰᠠᠨᠠᠭ᠎ᠠ ᠪᠣᠯᠣᠨ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠬᠠᠮᠲᠤ᠎ᠪᠠᠷ ᠪᠠᠳᠠᠷᠠᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠦᠨᠳᠦᠰᠦᠨ ᠠᠭᠤᠯᠭ᠎ᠠ ᠪᠤᠯᠭ᠋ᠠᠬᠰᠠᠨ 《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠪᠤᠢ ᠪᠤᠯᠭ᠋ᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠮᠥᠵᠢᠭᠦᠯᠵᠦ ᠬᠥᠲᠥᠯᠥᠨ ᠵᠢᠯᠤᠭᠤᠳᠴᠤ ᠪᠠᠶ᠋ᠢᠭ᠋ᠠᠳ ᠵᠥᠪ ᠤᠯᠤᠰ ᠣᠷᠣᠨ᠎ᠤ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠠᠲᠤ ᠪᠠᠬᠢ ᠪᠤᠶ ᠪᠤᠯᠭ᠋ᠠᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠰᠤᠳᠤᠯᠭ᠋ᠠᠨ᠎ᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠮᠠᠲ᠋ᠧᠷᠢᠶᠠᠯ᠎ᠤᠨ ᠡᠮᠬᠢᠳᠬᠡᠯ · ᠥᠪᠥᠷ ᠮᠣᠩᠭᠤᠯ᠎ᠤᠨ ᠪᠣᠳᠢ》 ᠵᠢ ᠨᠠᠶ᠋ᠢᠷᠠᠭᠤᠯᠬᠤ ᠠᠵᠢᠯ᠎ᠢ ᠪᠡᠶᠡᠯᠡᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠳᠤᠮᠳᠠᠳᠤ ᠵᠢᠨ ᠪᠣᠯᠪᠠᠰᠤᠨ᠎ᠤ ᠲᠤᠬᠠᠢ ᠵᠥᠪ ᠲᠠᠨᠢᠯᠲᠠ ᠪᠠ ᠲᠡᠦᠬᠡ ᠵᠢᠨ ᠢᠲᠡᠭᠡᠯ᠎ᠢ ᠨᠡᠮᠡᠭᠳᠡᠭᠦᠯᠬᠦ ᠬᠡᠷᠡᠭᠲᠡᠢ᠃ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠵᠢ ᠡᠷᠡᠰ ᠭᠤᠶ᠋ᠢᠪᠢᠰᠢ ᠦᠭᠡᠢ᠎ᠪᠠᠷ ᠪᠦᠭᠦ ᠲᠠᠯ᠎ᠠ᠎ᠪᠠᠷ ᠠᠬᠢᠭᠤᠯᠵᠤ᠂ ᠪᠠᠭᠰᠢ ᠵᠢᠨ ᠡᠩᠨᠡᠭᠡ ᠵᠢ ᠤᠯᠠᠮ ᠴᠢᠨᠠᠭᠰᠢᠳᠠ ᠪᠠᠶ᠋ᠢᠭᠤᠯᠤᠨ ᠬᠦᠴᠦᠷᠬᠡᠭᠵᠢᠭᠦᠯᠵᠦ᠂ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠢ ᠪᠠᠶᠠᠯᠢᠭᠵᠢᠭᠤᠯᠵᠤ᠂ ᠰᠤᠷᠭ᠋ᠠᠭᠤᠯᠢ ᠡᠷᠭᠢᠯᠡᠭᠦ ᠵᠠᠭᠪᠤᠷ᠎ᠤᠨ ᠰᠢᠨ᠎ᠡ ᠵᠢ ᠡᠭᠦᠳᠴᠦ᠂ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶ᠋ᠢᠲᠤᠷ ᠡᠵᠡᠮᠰᠢᠨ ᠬᠡᠷᠡᠭᠯᠡᠬᠦ ᠵᠢ ᠦᠨᠡᠨ ᠬᠦ᠌ ᠪᠠᠲᠤᠯᠠᠬᠤ ᠭᠡᠷᠡᠭᠲᠡᠢ; ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠨ ᠳᠡᠭᠡᠭᠰᠢᠯᠡᠭᠦᠯᠭᠦ ᠢᠨᠵᠧᠨᠧᠷᠢᠩ ᠪᠣᠯᠣᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠵᠢ ᠳᠡᠯᠭᠡᠷᠡᠭᠦᠯᠦᠨ ᠲᠦᠭᠡᠮᠡᠯᠵᠢᠭᠦᠯᠬᠦ ᠲᠥᠯᠥᠪᠯᠡᠭᠡ ᠵᠢ ᠬᠡᠷᠡᠭᠵᠢᠭᠦᠯᠵᠦ᠂ ᠦᠨᠳᠦᠰᠦᠲᠡᠨ᠎ᠤ ᠭᠠᠵᠠᠷ ᠣᠷᠣᠨ᠎ᠳᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠲᠠᠯ᠎ᠠ᠎ᠪᠠᠷ ᠦᠯᠢᠭᠡᠷ ᠳᠠᠭᠤᠷᠢᠶᠠᠯ ᠪᠤᠯᠬᠤ ᠬᠡᠷᠡᠭᠲᠡᠢ᠃ ᠦᠨᠳᠦᠰᠦᠲᠡᠨ᠎ᠨᠦᠭᠦᠳ᠎ᠤᠨ ᠦᠭᠡ ᠬᠡᠯᠡ ᠦᠰᠦᠭ ᠪᠢᠴᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ ᠪᠠ ᠬᠡᠷᠡᠭᠯᠡᠯᠲᠡ ᠵᠢ ᠬᠦᠨᠳᠦᠳᠬᠡᠨ ᠪᠠᠲᠤᠯᠠᠬᠤ ᠬᠡᠷᠡᠭᠲᠡᠢ᠃ ᠳᠤᠮᠳᠠᠳᠤ ᠵᠢᠨ ᠰᠣᠶᠣᠯ ᠪᠣᠯ ᠭᠤᠣᠯ ᠡᠰᠢ ᠮᠥᠨ᠂ ᠦᠨᠳᠦᠰᠦᠲᠡᠨ᠎ᠨᠦᠭᠦᠳ᠎ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ ᠭᠡᠬᠦ ᠬᠠᠷᠢᠴᠠᠭ᠎ᠠ ᠵᠢ ᠵᠥᠪ ᠣᠨᠣᠪᠴᠢᠲᠠᠢ ᠡᠵᠡᠮᠳᠡᠵᠦ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠪᠠᠶ᠋ᠢᠭ᠎ᠠ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠪᠤᠢ ᠪᠣᠯᠭ᠋ᠠᠨ ᠲᠤᠪᠤᠶ᠋ᠢᠯᠭ᠋ᠠᠵᠤ᠂ ᠦᠨᠳᠦᠰᠦᠲᠡᠨ᠎ᠨᠦᠭᠦᠳ᠎ᠤᠨ ᠰᠣᠶᠣᠯ᠎ᠤᠨ ᠳᠤᠮᠳᠠᠳᠤ ᠵᠢᠨ ᠰᠣᠶᠣᠯ᠎ᠤᠨ ᠲᠤᠬᠠᠢ ᠬᠠᠮᠲᠤ ᠵᠢᠨ ᠲᠠᠨᠢᠯᠲᠠ᠎ᠪᠠᠨ ᠴᠢᠩᠭ᠋ᠠᠳᠬᠠᠭᠰᠠᠨ ᠰᠠᠭᠤᠷᠢᠨ ᠳᠡᠭᠡᠷ᠎ᠡ ᠪᠦᠲᠦᠭᠡᠯᠴᠢ ᠴᠢᠨᠠᠷᠲᠠᠢ᠎ᠪᠠᠷ ᠣᠨᠳᠣᠣᠰᠢᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠠᠬᠢᠭᠤᠯᠵᠤ᠂ ᠵᠥᠷᠢᠶᠡᠲᠦ ᠴᠢᠨᠠᠷ᠎ᠢ ᠪᠠᠬᠢᠵᠢᠭᠦᠯᠬᠦ ᠪᠠ ᠴᠢᠩᠭ᠋ᠠᠷᠠᠭᠤᠯᠬᠤ᠂ ᠨᠡᠶ᠋ᠢᠲᠡᠯᠢᠭ ᠴᠢᠨᠠᠷ᠎ᠢ ᠰᠤᠯᠠᠷᠠᠭᠤᠯᠬᠤ ᠪᠠ ᠬᠤᠬᠢᠷᠠᠭᠤᠯᠬᠤ ᠠᠰᠠᠭᠤᠳᠠᠯ᠎ᠢ ᠡᠷᠡᠰ ᠰᠡᠷᠭᠡᠶ᠋ᠢᠯᠡᠨ ᠬᠤᠷᠢᠭᠯᠠᠵᠤ᠂ ᠦᠨᠳᠦᠰᠦᠲᠡᠨ᠎ᠨᠦᠭᠦᠳ᠎ᠤᠨ ᠬᠥᠮᠥᠰ᠎ᠤᠨ ᠰᠡᠳᠬᠢᠯ᠎ᠤᠨ ᠨᠢᠭᠲᠠᠷᠠᠯ᠂ ᠤᠶᠤᠨ ᠰᠠᠨᠠᠭ᠎ᠠ ᠵᠢᠨ ᠲᠦᠰᠢᠭᠯᠡᠯᠴᠡᠯ᠎ᠢ ᠨᠡᠩ ᠰᠠᠶ᠋ᠢᠲᠤᠷ ᠠᠬᠢᠭᠤᠯᠬᠤ ᠬᠡᠷᠡᠭᠲᠡᠢ᠃ ᠰᠣᠶᠣᠯ᠎ᠤᠨ ᠠᠵᠢᠯ ᠦᠢ᠍ᠯᠡᠰ᠂ ᠰᠣᠶᠣᠯ᠎ᠤᠨ ᠠᠵᠤ ᠦᠢ᠍ᠯᠡᠰ᠎ᠤᠨ ᠴᠡᠴᠡᠭᠯᠡᠨ ᠬᠥᠭᠵᠢᠬᠦ ᠵᠢ ᠠᠬᠢᠭᠤᠯᠵᠤ᠂ ᠤᠯᠠᠭ᠋ᠠᠨᠮᠥ᠋ᠴᠢᠷ᠎ᠤᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠶᠤᠨ᠎ᠤ ᠰᠣᠶᠣᠯ᠎ᠤᠨ ᠬᠡᠷᠡᠭᠴᠡᠭᠡ ᠵᠢ ᠨᠠᠩ ᠰᠠᠶ᠋ᠢᠲᠤᠷ ᠬᠠᠩᠭ᠋ᠠᠬᠤ ᠬᠡᠷᠡᠭᠲᠡᠢ᠃

      (ᠳᠣᠯᠤᠭ᠎ᠠ) ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠭᠤᠰᠤᠯᠴᠠᠯ᠎ᠤᠨ ᠮᠠᠶᠢᠭ᠎ᠤᠨ ᠬᠥᠭᠵᠢᠯᠲᠡ ᠵᠢᠨ ᠲᠥᠯᠥᠪᠯᠡᠭᠡ᠂ ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠷᠭᠡᠴᠡ ᠪᠠ ᠭᠦᠨᠴᠡ ᠵᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠵᠢ ᠭᠦᠨᠵᠡᠭᠡᠶ᠋ᠢᠷᠡᠭᠦᠯᠵᠦ᠂ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠷᠢᠰᠢᠭᠤᠯᠤᠯᠲᠠ ᠵᠢᠨ ᠲᠥᠯᠥᠪᠵᠢᠭᠦᠯᠪᠡ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠢ ᠲᠥᠯᠥᠪᠯᠡᠨ᠂ ᠠᠭᠤᠰᠤᠯᠴᠠᠯ᠎ᠤᠨ ᠭᠡᠯᠪᠡᠷᠢ ᠵᠢᠨ ᠨᠡᠶ᠋ᠢᠭᠡᠮ᠎ᠤᠨ ᠪᠦᠲᠦᠴᠡ ᠪᠠ ᠨᠡᠶ᠋ᠢᠭᠡᠮ ᠲᠣᠭᠤᠷᠢᠭ᠎ᠤᠨ ᠣᠷᠴᠢᠨ ᠲᠣᠭᠤᠷᠢᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠣᠷᠣᠰᠢᠨ ᠰᠠᠭᠤᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭ᠋ᠠᠬᠤ ᠨᠠᠩ ᠪᠦᠷᠢᠨ ᠲᠡᠭᠦᠯᠳᠡᠷ ᠨᠡᠶ᠋ᠢᠭᠡᠮ᠎ᠤᠨ ᠨᠥᠬᠦᠴᠡᠯ᠎ᠢ ᠡᠭᠦᠳᠴᠦ᠂ ᠦᠨᠳᠦᠰᠦᠲᠡᠨ᠎ᠨᠦᠭᠦᠳ᠎ᠤᠨ ᠬᠦᠰᠡᠯᠡᠩ᠂ ᠢᠲᠡᠭᠡᠯ ᠪᠢᠰᠢᠷᠡᠯ᠂ ᠬᠠᠶ᠋ᠢᠷ᠎ᠠ ᠰᠡᠳᠬᠢᠯᠭᠡ᠂ ᠰᠣᠶᠣᠯ᠎ᠤᠨ ᠲᠠᠯ᠎ᠠ᠎ᠪᠠᠷ᠎ᠬᠢ ᠪᠦᠯᠬᠦᠮᠳᠡᠯ ᠨᠢᠭᠡᠳᠦᠯ᠎ᠢ ᠠᠬᠢᠭᠤᠯᠬᠤ ᠬᠡᠷᠡᠭᠲᠡᠢ᠃ ᠬᠠᠤᠯᠢᠵᠢᠯ᠎ᠤᠨ ᠵᠠᠮ ᠵᠶ᠋ᠠᠷ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠵᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠬᠤ ᠬᠡᠷᠡᠭᠲᠡᠢ᠃ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠥᠪᠥᠷ ᠮᠣᠩᠭᠤᠯ᠎ᠳᠠᠬᠢ ᠠᠮᠵᠢᠯᠲᠠ᠎ᠲᠠᠢ ᠦᠢ᠍ᠯᠡᠳᠦᠯᠭᠡ ᠵᠢᠨ ᠲᠤᠷᠰᠢᠯᠭ᠎ᠠ ᠵᠢ ᠭᠦᠨᠵᠡᠭᠡᠢ ᠰᠤᠳᠤᠯᠤᠨ ᠳ᠋ᠦᠩᠨᠡᠵᠦ᠂ ᠦᠨᠳᠦᠰᠦᠲᠡᠨ᠎ᠤ ᠠᠵᠢᠯ᠎ᠤᠨ ᠬᠦᠷᠢᠶᠡᠨ᠎ᠳᠠᠬᠢ ᠳᠦᠷᠢᠮ᠎ᠤᠨ ᠰᠢᠰᠲ᠋ᠧᠮ᠎ᠤᠨ ᠬᠤᠷᠠᠮᠳᠤᠯ᠎ᠢ ᠴᠢᠩᠭ᠋ᠠᠳᠬᠠᠵᠤ᠂ ᠦᠨᠳᠦᠰᠦᠲᠡᠨ᠎ᠤ ᠠᠵᠢᠯ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠯᠠᠪᠳᠠᠭᠤᠨ ᠡᠮᠬᠢ ᠵᠢᠷᠤᠮ᠎ᠲᠠᠢ ᠲᠣᠬᠢᠷᠠᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠤᠨ ᠣᠨᠣᠯ᠎ᠤᠨ ᠦᠨᠳᠦᠰᠦ ᠰᠤᠷᠪᠤᠯᠵᠢ ᠵᠢ ᠶᠠᠪᠤᠬᠤ ᠲᠤᠲᠤᠮ ᠭᠦᠨᠵᠡᠭᠡᠶ᠋ᠢᠷᠡᠭᠦᠯᠵᠦ᠂ ᠦᠢ᠍ᠯᠡᠳᠦᠯᠭᠡ ᠵᠢᠨ ᠦᠨᠳᠦᠰᠦ ᠰᠠᠭᠤᠷᠢ ᠵᠢ ᠶᠠᠪᠤᠬᠤ ᠲᠤᠲᠤᠮ ᠪᠠᠲᠤ ᠪᠠᠬᠢ ᠪᠤᠯᠭ᠋ᠠᠬᠤ ᠬᠡᠷᠡᠭᠲᠡᠢ᠃

      ᠭᠤᠷᠪᠠ᠂ ᠦᠨᠳᠦᠰᠦᠲᠡᠨ᠎ᠤ ᠣᠷᠣᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠠᠯ᠎ᠠ᠎ᠪᠠᠷ ᠵᠢᠱ᠌ᠢᠶᠡᠴᠢ ᠪᠤᠯᠬᠤ ᠬᠡᠷᠡᠭᠲᠡᠢ

      ᠶᠡᠷᠦᠩᠬᠡᠢ ᠱᠦᠵᠢ ᠰᠢ ᠵᠢᠨ ᠫᠢᠩ᠎ᠠᠴᠠ ᠥᠪᠥᠷ ᠮᠣᠩᠭᠤᠯ᠎ᠢ 《ᠰᠢᠨ᠎ᠡ ᠵᠠᠮ ᠨᠡᠭᠡᠭᠡᠬᠦ》 ᠵᠢ ᠱᠠᠭ᠋ᠠᠷᠳᠠᠭᠰᠠᠨ ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ ᠵᠢ ᠪᠠᠲᠤ ᠡᠵᠡᠮᠳᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠵᠢ ᠨᠠᠶ᠋ᠢᠳᠠᠪᠤᠷᠢᠵᠢᠭᠤᠯᠵᠤ᠂ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠂ ᠡᠨᠧᠷᠭᠢ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠂ ᠠᠵᠤ ᠦᠢ᠍ᠯᠡᠰ᠎ᠤᠨ ᠠᠮᠤᠷ ᠲᠦᠪᠰᠢᠨ᠂ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ᠃

      (ᠨᠠᠢ᠍ᠮᠠ) 《ᠤᠯᠤᠰ᠎ᠤᠨ ᠶᠡᠭᠡ ᠶᠠᠪᠤᠳᠠᠯ》᠎ᠢ ᠪᠠᠲᠤ ᠴᠡᠭᠡᠵᠢᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠪᠠᠬᠢ ᠴᠣᠭᠴᠠᠯᠠᠬᠤ ᠬᠡᠷᠡᠭᠲᠡᠢ᠃ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠦᠭᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠂ ᠬᠤᠣᠷ ᠬᠥᠨᠥᠭᠡᠯ᠎ᠢ ᠦᠨᠳᠦᠰᠦᠯᠡᠨ ᠰᠡᠷᠭᠡᠶ᠋ᠢᠯᠡᠯᠲᠡ ᠪᠠᠶ᠋ᠢᠷᠢᠯᠠᠭᠤᠯᠵᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠳᠤᠨ ᠭᠤᠣᠯ᠎ᠤᠨ 《ᠶᠡᠭᠡ ᠲᠣᠬᠤᠢ》 ᠣᠷᠣᠨ᠎ᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠂ ᠬᠤᠷᠴᠢᠨ ᠪᠣᠯᠣᠨ ᠬᠤᠯᠠᠨ ᠰᠢᠷᠭ᠎ᠠ ᠲᠠᠭ᠎ᠠ ᠵᠢᠨ ᠬᠤᠶᠠᠷ ᠶᠡᠭᠡ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠶ᠋ᠢᠯᠠᠯᠳᠤᠭ᠋ᠠᠨ᠂ ᠾᠧ ᠰᠢ ᠵᠢᠨ ᠬᠤᠩᠭᠢᠯ — ᠲᠠᠺᠯᠢᠮᠠᠺᠠᠨ ᠡᠯᠡᠰᠦᠨ ᠴᠦᠯ᠎ᠤᠨ ᠭᠦᠪᠡᠭᠡ ᠳᠠᠭ᠋ᠠᠤ ᠵᠢᠨ ᠬᠤᠷᠢᠭᠯᠠᠯᠲᠠ ᠵᠢᠨ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠵᠦ᠂ ᠮᠠᠨ᠎ᠤ ᠤᠯᠤᠰ᠎ᠤᠨ ᠴᠦᠯᠯᠡᠷᠭᠡᠭᠵᠢᠯ᠎ᠢ ᠵᠠᠰᠠᠬᠤ ᠭᠤᠣᠯ ᠳᠠᠶ᠋ᠢᠯᠠᠯᠳᠤᠭ᠋ᠠᠨ᠎ᠤ ᠲᠠᠯᠠᠪᠤᠷ᠂ ᠡᠯᠡᠰᠦᠨ ᠰᠢᠭᠤᠷᠭ᠎ᠠ ᠵᠢᠨ ᠭᠤᠣᠯ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠰᠠᠬᠢᠬᠤ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ᠃ ᠰᠢᠨᠵᠢᠯᠡᠬᠦ ᠤᠬᠠᠭ᠋ᠠᠨᠴᠢ᠎ᠪᠠᠷ ᠡᠯᠡᠰᠦ ᠵᠢ ᠵᠠᠰᠠᠬᠤ ᠵᠢ ᠪᠠᠷᠢᠮᠲᠠᠯᠠᠵᠤ᠂ ᠬᠥᠪᠴᠢ ᠵᠢᠨ ᠡᠯᠡᠰᠦ ᠵᠢ ᠵᠠᠰᠠᠭᠰᠠᠨ ᠲᠤᠷᠰᠢᠯᠭ᠎ᠠ ᠵᠢ ᠳᠡᠯᠭᠡᠷᠡᠭᠦᠯᠵᠦ᠂ ᠳ᠋ᠧᠩᠺᠸᠦ ᠵᠢᠨ ᠵᠠᠭᠪᠤᠷ ᠵᠢᠴᠢ ᠭᠡᠷᠡᠯᠴᠢ ᠴᠡᠨᠡᠭ ᠵᠶ᠋ᠠᠷ ᠡᠯᠡᠰᠦ ᠵᠢ ᠵᠠᠰᠠᠭᠰᠠᠨ ᠵᠠᠭᠪᠤᠷ ᠵᠡᠷᠭᠡ ᠵᠠᠰᠠᠯᠲᠠ ᠵᠢᠨ ᠵᠠᠭᠪᠤᠷ᠎ᠢ ᠳᠡᠯᠭᠡᠷᠡᠭᠦᠯᠵᠦ᠂ ᠲᠣᠭᠲᠠᠴᠠ ᠵᠢᠨ ᠰᠢᠨ᠎ᠡ ᠵᠢ ᠡᠭᠦᠳᠴᠦ ᠮᠠᠯᠴᠢᠨ ᠲᠠᠷᠢᠶᠠᠴᠢᠨ᠂ ᠠᠵᠤ ᠠᠬᠤᠶ᠋ᠢᠯᠠᠯ ᠵᠡᠷᠭᠡ ᠡᠯ᠎ᠡ ᠲᠠᠯ᠎ᠠ ᠵᠢᠨ᠎ᠬᠢᠨ᠎ᠤ ᠡᠯᠡᠰᠦ ᠵᠢ ᠵᠠᠰᠠᠬᠤ᠎ᠳᠤ ᠣᠷᠤᠯᠴᠠᠬᠤ ᠢᠳᠡᠪᠬᠢᠵᠢᠯ᠎ᠢ ᠳᠠᠶ᠋ᠢᠴᠢᠯᠠᠬᠤ ᠬᠡᠷᠡᠭᠲᠡᠢ᠃ ᠬᠥᠪᠴᠢ ᠵᠢᠨ ᠤᠯᠠᠨ ᠤᠯᠤᠰ᠎ᠤᠨ ᠡᠯᠡᠰᠦᠨ᠎ᠤ ᠶᠠᠷᠢᠶᠠᠨ᠎ᠤ ᠲᠠᠪᠴᠠᠩ᠎ᠢ ᠰᠠᠶ᠋ᠢᠲᠤᠷ ᠡᠷᠭᠢᠯᠡᠵᠦ᠂ ᠳᠤᠮᠳᠠᠳᠤ ᠤᠯᠤᠰ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠭᠰᠠᠨ ᠦᠯᠢᠭᠡᠷ᠎ᠢ ᠰᠠᠶ᠋ᠢᠲᠤᠷ ᠶᠠᠷᠢᠬᠤ ᠬᠡᠷᠡᠭᠲᠡᠢ᠃ ᠤᠰᠤ᠎ᠪᠠᠷ ᠨᠣᠭᠤᠭ᠋ᠠᠷᠠᠭᠤᠯᠤᠯᠲᠠ ᠵᠢ ᠲᠣᠭᠲᠠᠭ᠋ᠠᠬᠤ᠂ ᠤᠰᠤ᠎ᠪᠠᠷ ᠭᠠᠵᠠᠷ ᠰᠢᠷᠣᠢ ᠵᠢ ᠲᠣᠭᠲᠠᠭ᠋ᠠᠬᠤ᠂ ᠤᠰᠤ᠎ᠪᠠᠷ ᠬᠥᠮᠥᠨ ᠠᠮᠠ ᠵᠢ ᠲᠣᠭᠲᠠᠭ᠋ᠠᠬᠤ᠂ ᠤᠰᠤ᠎ᠪᠠᠷ ᠠᠵᠤ ᠦᠢ᠍ᠯᠡᠰ᠎ᠢ ᠲᠣᠭᠲᠠᠭ᠋ᠠᠬᠤ ᠵᠢ ᠪᠠᠷᠢᠮᠲᠠᠯᠠᠵᠤ᠂ 《ᠬᠤᠷ᠎ᠠ ᠲᠤᠨᠳᠠᠰᠤᠨ᠎ᠤ ᠬᠤᠷᠣᠭᠳᠠᠯ᠎ᠢ ᠪᠠᠭ᠋ᠠᠰᠬᠠᠬᠤ》᠎ᠪᠠᠷ ᠤᠳᠤᠷᠢᠳᠤᠮᠵᠢ ᠪᠤᠯᠭ᠋ᠠᠬᠤ ᠵᠢ ᠲᠣᠪᠤᠶ᠋ᠢᠯᠭ᠋ᠠᠨ᠂ ᠶᠡᠭᠡ ᠤᠰᠤ᠎ᠪᠠᠷ ᠨᠠᠯᠠᠶ᠋ᠢᠲᠠᠯ᠎ᠠ ᠤᠰᠤᠯᠠᠬᠤ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠠᠪᠬᠤ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠶᠡᠷᠦᠩᠬᠡᠶ᠋ᠢᠯᠡᠨ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ ᠵᠡᠷᠭᠡ ᠭᠤᠣᠯᠳᠠᠯᠭ᠎ᠠ᠎ᠲᠠᠢ ᠢᠨᠵᠧᠨᠧᠷᠢᠩ᠎ᠢ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠢ ᠪᠡᠯᠴᠢᠭᠡᠷ᠎ᠢ ᠰᠡᠷᠭᠦᠭᠡᠬᠦ᠂ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷ᠎ᠢ ᠰᠡᠷᠭᠦᠭᠡᠬᠦ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ᠂ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠠᠮᠠᠷᠠᠭᠤᠯᠬᠤ ᠵᠢ ᠨᠠᠶ᠋ᠢᠳᠠᠪᠤᠷᠢᠵᠢᠭᠤᠯᠵᠤ᠂ ᠪᠠᠶ᠋ᠢᠭ᠋ᠠᠯᠢ ᠵᠢᠨ ᠤᠢ ᠰᠢᠭᠤᠢ ᠵᠢ ᠬᠠᠮᠠᠭ᠋ᠠᠯᠠᠬᠤ ᠪᠠ ᠬᠥᠷᠥᠰᠥ ᠰᠢᠷᠣᠢ ᠵᠢ ᠲᠣᠭᠲᠠᠪᠤᠷᠢᠵᠢᠭᠤᠯᠬᠤ ᠵᠢ ᠴᠢᠩᠭ᠋ᠠᠳᠬᠠᠵᠤ᠂ ᠨᠤᠲᠤᠭ ᠪᠡᠯᠴᠢᠭᠡᠷ ᠤᠢ ᠰᠢᠭᠤᠢ ᠭᠤᠣᠯ ᠮᠥᠷᠡᠨ ᠨᠠᠭᠤᠷ ᠴᠥᠭᠦᠷᠥᠮ ᠨᠤᠭᠤ ᠭᠠᠵᠠᠷ᠎ᠢ ᠰᠡᠷᠭᠦᠭᠡᠨ ᠰᠠᠶ᠋ᠢᠵᠢᠷᠠᠭᠤᠯᠬᠤ ᠵᠢ ᠬᠡᠷᠡᠭᠵᠢᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ 《ᠬᠥᠯᠥᠨ ᠨᠠᠭᠤᠷ᠂ ᠤᠯᠠᠭ᠋ᠠᠨᠰᠤᠬᠠᠢ᠂ ᠳᠠᠭ᠎ᠠ ᠵᠢᠨ ᠨᠠᠭᠤᠷ》 ᠵᠡᠷᠭᠡ ᠤᠰᠤᠨ᠎ᠤ ᠠᠮᠢ ᠠᠬᠤᠢ ᠵᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠵᠤ᠂ ᠠᠭ᠋ᠠᠷ ᠮᠠᠨᠳᠠᠯ᠂ ᠤᠰᠤ᠂ ᠬᠥᠷᠥᠰᠥ ᠰᠢᠷᠣᠢ ᠵᠢᠨ ᠪᠣᠬᠢᠷᠳᠤᠯ᠎ᠢ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠵᠤ᠂ ᠡᠬᠡ ᠤᠯᠤᠰ᠎ᠤᠨ ᠤᠮᠠᠷᠠᠲᠤ ᠬᠢᠯᠢ᠎ᠳᠤ ᠲᠦᠮᠡᠨ ᠭᠠᠵᠠᠷ᠎ᠤᠨ ᠨᠣᠮᠢᠨ ᠨᠣᠭᠤᠭ᠋ᠠᠨ ᠤᠷᠳᠤ ᠴᠠᠭ᠋ᠠᠨ ᠬᠡᠷᠡᠮ᠎ᠢ ᠴᠣᠭᠴᠠᠯᠠᠬᠤ ᠬᠡᠷᠡᠭᠲᠡᠢ᠃

      (ᠶᠢᠰᠦ) ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠠᠷᠢᠮᠲᠠᠯᠠᠵᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠪᠠᠬᠢ ᠴᠣᠭᠴᠠᠯᠠᠬᠤ ᠬᠡᠷᠡᠭᠲᠡᠢ᠃ ᠤᠯᠤᠰ᠎ᠤᠨ ᠤᠯᠤᠰ ᠲᠦᠷᠦ ᠵᠢᠨ ᠠᠮᠤᠷ ᠲᠦᠪᠰᠢᠨ᠎ᠢ ᠬᠠᠮᠠᠭ᠋ᠠᠯᠠᠬᠤ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠢᠯᠢ ᠵᠢᠨ ᠳᠣᠲᠣᠨ᠎ᠠ ᠭᠠᠳᠠᠨᠠᠬᠢ ᠳᠠᠶ᠋ᠢᠰᠤᠩᠨᠠᠭᠴᠢ ᠬᠦᠴᠦᠨ᠎ᠤ ᠨᠡᠪᠴᠢᠯᠲᠡ ᠡᠪᠳᠡᠯᠡᠭᠡ ᠬᠢᠬᠦ ᠠᠵᠢᠯᠯᠠᠭ᠎ᠠ ᠵᠢ ᠴᠢᠩᠭ᠎ᠠ ᠰᠡᠷᠭᠡᠶ᠋ᠢᠯᠡᠨ ᠡᠷᠡᠰ ᠴᠣᠬᠢᠯᠲᠠ ᠥᠭᠬᠦ ᠬᠡᠷᠡᠭᠲᠡᠢ᠃ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠰᠦᠯᠵᠢᠶᠡᠨ᠎ᠤ ᠨᠡᠶ᠋ᠢᠭᠡᠮ᠎ᠤᠨ ᠶᠡᠷᠦᠩᠬᠡᠶ᠋ᠢᠯᠡᠭᠰᠡᠨ ᠵᠠᠰᠠᠯᠲᠠ ᠵᠢ ᠭᠦᠨᠵᠡᠭᠡᠶ᠋ᠢᠷᠡᠭᠦᠯᠬᠦ ᠬᠡᠷᠡᠭᠲᠡᠢ᠃ ᠬᠦᠨᠳᠦ ᠶᠡᠭᠡ ᠠᠮᠤᠷ ᠲᠦᠪᠰᠢᠨ᠎ᠤ ᠠᠳᠡᠯ᠎ᠠᠴᠠ ᠭᠦᠨᠵᠡᠭᠡᠢ ᠰᠤᠷᠭ᠋ᠠᠮᠵᠢ ᠠᠪᠴᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠨᠡᠶ᠋ᠢᠭᠡᠮ᠎ᠤᠨ ᠠᠮᠤᠷ ᠲᠦᠪᠰᠢᠨ᠎ᠢ ᠪᠦᠬᠦᠯᠢ ᠴᠣᠭᠴᠠ᠎ᠪᠠᠷ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠬᠤ ᠬᠡᠷᠡᠭᠲᠡᠢ᠃ ᠠᠵᠤ ᠠᠬᠤᠢ᠂ ᠰᠣᠶᠣᠯ᠂ ᠨᠡᠶ᠋ᠢᠭᠡᠮ᠂ ᠠᠮᠢ ᠠᠬᠤᠢ ᠵᠡᠷᠭᠡ ᠡᠯ᠎ᠡ ᠬᠦᠷᠢᠶᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠭᠡᠷ ᠭᠠᠵᠠᠷ᠎ᠤᠨ ᠬᠥᠷᠥᠩᠭᠡ ᠵᠢᠨ ᠠᠶᠤᠯ ᠲᠦᠭᠰᠢᠭᠦᠷᠢ ᠵᠢᠨ ᠭᠡᠮ ᠰᠣᠭᠤᠭ᠎ᠢ ᠢᠳᠡᠪᠬᠢᠲᠡᠢ ᠯᠠᠪᠳᠠᠭᠤᠨ ᠵᠶ᠋ᠠᠷ ᠠᠷᠢᠯᠭ᠋ᠠᠵᠤ᠂ ᠣᠷᠣᠨ ᠪᠦᠰᠡ ᠵᠢᠨ ᠴᠢᠨᠠᠷᠲᠠᠢ᠂ ᠰᠢᠰᠲ᠋ᠧᠮᠳᠤ ᠴᠢᠨᠠᠷᠲᠠᠢ ᠠᠶᠤᠯ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠬᠠᠤᠯᠢᠵᠢᠯ᠎ᠤᠨ ᠬᠦᠷᠢᠶᠡᠨ᠎ᠳᠠᠬᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠢᠨ᠎ᠡ ᠨᠢᠭᠡᠨ ᠡᠭᠡᠯᠵᠢ ᠵᠢᠨ ᠠᠵᠢᠯ᠎ᠢ ᠠᠬᠢᠭᠤᠯᠤᠨ᠎ᠠ᠃

      (ᠠᠷᠪᠠ) ᠰᠢᠯᠢᠳᠡᠭ᠎ᠢ ᠪᠣᠶ᠋ᠢᠵᠢᠭᠤᠯᠵᠤ ᠦᠷ᠎ᠡ ᠠᠰᠢᠭ᠎ᠢ ᠨᠡᠮᠡᠭᠳᠡᠭᠦᠯᠬᠦ᠎ᠠᠴᠠ ᠭᠠᠷᠳᠠᠵᠤ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠬᠦᠴᠦ ᠳᠣᠷᠪᠢᠲᠠᠢ ᠪᠦᠲᠦᠭᠡᠨ ᠪᠠᠶ᠋ᠢᠭᠤᠯᠬᠤ ᠬᠡᠷᠡᠭᠲᠡᠢ᠃ ᠤᠳᠤ ᠦᠶ᠎ᠡ ᠵᠢᠨ ᠡᠨᠧᠷᠭᠢ ᠵᠢᠨ ᠠᠵᠤ ᠠᠬᠤᠢ ᠵᠢ ᠬᠥᠭᠵᠢᠭᠦᠯᠬᠦ ᠵᠢ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠤᠯᠭ᠋ᠠᠬᠤ ᠵᠢ ᠪᠠᠷᠢᠮᠲᠠᠯᠠᠵᠤ᠂ ᠤᠯᠤᠰ᠎ᠤᠨ 《ᠠᠭᠤᠷᠬᠠᠢ ᠵᠢᠨ ᠪᠤᠯᠠᠭᠳᠠᠴᠠ ᠠᠮᠤ ᠵᠢᠨ ᠰᠠᠩ》᠎ᠤᠨ ᠳᠠᠯᠳᠠ ᠬᠦᠴᠦᠨ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠰᠢᠨ᠎ᠡ ᠡᠨᠧᠷᠭᠢ ᠵᠢ ᠶᠡᠭᠡ ᠬᠡᠪᠴᠢᠶ᠎ᠡ᠎ᠪᠠᠷ ᠨᠡᠭᠡᠭᠡᠨ ᠠᠰᠢᠭᠯᠠᠬᠤ ᠵᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠵᠢ ᠳᠠᠭᠢᠨ ᠵᠶ᠋ᠠᠷ ᠨᠡᠮᠡᠭᠳᠡᠭᠦᠯᠬᠦ ᠠᠵᠢᠯᠯᠠᠭ᠎ᠠ ᠵᠢ ᠲᠦᠷᠭᠡᠳᠬᠡᠨ ᠬᠡᠷᠡᠭᠵᠢᠭᠦᠯᠵᠦ᠂ ᠰᠢᠨ᠎ᠡ ᠡᠨᠧᠷᠭᠢ ᠵᠢᠨ ᠲᠣᠮᠣ ᠰᠠᠭᠤᠷᠢᠨ᠂ ᠲᠣᠨᠣᠭᠯᠠᠯ ᠦᠢ᠍ᠯᠡᠳᠬᠦ ᠰᠠᠭᠤᠷᠢᠨ ᠪᠠ ᠴᠠᠭᠢᠯᠭ᠋ᠠᠨ ᠬᠦᠴᠦᠨ᠎ᠢ ᠭᠠᠳᠠᠭᠰᠢ ᠬᠦᠷᠭᠡᠬᠦ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠡᠨᠧᠷᠭᠢ ᠲᠣᠣᠷ ᠳᠠᠭ᠋ᠠᠭ᠋ᠠᠴᠠ ᠨᠥᠭᠡᠴᠡ ᠵᠢ ᠨᠢᠭᠡᠳᠦᠯᠲᠡᠢ ᠲᠥᠯᠥᠪᠵᠢᠭᠦᠯᠦᠨ ᠪᠠᠶ᠋ᠢᠷᠢᠰᠢᠭᠤᠯᠵᠤ᠂ ᠨᠡᠭᠡᠭᠡᠨ ᠠᠰᠢᠭᠯᠠᠬᠤ ᠠᠷᠭ᠎ᠠ ᠮᠠᠶᠢᠭ ᠵᠶ᠋ᠠᠨ ᠬᠤᠪᠢᠷᠠᠭᠤᠯᠤᠨ᠂ ᠬᠡᠷᠡᠭᠯᠡᠭᠡᠨ᠎ᠤ ᠪᠠᠶ᠋ᠢᠳᠠᠯ᠎ᠢ ᠥᠷᠭᠡᠳᠬᠡᠵᠦ᠂ ᠬᠡᠷᠡᠭᠯᠡᠨ ᠠᠰᠢᠭᠯᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠂ ᠰᠢᠨ᠎ᠡ ᠡᠨᠧᠷᠭᠢ ᠵᠢᠨ ᠪᠦᠭᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠨᠡᠭᠦᠷᠡᠰᠦ ᠵᠢ ᠠᠷᠢᠭᠤᠨ ᠴᠡᠪᠡᠷ ᠥᠨᠳᠥᠷ ᠪᠦᠲᠦᠮᠵᠢᠳᠠᠢ ᠠᠰᠢᠭᠯᠠᠬᠤ ᠵᠢ ᠴᠢᠩᠭ᠋ᠠᠳᠬᠠᠨ᠂ ᠨᠡᠭᠦᠷᠡᠰᠦᠨ᠎ᠤ ᠠᠶᠤᠯᠭᠦᠢ ᠬᠠᠩᠭ᠋ᠠᠯᠭ᠎ᠠ ᠵᠢ ᠪᠠᠲᠤᠯᠠᠵᠤ᠂ ᠨᠡᠭᠦᠷᠡᠰᠦ᠎ᠪᠠᠷ ᠰᠠᠭᠤᠷᠢ ᠪᠤᠯᠭ᠋ᠠᠬᠰᠠᠨ ᠰᠢᠨ᠎ᠡ ᠮᠠᠲ᠋ᠧᠷᠢᠶᠠᠯ ᠵᠢᠴᠢ ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠢ ᠶᠡᠭᠡ᠎ᠪᠠᠷ ᠬᠥᠭᠵᠢᠭᠦᠯᠬᠦ ᠬᠡᠷᠡᠭᠲᠡᠢ᠃ 《ᠬᠤᠪᠣᠷ ᠰᠢᠷᠣᠢ +》 ᠬᠠᠮᠵᠢᠯᠴᠠᠨ ᠰᠢᠨ᠎ᠡ ᠵᠢ ᠡᠭᠦᠳᠬᠦ ᠵᠢ ᠲᠦᠷᠭᠡᠳᠬᠡᠨ ᠠᠬᠢᠭᠤᠯᠵᠤ᠂ ᠬᠤᠪᠣᠷ ᠰᠢᠷᠣᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠴᠢᠨᠠᠷᠲᠠᠢ᠎ᠪᠠᠷ ᠨᠡᠭᠡᠭᠡᠨ ᠠᠰᠢᠭᠯᠠᠬᠤ᠂ ᠴᠢᠨᠠᠷᠯᠢᠭ ᠠᠰᠢᠭᠯᠠᠬᠤ᠂ ᠵᠢᠷᠤᠮᠵᠢᠭᠤᠯᠤᠨ ᠬᠠᠮᠢᠶᠠᠷᠬᠤ ᠵᠢ ᠴᠢᠩᠭ᠋ᠠᠳᠬᠠᠵᠤ᠂ ᠬᠤᠪᠣᠷ ᠰᠢᠷᠣᠢ ᠵᠢᠨ ᠬᠡᠷᠡᠭᠯᠡᠭᠡᠨ᠎ᠤ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠪᠦᠭᠦ ᠤᠯᠤᠰ᠎ᠤᠨ ᠬᠠᠮᠤᠭ᠎ᠤᠨ ᠲᠣᠮᠣ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠪᠠ ᠪᠦᠭᠦ ᠳᠡᠯᠡᠬᠡᠢ᠎ᠳᠤ ᠲᠡᠷᠢᠭᠦᠯᠡᠭᠰᠡᠨ ᠬᠤᠪᠣᠷ ᠰᠢᠷᠣᠢ ᠵᠢᠨ ᠬᠡᠷᠡᠭᠯᠡᠭᠡᠨ᠎ᠤ ᠰᠠᠭᠤᠷᠢᠨ᠎ᠢ ᠴᠣᠭᠴᠠᠯᠠᠬᠤ ᠬᠡᠷᠡᠭᠲᠡᠢ᠃ ᠤᠯᠤᠰ᠎ᠤᠨ ᠰᠢᠨ᠎ᠡ ᠨᠢᠭᠡ ᠡᠭᠡᠯᠵᠢ ᠵᠢᠨ ᠠᠭᠤᠷᠬᠠᠢ ᠡᠷᠢᠬᠦ ᠰᠢᠪᠲᠤᠯᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠲᠦᠷᠭᠡᠳᠬᠡᠨ ᠨᠠᠶ᠋ᠢᠳᠠᠪᠤᠷᠢᠵᠢᠭᠤᠯᠵᠤ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠵᠢᠨ ᠭᠠᠷᠤᠯᠲᠠ ᠵᠢᠨ ᠨᠥᠭᠡᠴᠡ ᠵᠢ ᠨᠡᠮᠡᠭᠳᠡᠭᠦᠯᠦᠨ ᠭᠠᠷᠤᠯᠲᠠ ᠵᠢ ᠨᠡᠮᠡᠭᠳᠡᠭᠦᠯᠬᠦ ᠡᠷᠴᠢᠮ᠎ᠢ ᠴᠢᠩᠭ᠋ᠠᠷᠠᠭᠤᠯᠬᠤ ᠬᠡᠷᠡᠭᠲᠡᠢ᠃

      (ᠠᠷᠪᠠᠨ ᠨᠢᠭᠡ) ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ ᠲᠤᠭ᠎ᠠ ᠬᠡᠮᠵᠢᠶ᠎ᠡ ᠵᠢ ᠨᠡᠮᠡᠭᠳᠡᠭᠦᠯᠦᠨ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠲᠤᠭ᠎ᠠ ᠬᠡᠮᠵᠢᠶ᠎ᠡ᠎ᠪᠠᠷ ᠶᠡᠭᠡ ᠪᠥᠭᠡᠳ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠬᠤ ᠬᠡᠷᠡᠭᠲᠡᠢ᠃ 《ᠭᠠᠵᠠᠷ ᠰᠢᠷᠣᠢ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ》 ᠵᠢᠨ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠲᠤᠭ᠎ᠠ ᠬᠡᠮᠵᠢᠶ᠎ᠡ ᠵᠢ ᠲᠠᠰᠤᠷᠠᠯᠲᠠ ᠦᠭᠡᠢ ᠥᠷᠭᠡᠳᠬᠡᠨ᠂ ᠶᠠᠰᠤ ᠴᠢᠨᠠᠷ᠎ᠢ ᠳᠡᠭᠡᠭᠰᠢᠯᠡᠭᠦᠯᠵᠦ᠂ ᠤᠨᠠᠯᠲᠠ ᠵᠢ ᠨᠡᠮᠡᠭᠳᠡᠭᠦᠯᠦᠨ᠂ ᠤᠯᠤᠰ᠎ᠤᠨ ᠴᠢᠬᠤᠯᠠ 《ᠠᠮᠤ ᠵᠢᠨ ᠰᠠᠩ》᠎ᠢ ᠴᠢᠷᠮᠠᠶ᠋ᠢᠨ ᠪᠦᠲᠦᠭᠡᠨ ᠪᠠᠶ᠋ᠢᠭᠤᠯᠬᠤ ᠬᠡᠷᠡᠭᠲᠡᠢ᠃ ᠮᠠᠯ ᠠᠵᠤ ᠠᠬᠤᠢ ᠲᠠᠷᠢᠶᠠᠯᠠᠩ᠎ᠤᠨ ᠣᠷᠣᠨ ᠪᠦᠰᠡ ᠵᠢᠨ ᠪᠠᠶ᠋ᠢᠷᠢᠰᠢᠭᠤᠯᠤᠯᠲᠠ ᠪᠠ ᠦᠢ᠍ᠯᠡᠳᠪᠦᠷᠢᠯᠡᠯ᠎ᠤᠨ ᠪᠦᠲᠦᠴᠡ ᠵᠢ ᠯᠠᠪᠳᠠᠭᠤᠨ ᠵᠶ᠋ᠠᠷ ᠰᠢᠯᠢᠳᠡᠭᠵᠢᠭᠦᠯᠵᠦ᠂ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠬᠦᠴᠦᠲᠡᠢ ᠠᠳᠬᠤᠨ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠢ ᠵᠢᠨ ᠮᠠᠯ ᠠᠵᠤ ᠠᠬᠤᠢ ᠲᠠᠷᠢᠶᠠᠯᠠᠩ᠎ᠢ ᠶᠡᠭᠡ᠎ᠪᠠᠷ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠨ᠂ ᠣᠨᠴᠠᠯᠢᠭᠲᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠠᠵᠤ ᠦᠢ᠍ᠯᠡᠰ᠎ᠤᠨ ᠪᠦᠰᠡ ᠵᠢ ᠤᠯᠠᠨ ᠪᠠᠶ᠋ᠢᠭᠤᠯᠵᠤ᠂ ᠨᠠᠩ ᠣᠯᠠᠨ ᠲᠤᠰᠬᠠᠶ᠋ᠢᠵᠢᠭᠰᠠᠨ᠂ ᠬᠡᠪᠴᠢᠶᠡᠵᠢᠭᠰᠡᠨ ᠠᠵᠤ ᠦᠢ᠍ᠯᠡᠰ᠎ᠤᠨ ᠪᠦᠯᠦᠭᠵᠢᠯ᠎ᠢ ᠪᠤᠢ ᠪᠤᠯᠭ᠋ᠠᠬᠤ ᠬᠡᠷᠡᠭᠲᠡᠢ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ ᠪᠠ ᠪᠣᠬᠢᠷᠳᠤᠯ ᠦᠭᠡᠢ ᠣᠷᠭ᠋ᠠᠨᠢᠭ ᠲᠥᠷᠥᠯ ᠲᠡᠮᠳᠡᠭ᠎ᠢ ᠴᠣᠭᠴᠠᠯᠠᠬᠤ ᠵᠢ ᠰᠠᠶ᠋ᠢᠲᠤᠷ ᠠᠳᠬᠤᠵᠤ᠂ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠨᠠᠩ ᠣᠯᠠᠨ 《ᠥᠪᠥᠷ ᠮᠣᠩᠭᠤᠯ ᠨᠡᠷᠡᠮᠵᠢᠳᠤ》 ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠲᠣᠮᠣ ᠵᠠᠬ᠎ᠠ ᠳᠡᠯᠭᠡᠭᠦᠷ᠎ᠲᠤ ᠣᠷᠣᠭᠤᠯᠵᠤ᠂ ᠰᠠᠶ᠋ᠢᠨ ᠦᠨ᠎ᠡ᠎ᠳᠤ ᠬᠦᠷᠭᠡᠬᠦ ᠬᠡᠷᠡᠭᠲᠡᠢ᠃ ᠮᠠᠯᠴᠢᠨ ᠲᠠᠷᠢᠶᠠᠴᠢᠨ ᠬᠢᠭᠡᠳ ᠠᠵᠤ ᠠᠬᠤᠶ᠋ᠢᠯᠠᠯ᠎ᠤᠨ ᠠᠰᠢᠭ ᠲᠤᠰᠠ ᠵᠢᠨ ᠬᠤᠯᠪᠣᠭ᠋ᠠᠨ᠎ᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ 《ᠭᠤᠷᠪᠠ ᠵᠢ ᠬᠤᠪᠢᠷᠠᠭᠤᠯᠬᠤ》 ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠬᠤ ᠬᠡᠷᠡᠭᠲᠡᠢ᠃

      (ᠠᠷᠪᠠᠨ ᠬᠤᠶᠠᠷ) ᠥᠨᠳᠥᠷ᠎ᠲᠤ ᠵᠣᠭᠰᠣᠨ ᠠᠯᠤᠰ᠎ᠢ ᠪᠠᠷᠠᠯᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢ ᠥᠨᠳᠥᠷ ᠰᠦᠷᠯᠢᠭ ᠥᠷᠨᠢᠭᠦᠨ ᠪᠠᠳᠠᠷᠠᠩᠭᠤᠢ ᠪᠦᠲᠦᠭᠡᠨ ᠪᠠᠶ᠋ᠢᠭᠤᠯᠬᠤ ᠬᠡᠷᠡᠭᠲᠡᠢ᠃ ᠳᠤᠮᠳᠠᠳᠤ ᠮᠣᠩᠭᠤᠯ ᠣᠷᠣᠰ᠎ᠤᠨ ᠠᠵᠤ ᠠᠬᠤᠢ ᠵᠢᠨ ᠬᠤᠩᠭᠢᠯ᠎ᠤᠨ ᠪᠦᠲᠦᠭᠡᠨ ᠪᠠᠶ᠋ᠢᠭᠤᠯᠤᠯᠲᠠ᠎ᠳᠤ ᠭᠦᠨᠵᠡᠭᠡᠢ ᠣᠷᠣᠯᠴᠠᠵᠤ᠂ ᠨᠡᠪᠲᠡᠷᠡᠬᠦ ᠵᠠᠮ᠂ ᠪᠣᠭᠤᠮᠲᠠ ᠪᠠ ᠲᠠᠪᠴᠠᠩ᠎ᠤᠨ ᠲᠥᠯᠦᠪᠵᠢᠭᠦᠯᠭᠡ ᠪᠦᠲᠦᠭᠡᠨ ᠪᠠᠶ᠋ᠢᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠥᠷᠥᠯ᠎ᠤᠨ ᠨᠡᠭᠡᠭᠡᠯᠲᠡᠲᠤ ᠲᠠᠪᠴᠠᠩ᠎ᠤᠨ ᠦᠢ᠍ᠯᠡᠳᠦᠯ ᠴᠢᠳᠠᠮᠵᠢ ᠵᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ᠃ ᠭᠤᠣᠯᠳᠠᠯᠭ᠎ᠠ᠎ᠲᠠᠢ ᠪᠣᠭᠤᠮᠲᠠ ᠵᠢᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢ ᠲᠣᠳᠣᠷᠬᠠᠶ᠋ᠢᠯᠠᠵᠤ᠂ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠵᠢᠨ ᠴᠢᠳᠠᠮᠵᠢ ᠵᠢ ᠲᠡᠭᠦᠯᠳᠡᠷᠵᠢᠭᠦᠯᠦᠨ᠂ ᠣᠶᠤᠨᠴᠢᠯᠠᠭᠰᠠᠨ ᠲᠦᠪᠰᠢᠨ᠎ᠢ ᠳᠡᠭᠡᠭᠰᠢᠯᠡᠭᠦᠯᠵᠦ᠂ ᠪᠣᠭᠤᠮᠲᠠ ᠵᠢᠨ ᠳᠠᠭ᠋ᠠᠭ᠋ᠠᠬᠤ ᠴᠢᠳᠠᠪᠤᠷᠢ ᠪᠠ ᠲᠥᠪᠯᠡᠷᠡᠭᠦᠯᠬᠦ ᠲᠠᠷᠬᠠᠭ᠋ᠠᠬᠤ ᠲᠡᠭᠡᠭᠡᠪᠦᠷᠢᠯᠡᠬᠦ ᠴᠢᠳᠠᠪᠤᠷᠢ ᠵᠢ ᠴᠢᠩᠭ᠋ᠠᠳᠬᠠᠬᠤ ᠬᠡᠷᠡᠭᠲᠡᠢ᠃ ᠨᠠᠷᠮᠠᠢ ᠪᠣᠭᠤᠮᠲᠠ᠎ᠲᠠᠢ ᠬᠤᠯᠪᠣᠭᠳᠠᠬᠤ ᠠᠵᠤ ᠠᠬᠤᠢ ᠵᠢ ᠶᠡᠭᠡ᠎ᠪᠠᠷ ᠬᠥᠭᠵᠢᠭᠦᠯᠵᠦ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠭᠦ ᠵᠢ ᠠᠬᠢᠭᠤᠯᠵᠤ᠂ ᠭᠠᠳᠠᠭ᠋ᠠᠳᠤ᠎ᠳᠤ ᠬᠠᠨᠳᠤᠭᠤᠯᠤᠭᠰᠠᠨ ᠠᠵᠤ ᠦᠢ᠍ᠯᠡᠰ᠎ᠢ ᠢᠳᠡᠪᠬᠢᠲᠡᠢ ᠪᠣᠶ᠋ᠢᠵᠢᠭᠤᠯᠤᠨ᠂ 《ᠠᠵᠤ ᠠᠬᠤᠢ ᠵᠢᠨ ᠨᠡᠪᠲᠡᠷᠡᠬᠦ ᠵᠠᠮ》᠎ᠠᠴᠠ 《ᠨᠡᠪᠲᠡᠷᠡᠬᠦ ᠵᠠᠮ᠎ᠤᠨ ᠠᠵᠤ ᠠᠬᠤᠢ》 ᠲᠡᠶ᠋ᠢᠰᠢ ᠬᠤᠪᠢᠷᠠᠭᠤᠯᠬᠤ ᠵᠢ ᠠᠬᠢᠭᠤᠯᠵᠤ᠂ 《ᠳᠠᠮᠵᠢᠯᠭ᠎ᠠ ᠵᠢᠨ ᠠᠵᠤ ᠠᠬᠤᠢ》᠎ᠠᠴᠠ 《ᠰᠠᠭᠤᠷᠢᠰᠢᠯ᠎ᠤᠨ ᠠᠵᠤ ᠠᠬᠤᠢ》 ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠂ ᠪᠣᠭᠤᠮᠲᠠ ᠪᠠ ᠳᠣᠲᠣᠷ᠎ᠠ ᠭᠠᠵᠠᠷ᠎ᠤᠨ ᠬᠤᠯᠪᠤᠭ᠋ᠠᠯᠠᠨ ᠬᠥᠭᠵᠢᠬᠦ ᠵᠢ ᠠᠬᠢᠭᠤᠯᠬᠤ ᠬᠡᠷᠡᠭᠲᠡᠢ᠃ ᠣᠷᠣᠰ᠂ ᠮᠣᠩᠭᠤᠯ ᠤᠯᠤᠰ᠎ᠯᠤᠭ᠎ᠠ ᠵᠢᠨ ᠬᠤᠯᠪᠣᠭᠳᠠᠯ ᠪᠦᠬᠦᠢ ᠲᠠᠯ᠎ᠠ᠎ᠲᠠᠢ ᠰᠤᠷᠭ᠋ᠠᠨ ᠬᠥᠮᠦᠵᠢᠯ᠂ ᠡᠮ ᠡᠮᠨᠡᠯᠭᠡ᠂ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠂ ᠠᠮᠢ ᠠᠬᠤᠢ ᠵᠡᠷᠭᠡ ᠬᠦᠷᠢᠶᠡᠨ᠎ᠤ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠠᠷᠠᠳ᠎ᠤᠨ ᠬᠤᠭᠤᠷᠣᠨᠳᠣᠭᠢ ᠶᠠᠪᠤᠯᠴᠠᠭ᠎ᠠ ᠰᠣᠯᠢᠯᠴᠠᠭ᠎ᠠ ᠵᠢ ᠴᠢᠩᠭ᠋ᠠᠳᠬᠠᠬᠤ ᠬᠡᠷᠡᠭᠲᠡᠢ᠃

      (ᠠᠷᠪᠠᠨ ᠭᠤᠷᠪᠠ) ᠠᠵᠤ ᠠᠬᠤᠢ ᠵᠢᠨ ᠭᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠵᠢ ᠠᠬᠢᠭᠤᠯᠬᠤ ᠬᠡᠷᠡᠭᠲᠡᠢ᠃ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠢᠳᠡᠪᠬᠢᠲᠡᠢ ᠦᠢ᠍ᠯᠡᠴᠢᠯᠡᠨ ᠠᠭᠤᠰᠤᠯᠴᠠᠵᠤ᠂ ᠪᠦᠭᠦ ᠬᠦᠴᠦᠨ ᠵᠶ᠋ᠠᠷ ᠵᠶ᠋ᠠᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠤᠵᠠᠭ᠋ᠠᠶ᠋ᠢᠷᠠᠭᠤᠯᠵᠤ᠂ ᠬᠥᠭᠵᠢᠯᠲᠡ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠭᠦ ᠬᠡᠷᠡᠭᠲᠡᠢ᠃ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠥᠷᠥ ᠵᠢᠨ ᠪᠣᠳᠣᠯᠭ᠎ᠠ ᠪᠠ ᠵᠠᠬ᠎ᠠ ᠳᠡᠯᠭᠡᠭᠦᠷ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠠᠮᠢ ᠠᠬᠤᠢ ᠵᠢᠨ ᠦᠢ᠍ᠯᠡᠳᠬᠦᠨ᠎ᠤ ᠥᠷᠲᠡᠭ᠎ᠢ ᠪᠡᠶᠡᠯᠡᠭᠦᠯᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠣᠷᠣᠨ ᠪᠦᠰᠡ ᠵᠢᠨ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠵᠤ᠂ ᠠᠮᠢ ᠠᠬᠤᠢ ᠵᠢᠨ ᠠᠵᠤ ᠦᠢ᠍ᠯᠡᠰᠵᠢᠯᠲᠡ ᠪᠠ ᠠᠵᠤ ᠦᠢ᠍ᠯᠡᠰ᠎ᠤᠨ ᠠᠮᠢ ᠠᠬᠤᠶ᠋ᠢᠵᠢᠯᠳᠠ ᠵᠢᠨ ᠠᠯᠬᠤᠴᠠ ᠵᠢ ᠲᠦᠷᠭᠡᠳᠬᠡᠵᠦ᠂ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠬᠥᠮᠥᠨ᠎ᠤ ᠰᠡᠳᠬᠢᠯ᠎ᠳᠤ ᠰᠠᠭᠤᠭᠳᠠᠭᠤᠯᠬᠤ ᠵᠠᠮ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠪᠦᠭᠦ ᠬᠦᠴᠦᠨ ᠵᠶ᠋ᠠᠷ ᠠᠬᠢᠭᠤᠯᠬᠤ ᠬᠡᠷᠡᠭᠲᠡᠢ᠃ ᠠᠵᠤ ᠠᠬᠤᠢ ᠵᠢᠨ ᠪᠠᠶ᠋ᠢᠷᠢᠰᠢᠭᠤᠯᠤᠯᠲᠠ ᠵᠢ ᠬᠦᠴᠦᠯᠡᠨ ᠰᠢᠯᠢᠳᠡᠭᠵᠢᠭᠦᠯᠵᠦ᠂ ᠬᠥᠮᠥᠨ ᠠᠮᠠ ᠵᠢᠨ ᠪᠠᠶ᠋ᠢᠷᠢᠰᠢᠭᠤᠯᠤᠯᠲᠠ ᠵᠢᠨ ᠲᠣᠭᠤᠷᠢᠨ᠎ᠳᠤ ᠣᠷᠣᠨ ᠪᠦᠰᠡ ᠵᠢᠨ ᠪᠠᠶ᠋ᠢᠷᠢᠰᠢᠭᠤᠯᠤᠯᠲᠠ᠂ ᠬᠤᠲᠠ ᠪᠠᠯᠭ᠋ᠠᠰᠤ ᠵᠢᠨ ᠪᠠᠶ᠋ᠢᠷᠢᠰᠢᠭᠤᠯᠤᠯᠲᠠ᠂ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ᠂ ᠰᠠᠭᠤᠷᠢ ᠲᠥᠬᠦᠭᠡᠷᠦᠮᠵᠢ ᠵᠢᠨ ᠪᠠᠶ᠋ᠢᠷᠢᠰᠢᠭᠤᠯᠤᠯᠲᠠ ᠵᠢᠴᠢ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠷᠢᠰᠢᠭᠤᠯᠤᠯᠲᠠ ᠵᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠵᠢᠷᠤᠮᠵᠢᠯ᠎ᠲᠠᠢ ᠡᠮᠬᠢ ᠵᠢᠷᠤᠮ᠎ᠲᠠᠢ᠂ ᠲᠡᠯᠡᠵᠦ ᠲᠠᠯᠪᠢᠬᠤ᠎ᠨᠢ ᠬᠢᠵᠠᠭ᠋ᠠᠷᠯᠠᠯ᠎ᠲᠠᠢ᠂ ᠡᠷᠭᠢᠯᠲᠡ ᠰᠠᠭ᠋ᠠᠳ ᠦᠭᠡᠢ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠬᠡᠷᠡᠭᠲᠡᠢ᠃ ᠠᠵᠤ ᠦᠢ᠍ᠯᠡᠰ᠎ᠤᠨ ᠪᠦᠲᠦᠴᠡ ᠵᠢ ᠲᠦᠷᠭᠡᠳᠬᠡᠨ ᠰᠢᠯᠢᠳᠡᠭᠵᠢᠭᠦᠯᠵᠦ᠂ ᠡᠨᠧᠷᠭᠢ ᠵᠢᠨ ᠠᠵᠤ ᠦᠢ᠍ᠯᠡᠰ᠎ᠤᠨ ᠳᠠᠪᠠᠭᠤᠯᠢᠭ᠂ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠳᠠᠪᠠᠭᠤᠯᠢᠭ᠂ ᠲᠠᠷᠢᠶᠠᠯᠠᠩ ᠮᠠᠯ ᠠᠵᠤ ᠠᠬᠤᠢ ᠵᠢᠨ ᠳᠠᠪᠠᠭᠤᠯᠢᠭ᠎ᠲᠤ ᠰᠠᠭᠤᠷᠢᠯᠠᠨ᠂ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠢ ᠶᠡᠭᠡ᠎ᠪᠠᠷ ᠬᠥᠭᠵᠢᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠪᠠ ᠲᠡᠷᠢᠭᠦᠨ᠎ᠤ ᠦᠢ᠍ᠯᠡᠳᠬᠦ ᠦᠢ᠍ᠯᠡᠰ᠎ᠢ ᠬᠥᠭᠵᠢᠭᠦᠯᠵᠦ᠂ ᠥᠩᠭᠡᠲᠦ ᠲᠡᠮᠦᠷᠯᠢᠭ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠂ ᠲᠣᠭ᠋ᠠᠴᠢᠯᠠᠭᠰᠠᠨ ᠠᠵᠤ ᠠᠬᠤᠢ ᠪᠠ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠢᠳᠡᠪᠬᠢᠲᠡᠢ ᠬᠥᠭᠵᠢᠭᠦᠯᠵᠦ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠵᠤ ᠦᠢ᠍ᠯᠡᠰ᠎ᠤᠨ ᠰᠢᠰᠲ᠋ᠧᠮ᠎ᠢ ᠳᠡᠭᠡᠳᠦ ᠳᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠢ ᠪᠤᠯᠭ᠋ᠠᠬᠤ ᠲᠦᠪᠰᠢᠨ᠎ᠢ ᠳᠡᠭᠡᠭᠰᠢᠯᠡᠭᠦᠯᠦᠨ᠂ ᠡᠬᠢ ᠪᠠᠶᠠᠯᠢᠭ᠎ᠤᠨ ᠭᠡᠯᠪᠡᠷᠢ ᠪᠦᠬᠦᠢ ᠭᠠᠵᠠᠷ ᠣᠷᠣᠨ᠎ᠤ ᠭᠡᠯᠪᠡᠷᠢ᠎ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ᠎ᠢ ᠰᠦᠪᠡᠭᠴᠢᠯᠡᠵᠦ᠂ ᠥᠪᠥᠷ ᠮᠣᠩᠭᠤᠯ᠎ᠤᠨ ᠣᠨᠴᠠᠯᠢᠭ ᠳᠠᠪᠠᠭᠤᠯᠢᠭ᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ ᠪᠣᠯᠣᠨ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠴᠢᠩᠭ᠋ᠠᠳᠬᠠᠵᠤ᠂ 《ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ ᠵᠶ᠋ᠠᠷ ᠥᠪᠥᠷ ᠮᠣᠩᠭᠤᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠰᠢᠨ᠎ᠡ ᠵᠢ ᠡᠭᠦᠳᠬᠦ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠠᠩ ᠢᠳᠡᠪᠬᠢᠲᠡᠢ᠂ ᠨᠠᠩ ᠨᠡᠭᠡᠭᠡᠯᠲᠡᠲᠡᠢ᠂ ᠨᠠᠩ ᠪᠦᠲᠦᠮᠵᠢᠲᠡᠶ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠰᠢᠨ᠎ᠡ ᠵᠢ ᠡᠭᠦᠳᠬᠦ ᠬᠡᠯᠬᠢᠶ᠎ᠡ ᠠᠵᠤ ᠦᠢ᠍ᠯᠡᠰ᠎ᠤᠨ ᠬᠡᠯᠬᠢᠶ᠎ᠡ ᠪᠡᠯᠡ ᠮᠥᠩᠭᠦᠨ᠎ᠤ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠵᠠᠰᠠᠭ᠎ᠤᠨ ᠣᠷᠳᠣᠨ ᠪᠠᠩᠬᠢ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠡᠯ᠎ᠡ ᠲᠥᠷᠥᠯ᠎ᠤᠨ ᠮᠥᠩᠭᠦᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠵᠢ ᠭᠦᠢ᠍ᠴᠡᠳ ᠰᠠᠶ᠋ᠢᠲᠤᠷ ᠬᠡᠷᠡᠭᠯᠡᠵᠦ᠂ ᠮᠥᠩᠭᠦᠨ ᠭᠦᠢ᠍ᠯᠭᠡᠭᠡ᠎ᠪᠠᠷ ᠪᠣᠳᠠᠲᠤ ᠴᠣᠭᠴᠠ ᠵᠢᠨ ᠠᠵᠤ ᠠᠬᠤᠢ᠎ᠳᠤ ᠨᠠᠩ ᠰᠠᠶ᠋ᠢᠲᠤᠷ ᠦᠢ᠍ᠯᠡᠴᠢᠯᠡᠬᠦ ᠵᠢ ᠠᠬᠢᠭᠤᠯᠬᠤ ᠬᠡᠷᠡᠭᠲᠡᠢ᠃ ᠬᠥᠭᠵᠢᠯᠲᠡ ᠵᠢᠨ ᠳᠤᠲᠠᠭᠤᠳᠠᠯ ᠪᠠ ᠪᠠᠭᠤᠷᠠᠢ ᠲᠠᠯ᠎ᠠ ᠵᠢ ᠲᠦᠷᠭᠡᠪᠴᠢᠯᠡᠨ ᠨᠥᠬᠦᠪᠦᠷᠢᠯᠡᠵᠦ᠂ ᠬᠡᠷᠡᠭᠯᠡᠭᠡ ᠵᠢ ᠰᠡᠷᠭᠦᠭᠡᠨ ᠥᠷᠭᠡᠳᠬᠡᠵᠦ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠦᠷ᠎ᠡ ᠠᠰᠢᠭ ᠪᠠ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠪᠠ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠥᠭᠵᠢᠨ ᠪᠤᠵᠠᠭ᠋ᠠᠶ᠋ᠢᠷᠠᠬᠤ ᠵᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠴᠢᠨᠠᠷᠲᠠᠢ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠠᠵᠤ ᠦᠢ᠍ᠯᠡᠰ᠎ᠤᠨ ᠰᠢᠯᠵᠢᠯᠲᠡ ᠵᠢ ᠭᠥᠯᠢᠶᠡᠨ ᠠᠪᠬᠤ ᠵᠢᠱ᠌ᠢᠶ᠎ᠡ ᠦᠵᠡᠭᠦᠯᠭᠦ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠣᠯᠣᠨ ᠠᠵᠢᠯᠯᠠᠭ᠋ᠠᠨ᠎ᠤ ᠲᠣᠭᠲᠠᠴᠠ ᠵᠢ ᠲᠦᠷᠭᠡᠳᠬᠡᠨ ᠰᠢᠯᠤᠭᠤᠳᠬᠠᠵᠤ᠂ ᠠᠵᠤ ᠦᠢ᠍ᠯᠡᠰ᠎ᠤᠨ ᠡᠷᠴᠢᠮᠯᠢᠭ ᠲᠥᠪᠯᠡᠷᠡᠩᠭᠦᠢ ᠬᠥᠭᠵᠢᠯᠲᠡ ᠵᠢᠨ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃

      ᠳᠥᠷᠪᠡ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠬᠠᠮᠲᠤ᠎ᠪᠠᠷ ᠪᠠᠶᠠᠵᠢᠬᠤ ᠵᠠᠮ ᠵᠶ᠋ᠠᠷ ᠵᠠᠮᠨᠠᠬᠤ ᠲᠠᠯ᠎ᠠ᠎ᠪᠠᠷ ᠵᠢᠱ᠌ᠢᠶᠡᠴᠢ ᠪᠤᠯᠬᠤ ᠬᠡᠷᠡᠭᠲᠡᠢ

      ᠠᠷᠠᠳ ᠲᠦᠮᠡᠨ ᠵᠶ᠋ᠠᠷ ᠭᠤᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠦᠪᠦᠷᠢᠯᠡᠵᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠬᠠᠮᠲᠤ᠎ᠪᠠᠷ ᠪᠠᠶᠠᠵᠢᠬᠤ ᠵᠢ ᠠᠬᠢᠭᠤᠯᠬᠤ ᠠᠵᠢᠯᠯᠠᠭ᠎ᠠ ᠶᠠᠪᠤᠭᠳᠠᠵᠤ ᠪᠠᠶ᠋ᠢᠬᠤ ᠪᠠ ᠳᠡᠷᠭᠡᠳᠡ᠎ᠨᠢ ᠪᠠᠶ᠋ᠢᠬᠤ ᠵᠢ ᠦᠨᠡᠨ ᠬᠦ᠌ ᠮᠡᠳᠡᠷᠡᠭᠦᠯᠬᠦ ᠬᠡᠷᠡᠭᠲᠡᠢ᠃

      (ᠠᠷᠪᠠᠨ ᠳᠥᠷᠪᠡ) ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢ ᠨᠡᠮᠡᠭᠳᠡᠭᠦᠯᠬᠦ ᠬᠡᠷᠡᠭᠲᠡᠢ᠃ ᠠᠵᠢᠯ ᠣᠯᠭᠤᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠪᠦᠭᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠭᠤᠣᠯᠳᠠᠯᠭ᠎ᠠ᠎ᠲᠠᠢ ᠬᠥᠮᠥᠰ᠎ᠤᠨ ᠠᠵᠢᠯ ᠣᠯᠭᠤᠯᠲᠠ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠳᠠᠷᠤᠭ᠋ᠠᠰᠤ ᠵᠢ ᠬᠥᠩᠭᠡᠷᠡᠭᠦᠯᠵᠦ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ ᠣᠯᠭᠤᠯᠲᠠ ᠵᠢ ᠥᠷᠭᠡᠳᠬᠡᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠣᠨᠣᠪᠴᠢᠲᠠᠶ ᠪᠥᠭᠡᠳ ᠪᠦᠲᠦᠮᠵᠢᠲᠡᠶ ᠬᠡᠷᠡᠭᠵᠢᠭᠦᠯᠵᠦ᠂ ᠠᠵᠢᠯ ᠣᠯᠭᠤᠯᠲᠠ ᠵᠢᠨ ᠦᠨᠳᠦᠰᠦᠨ ᠵᠦᠢ᠍ᠯ᠎ᠢ ᠪᠠᠲᠤᠯᠠᠨ ᠬᠠᠪᠰᠤᠷᠤᠨ ᠲᠡᠳᠬᠦᠬᠦ ᠵᠢ ᠴᠢᠩᠭ᠋ᠠᠳᠬᠠᠬᠤ ᠬᠡᠷᠡᠭᠲᠡᠢ᠃ ᠦᠢ᠍ᠯᠡᠰ ᠪᠣᠰᠬᠠᠬᠤ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠦᠢ᠍ᠯᠡᠰ ᠪᠣᠰᠬᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠦᠨ᠂ ᠨᠡᠩ ᠤᠯᠠᠨ ᠬᠥᠳᠡᠯᠮᠦᠷᠢᠴᠢᠳ ᠦᠢ᠍ᠯᠡᠰ ᠪᠣᠰᠬᠠᠭᠴᠢ ᠪᠤᠯᠬᠤ ᠵᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠴᠠᠯᠢᠩ᠎ᠢ ᠵᠦᠢ ᠵᠣᠬᠢᠰᠲᠠᠢ ᠨᠡᠮᠡᠭᠳᠡᠭᠦᠯᠬᠦ ᠲᠣᠭᠲᠠᠴᠠ᠂ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠣᠭᠲᠠᠴᠠ ᠪᠣᠯᠣᠨ ᠴᠠᠯᠢᠩ ᠥᠭᠬᠦ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠵᠦ᠂ 《ᠥᠷᠢ ᠥᠭᠴᠡᠭᠡ ᠵᠢ ᠠᠷᠢᠯᠭ᠋ᠠᠬᠤ》 ᠠᠵᠢᠯ᠎ᠢ ᠬᠥᠳᠡᠯᠦᠩᠭᠦᠢ᠎ᠪᠠᠷ ᠰᠠᠶ᠋ᠢᠲᠤᠷ ᠬᠢᠬᠦ ᠬᠡᠷᠡᠭᠲᠡᠢ᠃ 《ᠮᠢᠩᠭ᠎ᠠ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠳᠡᠯᠭᠡᠷᠡᠭᠦᠯᠵᠦ᠂ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠂ ᠲᠥᠬᠦᠭᠡᠷᠦᠮᠵᠢᠲᠦ ᠲᠠᠷᠢᠶᠠᠯᠠᠩ ᠪᠠ ᠬᠠᠰᠢᠶᠠᠯᠠᠨ ᠲᠡᠵᠢᠭᠡᠬᠦ ᠵᠢ ᠶᠡᠭᠡ᠎ᠪᠠᠷ ᠬᠥᠭᠵᠢᠭᠦᠯᠵᠦ᠂ ᠮᠠᠯᠵᠢᠬᠤ ᠣᠷᠣᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠦᠴᠡᠯ᠎ᠢ ᠰᠠᠶ᠋ᠢᠵᠢᠷᠠᠭᠤᠯᠤᠨ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠠᠵᠢᠯ ᠣᠯᠭᠤᠯᠲᠠ᠎ᠪᠠᠷ ᠲᠡᠳᠬᠦᠮᠵᠢ ᠵᠢ ᠣᠷᠣᠯᠠᠭᠤᠯᠬᠤ᠂ ᠪᠡᠯᠡ ᠮᠥᠩᠭᠦ ᠴᠤᠭᠯᠠᠭᠤᠯᠬᠤ᠎ᠪᠠᠷ ᠭᠦᠳᠡᠯᠮᠦᠷᠢ ᠬᠦᠴᠦ ᠵᠢ ᠣᠷᠣᠯᠠᠭᠤᠯᠬᠤ᠂ ᠦᠢ᠍ᠯᠡᠳᠪᠦᠷᠢᠯᠡᠯ᠎ᠤᠨ ᠱᠠᠩᠨᠠᠯ ᠨᠥᠬᠦᠪᠦᠷᠢ ᠥᠭᠬᠦ᠂ ᠭᠦᠳᠡᠯᠮᠦᠷᠢ ᠬᠦᠴᠦᠨ᠎ᠳᠤ ᠨᠥᠬᠦᠪᠦᠷᠢ ᠥᠭᠬᠦ ᠵᠡᠷᠭᠡ ᠲᠣᠭᠲᠠᠴᠠ ᠵᠢ ᠰᠠᠶ᠋ᠢᠵᠢᠷᠠᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨ᠎ᠢ ᠨᠡᠩ ᠴᠢᠩᠭ᠎ᠠ ᠡᠵᠡᠨ ᠬᠥᠮᠥᠨ᠎ᠤ ᠤᠬᠠᠮᠰᠠᠷ ᠵᠶ᠋ᠠᠷ ᠡᠬᠢ ᠪᠠᠶᠠᠯᠢᠭ᠎ᠢ ᠨᠡᠭᠡᠭᠡᠨ ᠠᠰᠢᠭᠯᠠᠬᠤ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ᠂ ᠬᠤᠳᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ᠂ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠵᠡᠷᠭᠡ ᠡᠯ᠎ᠡ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃

      (ᠠᠷᠪᠠᠨ ᠲᠠᠪᠤ) ᠰᠤᠷᠭ᠋ᠠᠨ ᠬᠥᠮᠦᠵᠢᠯ ᠡᠮ ᠡᠮᠨᠡᠯᠭᠡ ᠨᠠᠰᠤᠵᠢᠯ᠎ᠤᠨ ᠠᠰᠠᠷᠠᠮᠵᠢ ᠵᠢᠨ ᠦᠢ᠍ᠯᠡᠰ᠎ᠢ ᠰᠠᠶ᠋ᠢᠲᠤᠷ ᠡᠷᠭᠢᠯᠡᠭᠦ ᠬᠡᠷᠡᠭᠲᠡᠢ᠃ ᠰᠤᠷᠭ᠋ᠠᠨ ᠬᠥᠮᠦᠵᠢᠯ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠵᠣᠬᠢᠶᠠᠨ ᠪᠠᠶ᠋ᠢᠭᠤᠯᠵᠤ ᠤᠳᠤᠷᠢᠳᠬᠤ᠂ ᠬᠥᠭᠵᠢᠭᠦᠯᠬᠦ ᠲᠥᠯᠦᠪᠵᠢᠭᠦᠯᠭᠡ᠂ ᠡᠬᠢ ᠪᠠᠶᠠᠯᠢᠭ᠎ᠤᠨ ᠪᠠᠲᠤᠯᠠᠭ᠎ᠠ᠂ ᠵᠠᠷᠤᠳᠠᠯ᠎ᠤᠨ ᠣᠷᠣᠭᠤᠯᠤᠯᠲᠠ ᠵᠢᠨ ᠲᠠᠯ᠎ᠠ᠎ᠪᠠᠷ ᠡᠷᠴᠢᠮ ᠵᠶ᠋ᠠᠨ ᠴᠢᠩᠭ᠋ᠠᠷᠠᠭᠤᠯᠵᠤ᠂ ᠰᠤᠷᠭ᠋ᠠᠨ ᠬᠥᠮᠦᠵᠢᠯ᠎ᠤᠨ ᠬᠤᠳᠠ ᠬᠥᠳᠡᠭᠡ᠂ ᠣᠷᠣᠨ ᠪᠦᠰᠡ᠂ ᠰᠤᠷᠭ᠋ᠠᠭᠤᠯᠢ ᠵᠢᠨ ᠬᠤᠭᠤᠷᠤᠨᠳᠤᠭᠢ ᠵᠥᠷᠢᠶ᠎ᠡ ᠵᠢ ᠬᠦᠴᠦᠯᠡᠨ ᠪᠠᠭ᠋ᠠᠰᠬᠠᠵᠤ᠂ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠨ ᠬᠥᠮᠦᠵᠢᠯ᠎ᠤᠨ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ ᠲᠣᠭ᠋ᠠᠴᠢᠯᠠᠭᠰᠠᠨ ᠰᠤᠷᠭ᠋ᠠᠨ ᠬᠥᠮᠦᠵᠢᠯ᠎ᠢ ᠢᠳᠡᠪᠬᠢᠲᠡᠢ ᠠᠬᠢᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠵᠢᠨ ᠲᠣᠭᠤᠷᠢᠨ᠎ᠳᠤ ᠨᠡᠩ ᠤᠯᠠᠨ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠎ᠢ ᠬᠥᠮᠥᠵᠢᠭᠦᠯᠬᠦ ᠬᠡᠷᠡᠭᠲᠡᠢ᠃ ᠴᠢᠨᠠᠷ ᠰᠠᠶ᠋ᠢᠲᠠᠢ ᠡᠮ ᠡᠮᠨᠡᠯᠭᠡ ᠵᠢᠨ ᠡᠬᠢ ᠪᠠᠶᠠᠯᠢᠭ᠎ᠤᠨ ᠪᠠᠭᠲᠠᠭ᠋ᠠᠮᠵᠢ ᠵᠢ ᠥᠷᠭᠡᠳᠬᠡᠬᠦ ᠪᠠ ᠣᠷᠣᠨ ᠪᠦᠰᠡ ᠵᠢ ᠲᠡᠩᠴᠡᠭᠦᠷᠢᠲᠡᠢ ᠪᠠᠶ᠋ᠢᠷᠢᠯᠠᠭᠤᠯᠬᠤ ᠵᠢ ᠠᠬᠢᠭᠤᠯᠵᠤ᠂ ᠰᠢᠶᠠᠨ᠎ᠤ ᠱᠠᠲᠤᠨ᠎ᠤ ᠡᠮᠨᠡᠯᠭᠡ ᠵᠢᠨ ᠬᠤᠷᠢᠶ᠎ᠠ ᠵᠢᠨ ᠶᠡᠷᠦᠩᠬᠡᠶ᠋ᠢᠯᠡᠭᠰᠡᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ 《ᠢᠨᠲ᠋ᠧᠷ ᠰᠦᠯᠵᠢᠶ᠎ᠡ + ᠡᠮ ᠡᠮᠨᠡᠯᠭᠡ ᠡᠷᠡᠭᠦᠯ ᠮᠡᠨᠳᠦ》 ᠵᠢ ᠳᠡᠯᠭᠡᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ᠎ᠢ ᠲᠡᠭᠦᠯᠳᠡᠷᠵᠢᠭᠦᠯᠦᠨ᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠣᠯᠠᠨ ᠲᠦᠮᠡᠨ᠎ᠤ ᠡᠪᠡᠳᠴᠢᠨ ᠦᠵᠡᠭᠦᠯᠭᠦ᠎ᠳᠤ ᠳᠦᠭᠦᠮ᠂ ᠡᠪᠡᠳᠴᠢᠨ ᠦᠵᠡᠭᠦᠯᠵᠦ ᠳᠡᠶ᠋ᠢᠯᠭᠦ ᠵᠢ ᠪᠠᠲᠤᠯᠠᠬᠤ ᠬᠡᠷᠡᠭᠲᠡᠢ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠰ ᠪᠠ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠢ ᠶᠡᠭᠡ᠎ᠪᠠᠷ ᠬᠥᠭᠵᠢᠭᠦᠯᠵᠦ᠂ ᠨᠡᠶ᠋ᠢᠭᠡᠮ ᠲᠣᠭᠤᠷᠢᠭ᠎ᠤᠨ ᠨᠠᠰᠤᠵᠢᠯ᠎ᠳᠤ ᠲᠣᠬᠢᠷᠠᠬᠤ ᠥᠭᠡᠷᠡᠴᠢᠯᠡᠯᠲᠡ ᠵᠢ ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠣᠷᠣᠨ᠎ᠤ ᠪᠣᠳᠠᠲᠠᠢ᠎ᠳᠤ ᠨᠡᠶ᠋ᠢᠴᠡᠭᠰᠡᠨ ᠬᠥᠳᠡᠭᠡ ᠲᠣᠰᠬᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠢ ᠬᠥᠭᠵᠢᠭᠦᠯᠵᠦ᠂ ᠨᠠᠰᠤᠵᠢᠯ᠎ᠤᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠭᠦᠯᠦᠨ᠂ ᠠᠳᠠᠯᠢ ᠪᠤᠰᠤ ᠨᠠᠰᠤᠲᠠᠶ᠋ᠢᠴᠤᠳ᠎ᠲᠤ ᠴᠢᠭᠯᠡᠭᠦᠯᠦᠨ ᠲᠥᠷᠥᠯ ᠬᠤᠪᠢᠶᠠᠨ ᠨᠠᠰᠤᠵᠢᠯ᠎ᠤᠨ ᠪᠠᠲᠤᠯᠠᠭ᠎ᠠ᠂ ᠠᠮᠢᠳᠤᠷᠠᠯ᠎ᠤᠨ ᠬᠠᠷᠠᠭ᠋ᠠᠯᠵᠠᠯ᠂ ᠡᠷᠡᠭᠦᠯᠵᠢᠯ᠎ᠤᠨ ᠰᠤᠪᠢᠯᠠᠯᠲᠠ᠂ ᠨᠡᠶ᠋ᠢᠭᠡᠮ᠎ᠤᠨ ᠠᠪᠤᠷᠠᠨ ᠲᠤᠰᠠᠯᠠᠯᠲᠠ ᠵᠡᠷᠭᠡ ᠲᠣᠬᠢᠷᠠᠮᠵᠢᠲᠠᠢ ᠦᠢ᠍ᠯᠡᠴᠢᠯᠡᠭᠡᠨ᠎ᠢ ᠬᠠᠩᠭ᠋ᠠᠵᠤ᠂ ᠪᠦᠭᠦ ᠨᠠᠰᠤᠲᠠᠶ᠋ᠢᠴᠤᠳ᠎ᠲᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ ᠬᠦᠷᠲᠡᠭᠡᠬᠦ ᠵᠢ ᠪᠡᠶᠡᠯᠡᠭᠦᠯᠬᠦ ᠬᠡᠷᠡᠭᠲᠡᠢ᠃

      (ᠠᠷᠪᠠᠨ ᠵᠢᠷᠭᠤᠭ᠎ᠠ) ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠳᠠᠭ᠋ᠠᠳᠬᠠᠯ᠎ᠳᠤ ᠣᠷᠤᠯᠴᠠᠬᠤ ᠬᠡᠪᠴᠢᠶ᠎ᠡ ᠵᠢ ᠥᠷᠭᠡᠳᠬᠡᠬᠦ ᠵᠢ ᠠᠬᠢᠭᠤᠯᠵᠤ᠂ ᠨᠡᠶ᠋ᠢᠭᠡᠮ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠵᠢ ᠢᠳᠡᠪᠬᠢᠲᠡᠢ ᠠᠬᠢᠭᠤᠯᠬᠤ ᠬᠡᠷᠡᠭᠲᠡᠢ᠃ ᠡᠯ᠎ᠡ ᠵᠦᠢ᠍ᠯ᠎ᠤᠨ ᠠᠪᠤᠷᠠᠨ ᠲᠤᠰᠠᠯᠠᠬᠤ ᠲᠥᠷᠥ ᠵᠢᠨ ᠪᠣᠳᠣᠯᠭ᠎ᠠ ᠵᠢ ᠲᠤᠶ᠋ᠢᠯ᠎ᠤᠨ ᠣᠨᠣᠪᠴᠢᠲᠠᠶ᠎ᠪᠠᠷ ᠨᠠᠶ᠋ᠢᠳᠠᠪᠤᠷᠢᠵᠢᠭᠤᠯᠵᠤ᠂ ᠣᠯᠠᠨ ᠲᠦᠮᠡᠨ᠎ᠤ ᠭᠡᠨᠡᠳᠲᠡ ᠵᠢᠨ ᠴᠢᠨᠠᠷᠲᠠᠢ᠂ ᠲᠤᠯᠭ᠋ᠠᠮ ᠴᠢᠨᠠᠷᠲᠠᠢ᠂ ᠲᠦᠷ ᠴᠠᠭ᠎ᠤᠨ ᠴᠢᠨᠠᠷᠲᠠᠢ ᠦᠨᠳᠦᠰᠦᠨ ᠠᠮᠢᠳᠤᠷᠠᠯ᠎ᠤᠨ ᠬᠦᠴᠢᠷᠳᠡᠯ᠎ᠢ ᠠᠪᠤᠷᠠᠨ ᠲᠤᠰᠠᠯᠠᠬᠤ ᠡᠷᠴᠢᠮ ᠵᠶ᠋ᠠᠨ ᠴᠢᠩᠭ᠋ᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠡᠭᠡᠨ ᠬᠤᠴᠣᠷᠤᠭᠰᠠᠨ ᠬᠡᠦᠬᠡᠳ᠂ ᠡᠮᠡᠭᠲᠡᠶ᠋ᠢᠴᠦᠳ᠂ ᠨᠠᠰᠤᠲᠠᠶ᠋ᠢᠴᠤᠳ ᠵᠢᠴᠢ ᠬᠤᠲᠠ ᠵᠢᠨ ᠬᠦᠴᠢᠷᠳᠡᠯᠲᠡᠢ ᠣᠯᠠᠨ ᠲᠦᠮᠡᠨ᠎ᠢ ᠬᠠᠯᠠᠮᠵᠢᠯᠠᠨ ᠬᠠᠶ᠋ᠢᠷᠠᠯᠠᠬᠤ ᠦᠢ᠍ᠯᠡᠴᠢᠯᠡᠭᠡ ᠵᠢ ᠴᠢᠩᠭ᠋ᠠᠳᠬᠠᠵᠤ᠂ ᠬᠦᠴᠢᠷᠳᠡᠯᠲᠡᠢ ᠬᠥᠮᠥᠰ᠎ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠢ ᠪᠦᠭᠦᠨ᠎ᠢ ᠪᠦᠷᠬᠦᠭᠦᠯᠬᠦ ᠵᠢ ᠪᠡᠶᠡᠯᠡᠭᠦᠯᠬᠦ ᠬᠡᠷᠡᠭᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠲᠠᠭᠢᠨ ᠶᠠᠳᠠᠭᠤᠷᠠᠬᠤ ᠵᠢ ᠰᠡᠷᠭᠡᠶ᠋ᠢᠯᠡᠬᠦ ᠬᠢᠨᠠᠨ ᠬᠡᠮᠵᠢᠬᠦ ᠲᠣᠭᠲᠠᠴᠠ ᠵᠢ ᠪᠦᠷᠢᠨᠰᠢᠭᠦᠯᠦᠨ᠂ ᠬᠡᠪᠴᠢᠶᠡᠵᠢᠯ᠎ᠤᠨ ᠴᠢᠨᠠᠷᠲᠠᠢ ᠲᠠᠭᠢᠨ ᠶᠠᠳᠠᠭᠤᠷᠠᠬᠤ ᠵᠢ ᠰᠡᠷᠭᠡᠶ᠋ᠢᠯᠡᠬᠦ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠦᠷᠡᠵᠢᠯ᠎ᠤᠨ ᠳᠡᠮᠵᠢᠯᠭᠡ ᠵᠢᠨ ᠲᠦᠷᠦ ᠵᠢᠨ ᠪᠣᠳᠣᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠭᠡᠷ ᠪᠦᠯᠢ ᠵᠢᠨ ᠦᠷᠡᠵᠢᠯ᠎ᠤᠨ ᠰᠤᠷᠭ᠋ᠠᠨ ᠬᠥᠮᠦᠵᠢᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠨᠥᠭᠦᠷᠰᠡᠭ ᠭᠡᠯᠪᠡᠷᠢ ᠵᠢᠨ ᠦᠷᠡᠵᠢᠯ᠎ᠤᠨ ᠨᠡᠶ᠋ᠢᠭᠡᠮ᠎ᠢ ᠪᠠᠶ᠋ᠢᠭᠤᠯᠬᠤ ᠵᠢ ᠠᠬᠢᠭᠤᠯᠬᠤ ᠬᠡᠷᠡᠭᠲᠡᠢ᠃

      ᠲᠠᠪᠤ᠂ ᠬᠢᠯᠢ ᠬᠢᠵᠠᠭ᠋ᠠᠷ᠎ᠢ ᠮᠠᠨᠳᠤᠭᠤᠯᠬᠤ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠬᠤ ᠬᠢᠯᠢ ᠬᠢᠵᠠᠭ᠋ᠠᠷ᠎ᠢ ᠪᠠᠬᠢᠵᠢᠭᠦᠯᠬᠦ ᠲᠠᠯ᠎ᠠ᠎ᠪᠠᠷ ᠵᠢᠱ᠌ᠢᠶᠡᠴᠢ ᠪᠤᠯᠬᠤ ᠬᠡᠷᠡᠭᠲᠡᠢ

      ᠬᠢᠯᠢ ᠬᠢᠵᠠᠭ᠋ᠠᠷ᠎ᠢ ᠬᠦᠴᠦᠷᠬᠡᠭᠵᠢᠭᠦᠯᠬᠦ᠂ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠬᠤ᠂ ᠬᠢᠯᠢ ᠬᠢᠵᠠᠭ᠋ᠠᠷ᠎ᠢ ᠪᠠᠬᠢᠵᠢᠭᠦᠯᠬᠦ᠂ ᠬᠢᠯᠢ ᠬᠢᠵᠠᠭ᠋ᠠᠷ᠎ᠢ ᠪᠠᠶᠠᠵᠢᠭᠤᠯᠬᠤ᠂ ᠬᠢᠯᠢ ᠬᠢᠵᠠᠭ᠋ᠠᠷ᠎ᠢ ᠡᠶ᠎ᠡ ᠵᠣᠬᠢᠴᠠᠩᠭᠤᠢ ᠪᠠᠶ᠋ᠢᠯᠭ᠋ᠠᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ ᠬᠢᠯᠢ ᠵᠢᠨ ᠴᠡᠴᠡᠭᠯᠡᠯ ᠬᠥᠭᠵᠢᠯ᠂ ᠬᠢᠯᠢ ᠵᠢᠨ ᠠᠷᠠᠳ᠎ᠤᠨ ᠪᠦᠯᠬᠦᠮᠳᠡᠯ ᠵᠣᠯ ᠵᠢᠷᠭ᠋ᠠᠯ᠂ ᠬᠢᠯᠢ ᠵᠢᠨ ᠬᠠᠮᠠᠭ᠋ᠠᠯᠠᠯᠲᠠ ᠵᠢᠨ ᠠᠮᠤᠷ ᠲᠦᠪᠰᠢᠨ ᠲᠣᠭᠲᠠᠭᠤᠨ ᠪᠠᠶ᠋ᠢᠬᠤ ᠵᠢ ᠠᠬᠢᠭᠤᠯᠵᠤ᠂ ᠡᠬᠡ ᠤᠯᠤᠰ᠎ᠤᠨ 《ᠤᠮᠠᠷᠠᠲᠤ ᠶᠡᠭᠡ ᠬᠠᠭ᠋ᠠᠯᠭ᠎ᠠ》᠂ ᠨᠡᠶ᠋ᠢᠰᠯᠡᠯ᠎ᠤᠨ 《ᠬᠠᠮᠠᠭ᠋ᠠᠯᠠᠯᠲᠠ ᠵᠢᠨ ᠭᠤᠣᠯ》᠎ᠢ ᠡᠷᠡᠰ ᠰᠠᠶ᠋ᠢᠲᠤᠷ ᠰᠠᠬᠢᠬᠤ ᠬᠡᠷᠡᠭᠲᠡᠢ᠃

      (ᠠᠷᠪᠠᠨ ᠳᠣᠯᠤᠭ᠎ᠠ) ᠬᠢᠯᠢ ᠬᠢᠵᠠᠭ᠋ᠠᠷ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠢ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠠᠨ ᠬᠠᠮᠲᠤᠳᠬᠠᠨ ᠬᠢᠯᠢ ᠵᠢ ᠬᠦᠴᠦᠷᠬᠡᠭᠵᠢᠭᠦᠯᠵᠦ ᠬᠢᠯᠢ ᠵᠢ ᠪᠠᠬᠢᠵᠢᠭᠦᠯᠬᠦ ᠪᠠᠶ᠋ᠢᠳᠠᠯ᠎ᠢ ᠪᠠᠲᠤᠳᠬᠠᠵᠤ᠂ ᠬᠢᠯᠢ ᠵᠢᠨ ᠬᠠᠮᠠᠭ᠋ᠠᠯᠠᠯᠲᠠ ᠵᠢᠨ ᠬᠠᠮᠢᠶᠠᠷᠤᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠥᠮᠦᠵᠢᠯ᠎ᠢ ᠴᠢᠩᠭ᠋ᠠᠳᠬᠠᠵᠤ᠂ ᠬᠤᠶᠠᠷ᠎ᠢ ᠬᠦᠷᠢᠶᠡᠯᠡᠵᠦ ᠬᠠᠮᠲᠤ᠎ᠪᠠᠷ ᠪᠠᠶ᠋ᠢᠭᠤᠯᠬᠤ ᠵᠢ ᠭᠦᠨᠵᠡᠭᠡᠶ᠋ᠢᠷᠡᠭᠦᠯᠦᠨ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠠᠬᠢᠭᠤᠯᠬᠤ ᠬᠡᠷᠡᠭᠲᠡᠢ᠃ ᠬᠢᠯᠢ ᠬᠢᠵᠠᠭ᠋ᠠᠷ ᠣᠷᠣᠨ᠎ᠤ ᠬᠥᠮᠥᠨ ᠠᠮᠠ ᠵᠢᠨ 《ᠬᠥᠨᠳᠡᠶ᠋ᠢᠷᠡᠯ》᠎ᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠵᠦᠷᠢᠶᠡᠴᠢᠯᠡᠭᠰᠡᠨ ᠪᠠ ᠣᠨᠣᠪᠴᠢᠯᠠᠭᠰᠠᠨ ᠨᠥᠬᠦᠪᠦᠷᠢ ᠵᠢᠨ ᠲᠥᠷᠥ ᠵᠢᠨ ᠪᠣᠳᠣᠯᠭ᠎ᠠ ᠵᠢ ᠰᠤᠳᠤᠯᠤᠨ ᠨᠡᠶ᠋ᠢᠲᠡᠯᠡᠬᠦ ᠬᠡᠷᠡᠭᠲᠡᠢ᠃ 《ᠲᠣᠭ᠋ᠠᠴᠢᠯᠠᠭᠰᠠᠨ ᠬᠢᠯᠢ ᠵᠢᠨ ᠬᠠᠮᠠᠭ᠋ᠠᠯᠠᠯᠲᠠ》᠂ 《ᠣᠶᠤᠨᠴᠢ ᠬᠢᠯᠢ ᠵᠢᠨ ᠬᠠᠮᠠᠭ᠋ᠠᠯᠠᠯᠲᠠ》 ᠵᠢᠨ ᠪᠠᠶ᠋ᠢᠭᠤᠯᠤᠯᠲᠠ ᠵᠢ ᠠᠬᠢᠭᠤᠯᠵᠤ᠂ ᠠᠷᠠᠳ᠎ᠤᠨ ᠰᠡᠷᠭᠡᠶ᠋ᠢᠯᠡᠯᠲᠡ᠂ ᠪᠣᠳᠠᠰ᠎ᠤᠨ ᠰᠡᠷᠭᠡᠶ᠋ᠢᠯᠡᠯᠲᠡ᠂ ᠮᠡᠷᠭᠡᠵᠢᠯ᠎ᠤᠨ ᠰᠡᠷᠭᠡᠶ᠋ᠢᠯᠡᠯᠲᠡ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠡᠶᠡᠯᠡᠭᠦᠯᠬᠦ ᠬᠡᠷᠡᠭᠲᠡᠢ᠃ 《ᠤᠰᠤ ᠴᠠᠭᠢᠯᠭ᠋ᠠᠨ ᠵᠠᠮ ᠴᠢᠮᠡᠭᠡ ᠬᠤᠯᠪᠤᠭ᠎ᠠ》 ᠵᠡᠷᠭᠡ ᠰᠠᠭᠤᠷᠢ ᠲᠥᠬᠦᠭᠡᠷᠦᠮᠵᠢ ᠵᠢ ᠴᠡᠷᠢᠭ ᠠᠩᠭᠢ ᠪᠠ ᠣᠷᠣᠨ ᠨᠤᠲᠤᠭ ᠨᠢᠭᠡ ᠴᠣᠭᠴᠠᠵᠢᠭᠤᠯᠬᠤ ᠪᠦᠲᠦᠭᠡᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠬᠢᠯᠢ ᠳᠠᠭ᠋ᠠᠤ ᠣᠷᠣᠨ᠎ᠤ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠪᠠ ᠴᠢᠬᠤᠯᠠ ᠶᠡᠭᠡ ᠰᠠᠭᠤᠷᠢ ᠲᠥᠬᠦᠭᠡᠷᠦᠮᠵᠢ ᠵᠢᠨ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠬᠢᠯᠢ ᠬᠢᠵᠠᠭ᠋ᠠᠷ ᠣᠷᠣᠨ᠎ᠤ ᠬᠤᠰᠢᠭᠤ ᠬᠤᠲᠠ ᠵᠢᠨ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢ ᠲᠡᠳᠬᠦᠵᠦ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠋ᠠᠨ᠎ᠤ ᠲᠥᠪ ᠬᠤᠲᠠ ᠪᠠᠯᠭ᠋ᠠᠰᠤ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃

      (ᠠᠷᠪᠠᠨ ᠨᠠᠢ᠍ᠮᠠ) ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠦᠨᠳᠦᠰᠦᠨ ᠱᠠᠲᠤᠨ᠎ᠤ ᠵᠠᠰᠠᠯᠲᠠ ᠵᠢ ᠤᠳᠤᠷᠢᠳᠬᠤ ᠠᠵᠢᠯ᠎ᠤᠨ ᠰᠢᠰᠲ᠋ᠧᠮ᠎ᠢ ᠪᠦᠷᠢᠨᠰᠢᠭᠦᠯᠵᠦ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ ᠬᠤᠶᠠᠷ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠠᠵᠢᠯᠯᠠᠭ᠋ᠠᠨ᠎ᠢ ᠵᠢᠷᠤᠮᠵᠢᠭᠤᠯᠵᠤ᠂ ᠲᠣᠣᠷᠵᠢᠭᠤᠯᠤᠬᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢ᠍ᠯᠡᠴᠢᠯᠡᠭᠡ᠂ ᠮᠡᠳᠡᠭᠡ ᠵᠠᠩᠭᠢᠵᠢᠯᠲᠠ᠎ᠪᠠᠷ ᠲᠤᠯᠭ᠋ᠠᠭᠤᠷᠢᠯᠠᠭᠰᠠᠨ ᠦᠨᠳᠦᠰᠦᠨ ᠱᠠᠲᠤᠨ᠎ᠤ ᠵᠠᠰᠠᠯᠲᠠ ᠵᠢᠨ ᠲᠠᠪᠴᠠᠩ᠎ᠢ ᠲᠡᠭᠦᠯᠳᠡᠷᠵᠢᠭᠦᠯᠬᠦ ᠬᠡᠷᠡᠭᠲᠡᠢ᠃ ᠨᠡᠶ᠋ᠢᠭᠡᠮ ᠲᠣᠭᠤᠷᠢᠭ᠎ᠤᠨ ᠵᠠᠰᠠᠯᠲᠠ ᠵᠢ ᠪᠣᠶ᠋ᠢᠵᠢᠭᠤᠯᠤᠨ ᠬᠥᠭᠵᠢᠭᠦᠯᠬᠦ ᠤᠯᠠᠨ ᠡᠰᠢᠲᠦ ᠭᠤᠣᠯ ᠴᠣᠭᠴᠠ ᠵᠢᠨ ᠢᠨᠵᠧᠨᠧᠷᠢᠩ᠎ᠢ ᠬᠡᠷᠡᠭᠵᠢᠭᠦᠯᠬᠦ ᠬᠡᠷᠡᠭᠲᠡᠢ᠃ ᠨᠡᠶ᠋ᠢᠭᠡᠮ ᠲᠣᠭᠤᠷᠢᠭ᠎ᠤᠨ ᠨᠡᠶ᠋ᠢᠭᠡᠮ᠎ᠤᠨ ᠠᠵᠢᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠪᠣᠯᠣᠨ ᠰᠠᠶ᠋ᠢᠨ ᠳᠤᠷᠠᠴᠤᠳ᠎ᠤᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠡᠶ᠋ᠢᠭᠡᠮ ᠲᠣᠭᠤᠷᠢᠭ᠎ᠤᠨ ᠠᠵᠢᠯᠲᠠᠳ᠎ᠤᠨ ᠡᠷᠬᠡ ᠬᠠᠷᠢᠭᠤᠴᠠᠯᠭ᠎ᠠ ᠵᠢᠨ ᠨᠠᠷᠢᠨ ᠲᠠᠩᠰᠠ ᠪᠣᠯᠣᠨ ᠴᠠᠯᠢᠩ ᠬᠥᠯᠥᠰᠦ ᠵᠢᠨ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ᠃ ᠬᠤᠲᠠ ᠵᠢᠨ ᠬᠡᠪᠴᠢᠶᠡᠨ᠎ᠤ ᠨᠡᠶ᠋ᠢᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢ ᠠᠬᠢᠭᠤᠯᠵᠤ᠂ 《ᠣᠯᠠᠨ ᠲᠠᠯ᠎ᠠ ᠵᠢᠨ ᠦᠨᠡᠯᠡᠯᠲᠡ》 ᠵᠡᠷᠭᠡ ᠣᠶᠤᠨᠴᠢ ᠵᠠᠰᠠᠯᠲᠠ ᠵᠢᠨ ᠲᠠᠪᠴᠠᠩ᠎ᠤᠨ ᠵᠠᠭᠪᠤᠷ᠎ᠢ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ 《ᠫᠦᠵᠢᠶᠠᠩ᠎ᠤᠨ ᠲᠤᠷᠰᠢᠯᠭ᠎ᠠ》 ᠵᠢ ᠭᠦᠨᠵᠡᠭᠡᠶ᠋ᠢᠷᠡᠭᠦᠯᠦᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠬᠦ ᠳᠦᠷᠢᠮ᠎ᠢ ᠶᠡᠭᠡ᠎ᠪᠠᠷ ᠬᠡᠷᠡᠭᠵᠢᠭᠦᠯᠦᠨ᠂ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ᠎ᠪᠠᠨ ᠢᠯᠡᠳᠬᠡᠬᠦ᠂ ᠠᠰᠢᠭ ᠲᠤᠰᠠ ᠵᠢ ᠵᠣᠬᠢᠴᠠᠭᠤᠯᠬᠤ᠂ ᠡᠷᠬᠡ ᠠᠰᠢᠭ᠎ᠢ ᠪᠠᠲᠤᠯᠠᠬᠤ ᠵᠠᠮ᠎ᠢ ᠰᠢᠯᠤᠭᠤᠳᠬᠠᠵᠤ ᠵᠢᠷᠤᠮᠵᠢᠭᠤᠯᠬᠤ ᠬᠡᠷᠡᠭᠲᠡᠢ᠃

      ᠵ᠊ ᠵᠷᠭᠤᠭ᠎ᠠ᠂ ᠬᠢᠯᠢ ᠬᠢᠵᠠᠭ᠋ᠠᠷ ᠣᠷᠣᠨ᠎ᠳᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠣᠰ ᠣᠷᠴᠢᠯ᠎ᠢ ᠬᠤᠯᠪᠣᠯᠳᠤᠨ ᠨᠡᠪᠲᠡᠷᠡᠭᠦᠯᠬᠦ ᠲᠠᠯ᠎ᠠ᠎ᠪᠠᠷ ᠵᠢᠱ᠌ᠢᠶᠡᠴᠢ ᠪᠤᠯᠬᠤ ᠬᠡᠷᠡᠭᠲᠡᠢ

      ᠤᠯᠤᠰ᠎ᠤᠨ ᠭᠠᠳᠠᠭ᠋ᠠᠳᠤ ᠨᠡᠭᠡᠭᠡᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ᠂ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠪᠠ ᠤᠯᠤᠰ᠎ᠤᠨ ᠳᠣᠲᠣᠭ᠋ᠠᠳᠤ ᠵᠢᠨ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠬᠦᠷᠢᠶ᠎ᠡ ᠵᠢ ᠢᠳᠡᠪᠬᠢᠲᠡᠢ ᠥᠷᠭᠡᠳᠬᠡᠵᠦ᠂ ᠨᠡᠭᠡᠭᠡᠯᠲᠡ ᠵᠢᠨ ᠲᠠᠰ ᠳᠠᠪᠬᠤᠷᠭ᠎ᠠ ᠪᠠ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠥᠪᠥᠷ ᠮᠣᠩᠭᠤᠯ᠎ᠢ ᠳᠣᠲᠣᠭ᠋ᠠᠳᠤ ᠭᠠᠳᠠᠭ᠋ᠠᠳᠤ ᠵᠢ ᠬᠤᠯᠪᠣᠨ ᠡᠷᠭᠢᠨ ᠲᠣᠭᠤᠷᠢᠨ᠎ᠢ ᠨᠥᠯᠥᠭᠡᠯᠡᠬᠦ᠂ ᠡᠬᠢ ᠪᠠᠶᠠᠯᠢᠭ᠎ᠢ ᠲᠥᠪᠯᠡᠷᠡᠭᠦᠯᠦᠨ ᠲᠠᠷᠬᠠᠭ᠋ᠠᠬᠤ᠂ ᠴᠢᠬᠤᠯᠠ ᠡᠯᠧᠮᠧᠨ᠋ᠲ᠎ᠢ ᠠᠭᠤᠰᠤᠯᠴᠠᠭᠤᠯᠤᠨ ᠨᠡᠪᠲᠡᠷᠡᠯᠴᠡᠭᠦᠯᠬᠦ ᠪᠦᠭᠦ ᠣᠷᠣᠨ ᠪᠦᠰᠡ ᠵᠢᠨ ᠨᠡᠭᠡᠭᠡᠯᠲᠡ ᠵᠢᠨ ᠲᠠᠪᠴᠠᠩ ᠪᠣᠯᠭ᠋ᠠᠨ ᠪᠠᠶ᠋ᠢᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠣᠰ ᠣᠷᠴᠢᠯ᠎ᠢ ᠬᠤᠯᠪᠣᠯᠳᠤᠨ ᠨᠡᠪᠲᠡᠷᠡᠭᠦᠯᠬᠦ ᠳᠤᠮᠳᠠ ᠨᠠᠩ ᠶᠡᠭᠡ ᠦᠢ᠍ᠯᠡᠳᠦᠯ ᠦᠵᠡᠭᠦᠯᠭᠦ ᠪᠤᠯᠭ᠋ᠠᠬᠤ ᠬᠡᠷᠡᠭᠲᠡᠢ᠃

      (ᠠᠷᠪᠠ ᠶᠢᠰᠦ) ᠦᠵᠡᠯ ᠰᠠᠨᠠᠭ᠋ᠠᠨ᠎ᠤ ᠶᠡᠭᠡ ᠴᠢᠯᠦᠭᠡᠯᠡᠯᠲᠡ ᠪᠠ ᠦᠵᠡᠯᠲᠡ ᠵᠢᠨ ᠶᠡᠭᠡ ᠰᠢᠨᠡᠴᠢᠯᠡᠯᠲᠡ ᠵᠢ ᠠᠬᠢᠭᠤᠯᠬᠤ ᠬᠡᠷᠡᠭᠲᠡᠢ᠃ ᠡᠯ᠎ᠡ ᠱᠠᠲᠤᠨ᠎ᠤ ᠺᠠᠳ᠋ᠷ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠳᠡᠯᠡᠬᠡᠢ ᠵᠢᠨ ᠬᠠᠷᠠᠴᠠ ᠪᠠ ᠳᠡᠯᠡᠬᠡᠢ ᠵᠢᠨ ᠬᠠᠷᠠᠭ᠋ᠠᠰᠤ ᠵᠢ ᠪᠤᠢ ᠪᠤᠯᠭ᠋ᠠᠵᠤ᠂ ᠨᠡᠭᠡᠭᠡᠯᠲᠡᠲᠤ ᠬᠥᠭᠵᠢᠯᠲᠡ ᠵᠢᠨ ᠤᠬᠠᠮᠰᠠᠷ᠎ᠢ᠎ᠨᠢ ᠴᠢᠩᠭ᠋ᠠᠳᠬᠠᠵᠤ᠂ ᠲᠤᠬᠠᠢ ᠵᠢᠨ ᠭᠠᠵᠠᠷ ᠣᠷᠣᠨ ᠪᠠ ᠪᠠᠶ᠋ᠢᠭ᠋ᠠᠯᠢ ᠵᠢᠨ ᠨᠥᠬᠦᠴᠡᠯ᠎ᠤᠨ ᠬᠢᠵᠠᠭ᠋ᠠᠷᠯᠠᠯ᠎ᠠᠴᠠ ᠳᠠᠪᠠᠵᠤ ᠬᠥᠭᠵᠢᠯᠲᠡ ᠵᠢ ᠡᠷᠢᠯᠬᠢᠯᠡᠨ᠂ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠎ᠠᠴᠠ ᠪᠦᠭᠦ ᠲᠠᠯ᠎ᠠ ᠵᠢᠨ ᠨᠡᠭᠡᠭᠡᠯᠲᠡ ᠵᠢ ᠠᠬᠢᠭᠤᠯᠵᠤ᠂ ᠣᠷᠣᠨ ᠪᠠᠶ᠋ᠢᠷᠢ ᠵᠢᠨ ᠳᠠᠪᠠᠭᠤᠯᠢᠭ᠎ᠢ ᠦᠨᠡᠨ ᠬᠦ᠌ ᠨᠡᠭᠡᠭᠡᠯᠲᠡᠲᠤ ᠳᠠᠪᠠᠭᠤᠯᠢᠭ᠂ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ ᠬᠡᠷᠡᠭᠲᠡᠢ᠃ ᠲᠡᠷᠢᠭᠦᠨ᠎ᠢ ᠡᠭᠦᠳᠬᠦ᠎ᠪᠠᠷ ᠴᠢᠷᠮᠠᠶ᠋ᠢᠬᠤ᠂ ᠲᠡᠷᠢᠭᠦᠨ᠎ᠤ᠎ᠬᠢ ᠵᠢ ᠭᠦᠢ᠍ᠴᠡᠬᠦ ᠠᠤᠭ᠎ᠠ ᠰᠠᠨᠠᠭ᠎ᠠ ᠡᠷᠡᠯᠬᠡᠭ ᠵᠣᠷᠢᠭ᠎ᠢ ᠪᠤᠢ ᠪᠤᠯᠭ᠋ᠠᠵᠤ᠂ 《ᠪᠢ ᠬᠥᠮᠥᠨ᠎ᠢ ᠬᠦᠷᠬᠦ ᠦᠭᠡᠢ》 ᠭᠡᠬᠦ ᠪᠤᠳᠣᠯ᠂ 《ᠬᠥᠭᠵᠢᠯᠲᠡ ᠵᠢᠨ ᠲᠠᠯ᠎ᠠ᠎ᠪᠠᠷ ᠳᠡᠩᠳᠡᠭᠦᠦ ᠶᠠᠭ᠋ᠠᠷᠠᠵᠤ ᠪᠤᠯᠬᠤ ᠦᠭᠡᠢ》 ᠭᠡᠬᠦ ᠪᠤᠳᠤᠯ᠂ 《ᠶᠠᠪᠤᠴᠠ ᠵᠢ ᠴᠢᠬᠤᠯᠠᠴᠢᠯᠠᠭ᠋ᠠᠳ ᠦᠷ᠎ᠡ ᠳ᠋ᠦᠩ᠎ᠢ ᠴᠢᠬᠤᠯᠠᠴᠢᠯᠠᠬᠤ ᠦᠭᠡᠢ》 ᠤᠬᠠᠮᠰᠠᠷ᠂ 《ᠡᠮ᠎ᠤᠨ ᠵᠣᠷ ᠦᠭᠡᠢ ᠪᠣᠯ ᠡᠮ ᠥᠭᠬᠦ ᠵᠣᠷᠢᠭ ᠦᠭᠡᠢ》 ᠬᠢᠳᠡᠯ᠂ 《ᠨᠢᠳᠦᠨ ᠡᠮᠦᠨᠡᠬᠢ᠎ᠪᠠᠨ ᠬᠠᠷᠠᠭ᠋ᠠᠳ ᠬᠤᠯᠠ ᠵᠢ ᠬᠠᠷᠠᠬᠤ ᠦᠭᠡᠢ》 ᠰᠡᠳᠬᠢᠬᠦᠢ᠂ 《ᠨᠠᠷᠢᠨ ᠵᠦᠢ᠍ᠯ᠎ᠢ ᠶᠠᠷᠢᠬᠤ ᠦᠭᠡᠢ᠂ ᠪᠠᠷᠤᠭ ᠲᠥᠯᠥᠪ᠎ᠲᠠᠢ ᠪᠣᠯ ᠪᠣᠯᠴᠢᠬᠠᠨ᠎ᠠ》 ᠭᠡᠬᠦ ᠰᠡᠳᠬᠢᠯᠭᠡ᠂ 《ᠦᠢ᠍ᠯᠡᠳᠪᠦᠷᠢᠯᠡᠯ᠎ᠢ ᠴᠢᠬᠤᠯᠠᠴᠢᠯᠠᠵᠤ ᠡᠵᠡᠩᠨᠡᠯᠲᠡ ᠵᠢ ᠬᠥᠩᠭᠡᠪᠴᠢᠯᠡᠬᠦ》 ᠦᠵᠡᠯᠲᠡ᠎ᠪᠠᠨ ᠲᠠᠶᠠᠭᠳᠠᠵᠤ᠂ 《ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ》᠂ 《ᠪᠠᠶ᠋ᠢᠭᠤᠯᠤᠮᠵᠢ ᠲᠣᠭᠲᠠᠴᠠ ᠵᠢ ᠰᠢᠯᠤᠭᠤᠳᠬᠠᠨ ᠲᠡᠭᠦᠯᠳᠡᠷᠵᠢᠭᠦᠯᠬᠦ ᠪᠣᠯ ᠳᠠᠷᠤᠢ ᠦᠢ᠍ᠯᠡᠳᠪᠦᠷᠢᠯᠡᠯ᠎ᠤᠨ ᠬᠦᠴᠦᠨ᠎ᠢ ᠴᠢᠯᠦᠭᠡᠯᠡᠨ ᠬᠥᠭᠵᠢᠭᠦᠯᠬᠦ ᠶᠠᠪᠤᠳᠠᠯ ᠪᠣᠯᠣᠨ᠎ᠠ》᠂ 《ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ ᠮᠥᠨ᠂ ᠳᠠᠷᠤᠢ ᠬᠥᠭᠵᠢᠯᠲᠡ ᠮᠥᠨ》᠂ 《ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ᠎ᠨᠢ ᠴᠦ᠍ ᠨᠡᠭᠡᠭᠡᠯᠲᠡ ᠬᠢᠬᠦ ᠶᠠᠪᠤᠳᠠᠯ ᠮᠥᠨ》 ᠭᠡᠬᠦ ᠣᠶ᠋ᠢᠯᠠᠭ᠋ᠠᠭᠳᠠᠬᠤᠨ᠎ᠢ ᠴᠢᠩᠭ᠋ᠠᠳᠬᠠᠵᠤ᠂ ᠠᠵᠢᠯ ᠦᠢ᠍ᠯᠡᠰ᠎ᠤᠨ ᠬᠥᠭᠵᠢᠯᠲᠡ ᠵᠢ ᠵᠣᠷᠢᠭᠲᠠᠢ ᠪᠦᠲᠦᠭᠡᠯᠴᠢ ᠴᠢᠨᠠᠷᠲᠠᠢ᠎ᠪᠠᠷ ᠠᠬᠢᠭᠤᠯᠬᠤ ᠬᠡᠷᠡᠭᠲᠡᠢ᠃

      (ᠬᠤᠷᠢ) ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠣᠰ ᠣᠷᠴᠢᠯ᠎ᠳᠤ ᠨᠡᠩ ᠰᠠᠶ᠋ᠢᠲᠤᠷ ᠠᠭᠤᠰᠤᠯᠴᠠᠬᠤ ᠬᠡᠷᠡᠭᠲᠡᠢ᠃ ᠤᠯᠤᠰ᠎ᠤᠨ ᠳᠣᠲᠣᠭ᠋ᠠᠳᠤ ᠵᠢᠨ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ ᠪᠠ ᠵᠡᠭᠦᠨ ᠬᠤᠶ᠋ᠢᠲᠤ ᠵᠢᠨ ᠭᠤᠷᠪᠠᠨ ᠮᠤᠵᠢ᠎ᠯᠤᠭ᠎ᠠ ᠵᠢᠨ ᠬᠤᠯᠪᠣᠯᠳᠤᠨ ᠨᠡᠪᠲᠡᠷᠡᠯᠴᠡᠬᠦ ᠵᠢ ᠴᠢᠩᠭ᠋ᠠᠳᠬᠠᠵᠤ᠂ ᠲᠡᠷᠢᠭᠦᠨ᠎ᠤ ᠠᠵᠤ ᠦᠢ᠍ᠯᠡᠰ᠎ᠤᠨ ᠰᠢᠯᠵᠢᠯᠲᠡ ᠵᠢ ᠢᠳᠡᠪᠬᠢᠲᠡᠢ᠎ᠪᠠᠷ ᠭᠥᠯᠢᠶᠡᠨ ᠠᠪᠴᠤ᠂ ᠰᠢᠨ᠎ᠡ ᠵᠢ ᠡᠭᠦᠳᠦᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠢ ᠥᠷᠨᠢᠭᠦᠯᠵᠦ᠂ ᠣᠷᠣᠨ᠎ᠤ ᠳᠣᠲᠣᠷᠠᠬᠢ ᠠᠵᠤ ᠦᠢ᠍ᠯᠡᠰ᠎ᠤᠨ ᠬᠡᠯᠬᠢᠶ᠎ᠡ᠂ ᠰᠢᠨ᠎ᠡ ᠵᠢ ᠡᠭᠦᠳᠬᠦ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ᠂ ᠦᠷᠲᠡᠭ᠎ᠤᠨ ᠬᠡᠯᠬᠢᠶ᠎ᠡ ᠵᠢ ᠪᠦᠭᠦ ᠤᠯᠤᠰ᠎ᠤᠨ ᠲᠣᠮᠣ ᠵᠠᠬ᠎ᠠ ᠳᠡᠯᠭᠡᠭᠦᠷ᠎ᠯᠦᠭᠡ ᠪᠦᠭᠦ ᠲᠠᠯ᠎ᠠ᠎ᠪᠠᠷ ᠵᠣᠯᠭ᠋ᠠᠯᠳᠤᠭᠤᠯᠤᠨ᠂ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠬᠤ ᠬᠡᠷᠡᠭᠲᠡᠢ᠃ ᠪᠡᠭᠡᠵᠢᠩ ᠥᠪᠥᠷ ᠮᠣᠩᠭᠤᠯ᠎ᠤᠨ ᠪᠦᠭᠦ ᠲᠠᠯ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠨ᠂ ᠨᠡᠶ᠋ᠢᠰᠯᠡᠯ᠎ᠳᠤ ᠨᠡᠩ ᠣᠯᠠᠨ ᠪᠣᠬᠢᠷᠳᠤᠯ ᠦᠭᠡᠢ ᠡᠨᠧᠷᠭᠢ ᠪᠣᠯᠣᠨ ᠪᠣᠬᠢᠷᠳᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠬᠠᠩᠭ᠋ᠠᠬᠤ᠎ᠪᠠᠷ ᠴᠢᠷᠮᠠᠶ᠋ᠢᠵᠤ᠂ ᠨᠡᠶ᠋ᠢᠰᠯᠡᠯ᠎ᠤᠨ ᠨᠡᠩ ᠣᠯᠠᠨ ᠡᠬᠢ ᠪᠠᠶᠠᠯᠢᠭ ᠪᠣᠯᠣᠨ ᠴᠢᠬᠤᠯᠠ ᠬᠦᠴᠦᠨ ᠵᠦᠢ᠍ᠯ᠎ᠢ ᠢᠳᠡᠪᠬᠢᠲᠡᠢ᠎ᠪᠠᠷ ᠲᠠᠲᠠᠵᠤ ᠥᠪᠥᠷ ᠮᠣᠩᠭᠤᠯ᠎ᠤᠨ ᠨᠡᠭᠡᠭᠡᠯᠲᠡ ᠬᠢᠵᠦ ᠪᠦᠲᠦᠭᠡᠨ ᠪᠠᠶ᠋ᠢᠭᠤᠯᠬᠤ᠎ᠳᠤ ᠣᠷᠣᠯᠴᠠᠭᠤᠯᠬᠤ ᠬᠡᠷᠡᠭᠲᠡᠢ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠢᠳᠡᠪᠬᠢᠲᠡᠢ ᠣᠷᠣᠯᠴᠠᠵᠤ᠂ ᠭᠠᠳᠠᠭ᠋ᠠᠳᠤ ᠨᠡᠭᠡᠭᠡᠯᠲᠡ ᠵᠢᠨ ᠳᠤᠮᠳᠠ ᠠᠽᠢᠶ᠎ᠠ᠂ ᠵᠡᠭᠦᠨ ᠬᠤᠶ᠋ᠢᠲᠤ ᠠᠽᠢᠶ᠎ᠠ ᠴᠢᠨᠠᠭᠰᠢᠯᠠᠪᠠᠯ ᠡᠸᠦ᠋ᠷᠦᠫᠡ ᠲᠢᠪ ᠪᠣᠯᠣᠨ ᠪᠦᠭᠦ ᠳᠡᠯᠡᠬᠡᠢ᠎ᠳᠤ ᠥᠷᠭᠡᠵᠢᠬᠦ ᠵᠢ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢᠨ ᠳᠤᠮᠳᠠ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠬᠤ ᠬᠡᠷᠡᠭᠲᠡᠢ᠃   

      (ᠬᠤᠷᠢᠨ ᠨᠢᠭᠡ) ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠪᠦᠭᠦ ᠲᠠᠯ᠎ᠠ᠎ᠪᠠᠷ ᠰᠢᠯᠢᠳᠡᠭᠵᠢᠭᠦᠯᠬᠦ ᠬᠡᠷᠡᠭᠲᠡᠢ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠡᠷᠡᠭ᠎ᠲᠤ ᠬᠤᠯᠪᠣᠭᠳᠠᠭᠰᠠᠨ ᠠᠵᠤ ᠠᠬᠤᠶ᠋ᠢᠯᠠᠯ᠎ᠤᠨ ᠲᠣᠭᠲᠠᠭ᠋ᠠᠯ᠎ᠳᠤ ᠨᠡᠶ᠋ᠢᠴᠡᠭᠰᠡᠨ ᠥᠭᠡᠷᠡᠴᠢᠯᠡᠯᠲᠡ ᠵᠢ ᠠᠬᠢᠭᠤᠯᠵᠤ᠂ ᠠᠵᠤ ᠠᠬᠤᠶ᠋ᠢᠯᠠᠯᠲᠠᠨ᠎ᠤ ᠵᠣᠷᠢᠭ ᠰᠠᠨᠠᠭ᠎ᠠ ᠵᠢ ᠬᠥᠭᠵᠢᠭᠡᠨ ᠪᠠᠳᠠᠷᠠᠭᠤᠯᠵᠤ᠂ ᠬᠤᠳᠠᠯᠳᠤᠭ᠋ᠠᠴᠢᠨ᠎ᠢ ᠬᠦᠨᠳᠦᠳᠬᠡᠨ ᠬᠤᠳᠠᠯᠳᠤᠭ᠋ᠠᠴᠢᠨ᠎ᠢ ᠳᠣᠲᠣᠨᠣᠴᠢᠯᠠᠬᠤ᠂ ᠬᠤᠳᠠᠯᠳᠤᠭ᠋ᠠᠴᠢᠨ᠎ᠢ ᠠᠮᠤᠷᠵᠢᠭᠤᠯᠤᠨ ᠬᠤᠳᠠᠯᠳᠤᠭ᠋ᠠᠴᠢᠨ᠎ᠳᠤ ᠲᠥᠭᠦᠮ ᠦᠵᠡᠭᠦᠯᠭᠦ ᠠᠵᠢᠯ᠎ᠢ ᠰᠠᠶ᠋ᠢᠲᠤᠷ ᠬᠢᠵᠦ᠂ ᠳᠣᠲᠣᠨᠣ ᠴᠢᠬᠡᠴᠢ ᠵᠠᠰᠠᠭ ᠬᠤᠳᠠᠯᠳᠤᠭ᠋ᠠᠴᠢᠨ᠎ᠤ ᠬᠠᠷᠢᠴᠠᠭ᠎ᠠ ᠵᠢ ᠪᠠᠶ᠋ᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠪᠤᠶ ᠪᠤᠯᠭ᠋ᠠᠬᠤ ᠬᠡᠷᠡᠭᠲᠡᠢ᠃ 《ᠪᠣᠭᠤᠮᠢ ᠪᠣᠯᠵᠤ ᠪᠠᠶ᠋ᠢᠭ᠎ᠠ》 ᠰᠠᠭᠤᠷᠢ ᠲᠥᠬᠦᠭᠡᠷᠦᠮᠵᠢ ᠵᠢᠨ ᠳᠤᠲᠠᠭᠤᠳᠠᠯ᠎ᠢ ᠴᠢᠩᠭ᠎ᠠ ᠠᠩᠬᠠᠷᠴᠤ᠂ ᠵᠠᠮ ᠬᠠᠷᠢᠯᠴᠠᠭ᠎ᠠ᠂ ᠪᠠᠷᠠᠭ᠋ᠠᠨ᠎ᠤ ᠭᠦᠢ᠍ᠯᠭᠡᠭᠡ ᠵᠡᠷᠭᠡ ᠲᠥᠬᠦᠭᠡᠷᠦᠮᠵᠢ ᠵᠢᠨ ᠰᠦᠯᠵᠢᠶ᠎ᠡ ᠬᠤᠯᠪᠣᠬᠤ᠂ ᠰᠦᠯᠵᠢᠶ᠎ᠡ ᠨᠥᠬᠦᠪᠦᠷᠢᠯᠡᠬᠦ᠂ ᠬᠡᠯᠬᠢᠶ᠎ᠡ ᠵᠢ ᠴᠢᠩᠭ᠋ᠠᠳᠬᠠᠬᠤ ᠵᠢ ᠠᠬᠢᠭᠤᠯᠵᠤ᠂ ᠮᠤᠵᠢ ᠠᠯᠤᠰᠯᠠᠭᠰᠠᠨ ᠬᠢᠯᠢ ᠠᠯᠤᠰᠯᠠᠭᠰᠠᠨ᠂ ᠬᠤᠯᠪᠣᠯᠳᠤᠨ ᠨᠡᠪᠲᠡᠷᠡᠯᠴᠡᠬᠦ ᠰᠠᠭᠤᠷᠢ ᠲᠥᠬᠦᠭᠡᠷᠦᠮᠵᠢ ᠵᠢᠨ ᠲᠣᠣᠷ ᠰᠦᠯᠵᠢᠶ᠎ᠡ ᠵᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃

      ᠲᠤᠯᠤᠭ᠎ᠠ᠂ ᠰᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠬᠤ ᠲᠠᠯ᠎ᠠ᠎ᠪᠠᠷ ᠵᠢᠱ᠌ᠢᠶᠡᠴᠢ ᠪᠤᠯᠬᠤ ᠬᠡᠷᠡᠭᠲᠡᠢ

      ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠨᠠᠮ᠎ᠤᠨ ᠰᠢᠯᠢᠳᠡᠭ ᠤᠯᠠᠮᠵᠢᠯᠠᠯ ᠪᠣᠯᠣᠨ ᠰᠤᠷᠲᠠᠯ᠎ᠢ ᠤᠯᠠᠮᠵᠢᠯᠠᠨ ᠪᠠᠳᠠᠷᠠᠭᠤᠯᠵᠤ᠂ ᠡᠪᠳᠡᠬᠦ ᠪᠠᠶ᠋ᠢᠭᠤᠯᠬᠤ ᠵᠢ ᠵᠡᠷᠭᠡ᠎ᠪᠠᠷ ᠠᠳᠬᠤᠵᠤ᠂ ᠶᠡᠷᠦᠩᠬᠡᠶ᠋ᠢᠯᠡᠭᠰᠡᠨ ᠠᠷᠭ᠎ᠠ ᠪᠣᠳᠣᠯᠭ᠎ᠠ ᠵᠢ ᠬᠡᠷᠡᠭᠵᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ᠎ᠤ ᠡᠭᠦᠷᠢᠳᠡ ᠦᠯᠦ ᠴᠠᠯᠠᠭ᠋ᠠᠶ᠋ᠢᠷᠠᠬᠤ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ᠎ᠤᠨ ᠳᠦᠷᠰᠦ ᠪᠠᠶ᠋ᠢᠳᠠᠯ ᠵᠶ᠋ᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠦᠢ᠍ᠯᠡᠳᠦᠯᠭᠡ᠎ᠳᠤ ᠣᠷᠣᠯᠴᠠᠵᠤ᠂ ᠰᠠᠶ᠋ᠢᠨ ᠰᠤᠷᠲᠠᠯ ᠰᠠᠶ᠋ᠢᠨ ᠳᠦᠷᠢ ᠲᠥᠷᠬᠦ᠎ᠪᠠᠷ ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ ᠵᠢ ᠠᠬᠢᠭᠤᠯᠬᠤ ᠬᠡᠷᠡᠭᠲᠡᠢ᠃

      (ᠬᠤᠷᠢᠨ ᠬᠤᠶᠠᠷ) ᠪᠣᠳᠠᠲᠠᠢ ᠵᠢ ᠡᠷᠭᠢᠮᠯᠡᠭᠦ ᠰᠤᠷᠲᠠᠯ᠎ᠢ ᠶᠡᠭᠡ᠎ᠪᠠᠷ ᠪᠠᠳᠠᠷᠠᠭᠤᠯᠬᠤ ᠬᠡᠷᠡᠭᠲᠡᠢ᠃ ᠺᠠᠳ᠋ᠷ᠎ᠢ ᠵᠣᠷᠢᠭᠵᠢᠭᠤᠯᠤᠨ ᠤᠷᠮᠠᠰᠢᠭᠤᠯᠬᠤ᠂ ᠠᠯᠳᠠᠭ᠎ᠠ ᠪᠤᠷᠤᠭᠤ ᠵᠢ ᠠᠭᠤᠴᠢᠯᠠᠨ ᠵᠠᠯᠠᠷᠠᠭᠤᠯᠬᠤ᠂ ᠳᠠᠪᠰᠢᠵᠤ ᠪᠠᠭᠤᠵᠤ ᠪᠦᠷ ᠪᠤᠯᠬᠤ ᠵᠡᠷᠭᠡ ᠲᠣᠭᠲᠠᠴᠠ ᠵᠢ ᠲᠡᠭᠦᠯᠳᠡᠷᠵᠢᠭᠦᠯᠵᠦ᠂ 《ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠵᠢ ᠳᠡᠭᠡᠭᠰᠢᠯᠡᠭᠦᠯᠭᠦ》 ᠵᠢ ᠶᠡᠭᠡ᠎ᠪᠠᠷ ᠠᠬᠢᠭᠤᠯᠵᠤ᠂ 《ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭ᠋ᠠᠨ》 ᠪᠠᠶ᠋ᠢᠬᠤ ᠠᠰᠠᠭᠤᠳᠠᠯ᠎ᠢ ᠲᠦᠷᠭᠡᠳᠬᠡᠨ ᠴᠡᠭᠴᠡᠯᠡᠨ ᠵᠠᠰᠠᠵᠤ᠂ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠠᠰᠠᠭᠤᠳᠠᠯ᠎ᠢ ᠰᠢᠢ᠍ᠳᠪᠦᠷᠢᠯᠡᠬᠦ ᠰᠡᠳᠬᠢᠬᠦᠢ ᠵᠢ᠎ᠨᠢ ᠴᠢᠩᠭ᠋ᠠᠷᠠᠭᠤᠯᠵᠤ᠂ ᠳᠠᠩᠰᠠ ᠮᠡᠳᠡᠭᠦᠯᠬᠦ ᠤᠬᠠᠮᠰᠠᠷ᠂ ᠬᠠᠷᠢᠭᠤᠯᠲᠠ ᠵᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ᠎ᠤᠨ ᠤᠬᠠᠮᠰᠠᠷ᠎ᠢ᠎ᠨᠢ ᠴᠢᠩᠭ᠋ᠠᠷᠠᠭᠤᠯᠬᠤ ᠬᠡᠷᠡᠭᠲᠡᠢ᠃ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠭᠦᠯᠵᠦ᠂ ᠪᠢᠴᠢᠭ ᠮᠠᠲ᠋ᠧᠷᠢᠶᠠᠯ ᠬᠤᠷᠠᠯ ᠴᠤᠭᠯᠠᠭ᠎ᠠ ᠣᠯᠠᠳᠠᠬᠤ᠂ ᠡᠬᠡ ᠲᠠᠩᠰᠠ ᠭᠡᠳᠦ ᠣᠯᠠᠳᠠᠬᠤ᠂ ᠬᠡᠪ ᠣᠷᠣᠮ᠎ᠢ ᠭᠡᠳᠦ ᠦᠯᠡᠳᠡᠭᠡᠬᠦ ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠲᠣᠪᠣᠶ᠋ᠢᠮ᠎ᠠ ᠠᠰᠠᠭᠤᠳᠠᠯ᠎ᠢ ᠦᠷᠭᠦᠯᠵᠢᠯᠡᠨ ᠰᠢᠢ᠍ᠳᠪᠦᠷᠢᠯᠡᠬᠦ ᠬᠡᠷᠡᠭᠲᠡᠢ᠃

      (ᠬᠤᠷᠢᠨ ᠭᠤᠷᠪᠠ) ᠠᠷᠢᠭᠤᠨ ᠴᠢᠬᠡᠴᠢ ᠰᠤᠷᠲᠠᠯ᠎ᠢ ᠪᠠᠳᠠᠷᠠᠭᠤᠯᠬᠤ ᠬᠡᠷᠡᠭᠲᠡᠢ᠃ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ᠎ᠢ ᠬᠥᠮᠥᠵᠢᠭᠦᠯᠦᠨ ᠵᠢᠯᠤᠭᠤᠳᠴᠤ ᠪᠠᠶ᠋ᠢᠭ᠋ᠠᠳ ᠵᠥᠪ ᠡᠷᠬᠡ ᠵᠢᠨ ᠦᠵᠡᠯᠲᠡ᠂ ᠠᠵᠢᠯ᠎ᠤᠨ ᠪᠦᠲᠦᠮᠵᠢ ᠵᠢᠨ ᠦᠵᠡᠯᠲᠡ᠂ ᠠᠵᠢᠯ ᠦᠢ᠍ᠯᠡᠰ᠎ᠤᠨ ᠦᠵᠡᠯᠲᠡ ᠵᠢ ᠪᠠᠲᠤ ᠪᠠᠬᠢ ᠪᠤᠢ ᠪᠤᠯᠭ᠋ᠠᠵᠤ᠂ ᠣᠨᠴᠠ ᠡᠷᠬᠡ ᠵᠢᠨ ᠦᠵᠡᠯ ᠰᠠᠨᠠᠭ᠎ᠠ ᠪᠠ ᠣᠨᠴᠠ ᠡᠷᠬᠡ ᠵᠢᠨ ᠦᠢ᠍ᠯᠡ ᠠᠵᠢᠯᠯᠠᠭ᠎ᠠ ᠵᠢ ᠬᠦᠴᠦᠯᠡᠨ ᠠᠷᠢᠯᠭ᠋ᠠᠵᠤ᠂ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠬᠢᠵᠢᠭᠦᠯᠦᠨ᠂ ᠬᠠᠤᠯᠢ ᠴᠠᠭ᠋ᠠᠵᠠ ᠰᠠᠬᠢᠯᠭ᠎ᠠ ᠪᠠᠲᠤ ᠵᠢᠨ ᠬᠤᠷᠢᠭ᠎ᠠ ᠱᠤᠭᠤᠮ᠎ᠢ ᠪᠠᠲᠤ ᠰᠠᠬᠢᠵᠤ᠂ ᠡᠪ ᠬᠠᠮᠲᠤᠴᠤᠳ᠎ᠤᠨ ᠢᠯᠵᠠᠷᠠᠯ᠎ᠢ ᠡᠰᠡᠷᠭᠦᠴᠡᠬᠦ᠂ ᠡᠭᠦᠷᠢᠳᠡ ᠦᠯᠦ ᠢᠯᠵᠠᠷᠠᠬᠤ ᠤᠯᠤᠰ ᠲᠦᠷᠦ ᠵᠢᠨ ᠣᠣᠷ ᠴᠢᠨᠠᠷ ᠵᠶ᠋ᠠᠨ ᠡᠭᠦᠷᠢᠳᠡ ᠪᠠᠲᠤᠯᠠᠬᠤ ᠬᠡᠷᠡᠭᠲᠡᠢ᠃ 《ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ》 ᠪᠠᠶ᠋ᠢᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠯᠲᠠ᠎ᠪᠠᠷ ᠭᠤᠣᠯ ᠤᠳᠤᠷᠢᠳᠤᠮᠵᠢ ᠪᠣᠯᠭ᠋ᠠᠨ ᠡᠯ᠎ᠡ ᠲᠥᠷᠥᠯ᠎ᠤᠨ ᠬᠢᠨᠠᠯᠲᠠ ᠲᠠᠯᠪᠢᠯᠲᠠ ᠵᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠳᠦᠷᠢᠮ ᠲᠣᠭᠲᠠᠭ᠋ᠠᠯ᠎ᠠᠴᠠ ᠵᠥᠷᠢᠴᠡᠵᠦ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠪᠠᠶ᠋ᠢᠩᠭᠤᠵᠢᠭᠤᠯᠤᠨ ᠵᠠᠰᠠᠬᠤ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠢᠯᠵᠠᠷᠠᠯ᠎ᠤᠨ ᠠᠰᠠᠭᠤᠳᠠᠯ᠎ᠤᠨ ᠨᠡᠮᠡᠭᠳᠡᠯ᠎ᠢ ᠨᠠᠩ ᠬᠦᠴᠦᠲᠡᠢ ᠬᠤᠷᠢᠭᠯᠠᠵᠤ᠂ ᠢᠯᠵᠠᠷᠠᠯ᠎ᠤᠨ ᠦᠯᠡᠳᠡᠭᠳᠡᠯ ᠠᠰᠠᠭᠤᠳᠠᠯ᠎ᠢ ᠠᠷᠢᠯᠭ᠋ᠠᠬᠤ ᠬᠡᠷᠡᠭᠲᠡᠢ᠃ ᠬᠠᠤᠯᠢ ᠶᠣᠰᠣᠭ᠋ᠠᠷ ᠬᠥᠷᠥᠩᠭᠡ ᠵᠢᠨ ᠲᠤᠬᠠᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠥᠷᠥᠩᠭᠡ ᠵᠢᠨ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠢ᠃

      (ᠬᠤᠷᠢᠨ ᠳᠥᠷᠪᠡ) ᠪᠣᠷᠣᠭᠵᠢᠭᠤᠨ ᠰᠤᠷᠲᠠᠯ᠎ᠢ ᠪᠤᠢ ᠪᠤᠯᠭ᠋ᠠᠬᠤ ᠬᠡᠷᠡᠭᠲᠡᠢ᠃ ᠲᠠᠯᠪᠢᠯ ᠦᠭᠡᠢ ᠠᠩᠬᠠᠷᠴᠤ᠂ ᠴᠤᠬᠤᠶ᠋ᠢᠮᠠᠬ᠍ᠴᠠ ᠴᠣᠬᠢᠵᠤ᠂ ᠵᠢᠷᠭ᠋ᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠲᠠᠭᠢᠨ ᠢᠯᠡᠷᠡᠬᠦ ᠵᠢ ᠴᠢᠩᠭ᠎ᠠ ᠰᠡᠷᠭᠡᠶ᠋ᠢᠯᠡᠵᠦ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠤᠷᠢᠭ᠎ᠠ ᠱᠤᠭᠤᠮ᠎ᠢ ᠪᠠᠲᠤ ᠴᠣᠭᠴᠠᠯᠠᠬᠤ ᠬᠡᠷᠡᠭᠲᠡᠢ᠃ ᠠᠷᠪᠢᠯᠠᠵᠤ ᠠᠮᠢᠳᠤᠷᠠᠬᠤ ᠵᠢ ᠪᠠᠷᠢᠮᠲᠠᠯᠠᠵᠤ᠂ ᠡᠳ᠋᠎ᠤᠨ ᠵᠠᠰᠠᠭ ᠠᠵᠤ ᠠᠬᠤᠢ ᠵᠢᠨ ᠰᠠᠬᠢᠯᠭ᠎ᠠ ᠪᠠᠲᠤ ᠵᠢ ᠴᠢᠩᠳᠠᠯᠠᠵᠤ᠂ ᠥᠪᠡᠷᠲᠡᠭᠡᠨ ᠵᠠᠰᠠᠬᠤ ᠣᠷᠣᠨ᠎ᠤ 《ᠭᠤᠷᠪᠠ ᠵᠢ ᠠᠯᠪᠠᠳᠠᠯᠭ᠎ᠠ᠎ᠪᠠᠷ ᠲᠣᠭᠲᠠᠭ᠋ᠠᠬᠤ》 ᠪᠠ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠨᠠᠵᠠᠭ᠋ᠠᠢ ᠲᠠᠯ᠎ᠠ ᠵᠢᠨ ᠨᠠᠷᠢᠨ ᠲᠠᠩᠰᠠ ᠵᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠬᠢ ᠪᠠᠶᠠᠯᠢᠭ ᠡᠯᠪᠡᠭ ᠳᠡᠯᠪᠡᠭ ᠪᠤᠯᠪᠠᠴᠤ ᠥᠴᠥᠬᠡᠨ ᠴᠦ᠍ ᠪᠦᠷᠢᠯᠭᠡᠨ ᠰᠦᠢ᠍ᠳᠬᠡᠵᠦ ᠪᠤᠯᠬᠤ ᠦᠭᠡᠢ ᠭᠡᠬᠦ ᠣᠶ᠋ᠢᠯᠠᠭ᠋ᠠᠭᠳᠠᠬᠤᠨ᠎ᠢ ᠪᠠᠲᠤ ᠪᠠᠬᠢ ᠪᠤᠶ ᠪᠤᠯᠭ᠋ᠠᠵᠤ᠂ ᠪᠦᠭᠦ ᠲᠠᠯ᠎ᠠ᠎ᠪᠠᠷ ᠠᠷᠪᠢᠯᠠᠨ ᠭᠠᠮᠨᠠᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠦᠨ᠂ 《ᠲᠠᠪᠤ ᠵᠢ ᠲᠤᠶ᠋ᠢᠯᠪᠤᠷᠢᠲᠠᠢ ᠪᠠᠶ᠋ᠢᠴᠠᠭ᠋ᠠᠬᠤ》 ᠠᠵᠢᠯᠯᠠᠭ᠎ᠠ ᠵᠢ ᠭᠦᠨᠵᠡᠭᠡᠶ᠋ᠢᠷᠡᠭᠦᠯᠵᠦ᠂ ᠡᠨᠧᠷᠭᠢ᠂ ᠠᠭᠤᠷᠬᠠᠢ ᠵᠢᠨ ᠭᠠᠷᠤᠯᠲᠠ᠂ ᠭᠠᠵᠠᠷ ᠰᠢᠷᠣᠢ᠂ ᠤᠰᠤ᠂ ᠠᠮᠤ ᠪᠤᠳᠠᠭ᠎ᠠ ᠵᠢᠴᠢ ᠵᠠᠰᠠᠭ ᠵᠠᠬᠢᠷᠭ᠋ᠠᠨ᠂ ᠬᠥᠮᠥᠨ᠎ᠤ ᠬᠦᠴᠦᠨ ᠵᠡᠷᠭᠡ ᠨᠡᠶ᠋ᠢᠭᠡᠮ᠎ᠤᠨ ᠡᠬᠢ ᠪᠠᠶᠠᠯᠢᠭ᠎ᠢ ᠪᠦᠭᠦ ᠲᠠᠯ᠎ᠠ᠎ᠪᠠᠷ ᠠᠷᠪᠢᠯᠠᠨ ᠭᠠᠮᠨᠠᠬᠤ ᠵᠢ ᠲᠦᠷᠭᠡᠳᠬᠡᠨ ᠠᠬᠢᠭᠤᠯᠵᠤ᠂ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠬᠦ᠂ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠭᠦᠨ ᠵᠤᠵᠠᠭ᠋ᠠᠨ ᠠᠭᠤᠷ ᠠᠮᠢᠰᠬᠤᠯ᠎ᠢ ᠪᠤᠶ ᠪᠤᠯᠭ᠋ᠠᠬᠤ ᠬᠡᠷᠡᠭᠲᠡᠢ᠃

      (ᠬᠤᠷᠢᠨ ᠲᠠᠪᠤ) ᠮᠣᠩᠭᠤᠯ ᠮᠣᠷᠢᠨ᠎ᠤ ᠵᠣᠷᠢᠭ ᠰᠠᠨᠠᠭ᠎ᠠ ᠪᠠ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠭᠡ᠎ᠪᠠᠷ ᠪᠠᠳᠠᠷᠠᠭᠤᠯᠬᠤ ᠬᠡᠷᠡᠭᠲᠡᠢ᠃ 《ᠬᠦᠴᠢᠷ᠎ᠠᠴᠠ ᠠᠶᠤᠬᠤ ᠦᠭᠡᠢ᠂ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ᠎ᠳᠠᠭᠠᠨ ᠵᠠᠪᠠᠯ ᠬᠦᠷᠬᠦ》 ᠪᠠ 《ᠰᠢᠷᠭ᠋ᠠᠭᠤ ᠬᠠᠲᠠᠭᠤᠵᠢᠯᠲᠠᠢ ᠲᠡᠮᠡᠴᠡᠬᠦ᠂ ᠬᠠᠷᠠᠮ ᠦᠭᠡᠢ ᠵᠣᠷᠢᠭᠤᠯᠬᠤ᠂ ᠰᠢᠨᠲᠠᠷᠠᠰᠢ ᠦᠭᠡᠢ ᠴᠢᠷᠮᠠᠶ᠋ᠢᠬᠤ᠂ ᠴᠥᠬᠦᠷᠡᠰᠢ ᠦᠭᠡᠢ ᠵᠢᠳᠬᠦᠬᠦ》 ᠠᠭᠤᠯᠤᠭᠳᠠᠬᠤᠨ ᠪᠠ ᠴᠠᠭ ᠦᠶ᠎ᠡ ᠵᠢᠨ ᠦᠨ᠎ᠡ ᠦᠷᠲᠡᠭ᠎ᠢ ᠭᠦᠨᠵᠡᠭᠡᠢ ᠠᠭᠤᠳᠠᠯᠵᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠨᠠᠷᠢᠨ ᠨᠢᠮᠪᠠᠢ ᠵᠣᠬᠢᠶᠠᠨ ᠪᠠᠶ᠋ᠢᠭᠤᠯᠵᠤ᠂ ᠲᠡᠭᠦᠨ᠎ᠢ ᠥᠪᠥᠷ ᠮᠣᠩᠭᠤᠯ᠎ᠤᠨ ᠠᠷᠠᠳ ᠲᠦᠮᠡᠨ᠎ᠤ ᠬᠠᠮᠤᠭ᠎ᠤᠨ ᠢᠯᠡ ᠲᠣᠳᠣ ᠤᠶᠤᠨ ᠰᠠᠨᠠᠭ᠋ᠠᠨ᠎ᠤ ᠪᠡᠯᠭᠡ ᠲᠡᠮᠳᠡᠭ ᠪᠤᠯᠭ᠋ᠠᠬᠤ ᠬᠡᠷᠡᠭᠲᠡᠢ᠃ ᠬᠤᠶᠠᠷ ᠵᠦᠢ᠍ᠯ᠎ᠤᠨ ᠵᠣᠷᠢᠭ ᠰᠠᠨᠠᠭ᠎ᠠ ᠵᠢ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢᠨ ᠬᠥᠮᠦᠵᠢᠯ᠎ᠳᠤ ᠠᠭᠤᠰᠤᠯᠴᠠᠭᠤᠯᠬᠤ᠂ ᠤᠯᠠᠨ ᠲᠦᠮᠡᠨᠴᠢ ᠴᠢᠨᠠᠷᠲᠠᠢ ᠤᠶᠤᠨ᠎ᠤ ᠪᠣᠯᠪᠠᠰᠤᠨ᠎ᠢ ᠡᠭᠦᠳᠦᠨ ᠪᠠᠶ᠋ᠢᠭᠤᠯᠬᠤ ᠵᠡᠷᠭᠡ ᠠᠵᠢᠯᠯᠠᠭ᠎ᠠ᠎ᠳᠤ ᠠᠭᠤᠰᠤᠯᠴᠠᠭᠤᠯᠬᠤ ᠵᠢ ᠠᠬᠢᠭᠤᠯᠵᠤ᠂ ᠺᠠᠳ᠋ᠷ ᠤᠯᠠᠨ ᠲᠦᠮᠡᠨ᠎ᠤ ᠠᠵᠢᠯ ᠬᠢᠵᠦ ᠦᠢ᠍ᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭ᠋ᠠᠨ ᠨᠡᠩ ᠰᠠᠶ᠋ᠢᠲᠤᠷ ᠬᠤᠪᠢᠷᠠᠭᠤᠯᠬᠤ ᠬᠡᠷᠡᠭᠲᠡᠢ᠃

      (ᠬᠤᠷᠢᠨ ᠵᠢᠷᠭᠤᠭ᠎ᠠ) ᠥᠪᠥᠷ ᠮᠣᠩᠭᠤᠯ᠎ᠤᠨ ᠰᠠᠶ᠋ᠢᠨ ᠰᠠᠶ᠋ᠢᠬᠠᠨ ᠳᠦᠷᠢ ᠲᠥᠷᠬᠦ ᠵᠢ ᠪᠦᠭᠦ ᠲᠠᠯ᠎ᠠ᠎ᠪᠠᠷ ᠪᠤᠶ ᠪᠤᠯᠭ᠋ᠠᠬᠤ ᠪᠠ ᠳᠡᠯᠭᠡᠨ ᠦᠵᠡᠭᠦᠯᠭᠦ ᠬᠡᠷᠡᠭᠲᠡᠢ᠃ ᠭᠤᠣᠯ ᠵᠠᠭᠤᠴᠢᠯᠠᠭᠤᠷ᠎ᠤᠨ ᠭᠤᠣᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠥᠪᠥᠷ ᠮᠣᠩᠭᠤᠯ᠎ᠤᠨ ᠬᠠᠷᠢᠴᠠᠩᠭᠤᠢ ᠳᠠᠪᠠᠭᠤᠯᠢᠭ᠂ ᠣᠨᠴᠠᠯᠢᠭᠲᠤ ᠲᠥᠷᠥᠯ ᠲᠡᠮᠳᠡᠭ᠂ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠦᠭᠦ ᠲᠠᠯ᠎ᠠ᠎ᠪᠠᠷ ᠤᠬᠠᠭᠤᠯᠤᠨ ᠳᠡᠯᠭᠡᠨ ᠦᠵᠡᠭᠦᠯᠵᠦ᠂ ᠥᠪᠥᠷ ᠮᠣᠩᠭᠤᠯ᠎ᠤᠨ ᠠᠷᠠᠳ ᠲᠦᠮᠡᠨ᠎ᠤ ᠬᠠᠯᠠᠭᠤᠨ ᠰᠡᠳᠬᠢᠯᠭᠡ᠂ ᠡᠶ᠎ᠡ ᠨᠠᠶ᠋ᠢᠷᠠᠮᠳᠠᠭᠤ᠂ ᠦᠨᠡᠨᠴᠢ ᠢᠲᠡᠭᠡᠮᠵᠢᠲᠡᠢ᠂ ᠵᠣᠷᠢᠭᠲᠠᠢ ᠠᠵᠢᠯᠯᠠᠬᠤ ᠢᠯᠡ ᠲᠣᠳᠣ ᠣᠨᠴᠠᠯᠢᠭ᠎ᠢ ᠤᠬᠠᠭᠤᠯᠤᠨ ᠢᠯᠡᠷᠡᠭᠦᠯᠵᠦ᠂ 《ᠤᠮᠠᠷᠠᠲᠤ ᠬᠢᠯᠢ ᠵᠢᠨ ᠵᠢᠱ᠌ᠢᠶᠡᠴᠢ》᠂ ᠶᠣᠰᠣ ᠰᠤᠷᠲᠠᠬᠤᠨ᠎ᠤ ᠵᠢᠱ᠌ᠢᠶᠡᠴᠢ᠂ ᠬᠠᠮᠤᠭ᠎ᠤᠨ ᠭᠤᠶᠣ ᠬᠥᠮᠥᠨ᠂ 《ᠥᠪᠥᠷ ᠮᠣᠩᠭᠤᠯ᠎ᠤᠨ ᠰᠠᠶ᠋ᠢᠨ ᠬᠥᠮᠥᠨ》᠎ᠢ ᠰᠣᠩᠭᠤᠨ ᠪᠤᠶ ᠪᠤᠯᠭ᠋ᠠᠬᠤ ᠪᠠ ᠤᠬᠠᠭᠤᠯᠬᠤ ᠵᠢ ᠴᠢᠩᠭ᠋ᠠᠳᠬᠠᠵᠤ᠂ ᠥᠪᠥᠷ ᠮᠣᠩᠭᠤᠯ᠎ᠤᠨ ᠰᠦᠷᠯᠢᠭ ᠰᠠᠶ᠋ᠢᠬᠠᠨ ᠢᠷᠠᠭᠤ ᠰᠠᠶ᠋ᠢᠬᠠᠨ ᠰᠠᠶ᠋ᠢᠨ ᠰᠠᠶ᠋ᠢᠬᠠᠨ᠂ ᠢᠲᠡᠭᠡᠮᠵᠢᠲᠡᠢ ᠳᠣᠲᠣᠨᠣ ᠬᠠᠶ᠋ᠢᠷᠠᠯᠠᠯᠲᠠᠢ ᠳᠦᠷᠢ ᠲᠥᠷᠬᠦ ᠵᠢ ᠱᠤᠭᠤᠵᠤ᠂ ᠥᠪᠥᠷ ᠮᠣᠩᠭᠤᠯ᠎ᠤᠨ ᠢᠷᠠᠭᠤ ᠠᠯᠳᠠᠷ᠎ᠤᠨ ᠬᠡᠮᠵᠢᠶ᠎ᠡ ᠪᠠ ᠨᠥᠯᠥᠭᠡᠯᠡᠬᠦ ᠬᠦᠴᠦᠨ᠎ᠢ ᠤᠯᠠᠮ ᠴᠢᠨᠠᠭᠰᠢᠳᠠ ᠳᠡᠭᠡᠭᠰᠢᠯᠡᠭᠦᠯᠭᠦ ᠬᠡᠷᠡᠭᠲᠡᠢ᠃

      ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠪᠣᠯ ᠥᠪᠥᠷ ᠮᠣᠩᠭᠤᠯ᠎ᠤᠨ ᠡᠷᠬᠡᠪᠰᠢ ᠰᠠᠶ᠋ᠢᠲᠤᠷ ᠬᠢᠬᠦ ᠬᠡᠷᠡᠭᠲᠡᠢ ᠶᠡᠭᠡ ᠶᠠᠪᠤᠳᠠᠯ ᠮᠥᠨ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ ᠵᠶ᠋ᠠᠨ ᠨᠠᠩ ᠤᠬᠠᠮᠰᠠᠷ᠎ᠠᠴᠠ᠎ᠪᠠᠨ᠂ ᠨᠠᠩ ᠬᠦᠴᠦᠲᠡᠢ᠂ ᠨᠠᠩ ᠤᠳᠠᠭ᠋ᠠᠨ ᠳᠠᠭ᠋ᠠᠭ᠋ᠠᠮᠠᠭ᠋ᠠᠢ᠎ᠪᠠᠷ ᠬᠠᠶ᠋ᠢᠷᠠᠯᠠᠨ ᠬᠠᠮᠠᠭ᠋ᠠᠯᠠᠬᠤ ᠶᠠᠪᠤᠳᠠᠯ ᠮᠥᠨ᠃ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠪᠡᠶ᠎ᠡ᠎ᠪᠠᠷ ᠵᠶ᠋ᠠᠨ ᠬᠡᠪ ᠳᠠᠭᠤᠷᠢᠶᠠᠯ ᠦᠵᠡᠭᠦᠯᠦᠨ᠂ ᠪᠡᠶ᠎ᠡ᠎ᠪᠠᠷ ᠵᠶ᠋ᠠᠨ ᠦᠯᠢᠭᠡᠷ ᠳᠠᠭᠤᠷᠢᠶᠠᠯ ᠪᠣᠯᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ᠎ᠤᠨ ᠠᠭᠤᠯᠠ ᠲᠠᠭ᠋ᠠᠷᠠᠪᠠᠯ ᠵᠠᠮ ᠨᠡᠭᠡᠭᠡᠵᠦ ᠤᠰᠤ ᠲᠠᠭ᠋ᠠᠷᠠᠪᠠᠯ ᠬᠥᠭᠦᠷᠭᠡ ᠲᠠᠯᠪᠢᠬᠤ ᠡᠷᠴᠢ ᠵᠣᠷᠢᠭ ᠵᠶ᠋ᠠᠷ ᠬᠥᠭᠵᠢᠯᠲᠡ ᠵᠢᠨ ᠰᠢᠨ᠎ᠡ ᠣᠷᠣᠨ ᠵᠠᠢ ᠵᠢ ᠨᠡᠭᠡᠭᠡᠬᠦ ᠵᠢ ᠬᠥᠲᠥᠯᠥᠨ ᠳᠠᠭ᠋ᠠᠭᠤᠯᠬᠤ ᠬᠡᠷᠡᠭᠲᠡᠢ᠃ ᠥᠷᠯᠥᠭᠡ ᠦᠳᠡᠰᠢ ᠵᠢ ᠲᠡᠮᠡᠴᠡᠬᠦ ᠡᠷᠡᠮᠡᠬᠡᠶ᠋ᠢᠯᠡᠨ ᠤᠷᠤᠭᠰᠢᠯᠠᠬᠤ ᠳᠦᠷᠢ ᠪᠠᠶ᠋ᠢᠳᠠᠯ᠎ᠢ ᠪᠠᠲᠤᠯᠠᠵᠤ᠂ ᠬᠡᠯᠡᠪᠡᠯ ᠬᠥᠳᠡᠯᠵᠦ᠂ ᠳᠠᠷᠤᠶ᠋ᠢᠬᠠᠨ ᠬᠢᠵᠦ᠂ ᠬᠢᠪᠡᠯ ᠰᠠᠶ᠋ᠢᠲᠤᠷ ᠬᠢᠵᠦ᠂ ᠪᠤᠰᠢᠭᠤ ᠱᠠᠯᠠᠮᠠᠭ᠋ᠠᠢ᠂ ᠬᠤᠷᠳᠤᠨ ᠮᠣᠷᠢᠨ᠎ᠳᠤ ᠲᠠᠰᠢᠭᠤᠷ ᠨᠡᠮᠡᠵᠦ ᠪᠠᠶ᠋ᠢᠭ᠋ᠠᠳ ᠠᠵᠢᠯ ᠬᠢᠵᠦ ᠦᠢ᠍ᠯᠡᠰ ᠪᠣᠰᠬᠠᠬᠤ ᠬᠤᠷᠳᠤᠴᠠ ᠵᠢ ᠲᠦᠷᠭᠡᠳᠬᠡᠬᠦ ᠬᠡᠷᠡᠭᠲᠡᠢ᠃ ᠪᠣᠳᠠᠲᠠᠢ ᠠᠵᠢᠯᠯᠠᠭ᠎ᠠ᠎ᠪᠠᠷ ᠤᠳᠤᠷᠢᠳᠤᠮᠵᠢ ᠪᠤᠯᠭ᠋ᠠᠬᠤ᠂ ᠦᠢ᠍ᠯᠡᠳᠦᠯᠭᠡ ᠵᠢᠨ ᠪᠠᠷᠢᠮᠵᠢᠶ᠎ᠠ᠂ ᠠᠮᠵᠢᠯᠲᠠ ᠵᠢᠨ ᠦᠨᠳᠦᠰᠦᠯᠡᠯ᠎ᠢ ᠪᠠᠷᠢᠮᠲᠠᠯᠠᠵᠤ᠂ ᠦᠨᠡᠨ ᠪᠣᠳᠠᠲᠤ ᠪᠠᠶ᠋ᠢᠳᠠᠯ᠎ᠢ ᠪᠠᠶ᠋ᠢᠴᠠᠭ᠋ᠠᠨ᠂ ᠪᠣᠳᠠᠲᠠᠢ ᠠᠷᠭ᠎ᠠ ᠭᠠᠷᠭ᠋ᠠᠵᠤ᠂ ᠪᠣᠳᠠᠲᠤ ᠶᠠᠪᠤᠳᠠᠯ ᠬᠢᠵᠦ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠨ᠂ ᠡᠯ᠎ᠡ ᠵᠦᠢ᠍ᠯ᠎ᠤᠨ ᠬᠠᠷᠠᠯᠲᠠᠲᠤ ᠡᠭᠦᠷᠭᠡ ᠵᠢ ᠨᠠᠶ᠋ᠢᠳᠠᠪᠤᠷᠢᠵᠢᠭᠤᠯᠵᠤ ᠨᠠᠷᠢᠯᠢᠭᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠵᠢᠯ ᠪᠦᠷᠢ ᠠᠵᠢᠯ᠎ᠤᠨ ᠲᠥᠯᠥᠪᠯᠡᠭᠡ ᠬᠢᠵᠦ᠂ ᠡᠭᠦᠷᠭᠡ ᠵᠢᠨ ᠨᠠᠷᠢᠨ ᠲᠠᠩᠰᠠ ᠭᠠᠷᠭ᠋ᠠᠨ᠂ ᠨᠠᠶ᠋ᠢᠳᠠᠪᠤᠷᠢᠵᠢᠭᠤᠯᠤᠯᠲᠠ ᠵᠢ ᠪᠦᠭᠦ ᠬᠦᠴᠦᠨ ᠵᠶ᠋ᠠᠷ ᠵᠶ᠋ᠠᠨ ᠠᠬᠢᠭᠤᠯᠵᠤ᠂ ᠵᠢᠯ᠎ᠤᠨ ᠡᠴᠦᠰ᠎ᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠳᠤ ᠪᠡᠶᠡᠯᠡᠭᠦᠯᠦᠭᠰᠡᠨ ᠪᠠᠶ᠋ᠢᠳᠠᠯ ᠵᠶ᠋ᠠᠨ ᠮᠡᠳᠡᠭᠦᠯᠬᠦ ᠬᠡᠷᠡᠭᠲᠡᠢ᠃

      ᠪᠦᠭᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠪᠦᠭᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭ᠋ᠠᠭᠤᠯᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤᠨᠢ ᠲᠠᠯᠠᠷᠬᠠᠨ ᠡᠷᠡᠮᠡᠬᠡᠶ᠋ᠢᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ!

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ᠎ᠳᠤ ᠴᠢᠬᠤᠯᠠ ᠵᠢᠭ᠋ᠠᠪᠤᠷᠢ ᠥᠭᠴᠦ ᠰᠦᠯᠵᠢᠶ᠎ᠡ ᠵᠢᠨ ᠬᠦᠴᠦᠷᠬᠡᠭ ᠤᠯᠤᠰ᠎ᠤᠨ ᠲᠤᠬᠠᠢ ᠨᠠᠮ᠎ᠤᠨ ᠲᠥᠪ ᠬᠤᠷᠢᠶ᠎ᠠ ᠵᠢᠨ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠶᠡᠭᠡ᠎ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠼᠠᠢ ᠴᠢ ᠪᠦᠭᠦ ᠤᠯᠤᠰ᠎ᠤᠨ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ᠎ᠤᠨ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ ᠳ᠋ᠢᠩ ᠰᠢᠤᠸᠠᠢ ᠰᠢᠶᠠᠩ ᠬᠤᠷᠠᠯ᠎ᠳᠤ ᠣᠷᠣᠯᠴᠠᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ᠎ᠬᠢᠨ 2023 ᠣᠨ᠎ᠤ ᠤᠯᠤᠰ᠎ᠤᠨ ᠲᠣᠪᠴᠢᠶ᠎ᠠ ᠵᠢᠨ ᠨᠠᠶ᠋ᠢᠳᠠᠭᠰᠠᠨ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠲᠤᠰᠬᠠᠢ ᠬᠢᠨᠠᠯᠲᠠ ᠪᠠᠶ᠋ᠢᠴᠠᠭ᠋ᠠᠯᠲᠠ ᠵᠢ ᠤᠷᠤᠭᠰᠢᠲᠠᠢ ᠪᠡᠶᠡᠯᠡᠭᠦᠯᠪᠡ
ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠠᠶ᠋ᠢᠰᠢᠶᠠᠯ᠄ ᠣᠷᠳᠣᠰ᠎ᠤᠨ ᠬᠥᠪᠴᠢ ᠵᠢᠨ ᠡᠯᠡᠰᠦ ᠵᠢ ᠵᠠᠰᠠᠭᠰᠠᠨ ᠶᠠᠪᠤᠳᠠᠯ ᠪᠣᠯ ᠳᠡᠯᠡᠬᠡᠢ ᠵᠢᠨ ᠠᠩᠬᠠᠳᠠᠭᠴᠢ ᠨᠡᠶ᠋ᠢᠲᠡᠯᠢᠭ ᠵᠢᠱ᠌ᠢᠶ᠎ᠡ ᠮᠥᠨ
ᠰᠢ ᠵᠢᠨ ᠫᠢᠩ ᠸᠧᠨᠧᠽᠦ᠋ᠧᠯᠠ ᠵᠢᠨ ᠶᠡᠷᠦᠩᠬᠡᠶ᠋ᠢᠯᠡᠭᠴᠢ ᠮᠠᠳᠦ᠋ᠯᠦ᠋ᠸᠧ᠎ᠲᠠᠢ ᠬᠡᠯᠡᠯᠴᠡᠭᠡ ᠬᠢᠪᠡ
 
             蒙ICP备05000248号