ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠢ ᠵᠢᠨ ᠫᠢᠩ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ᠎ᠳᠤ ᠴᠢᠬᠤᠯᠠ ᠵᠢᠭ᠋ᠠᠪᠤᠷᠢ ᠥᠭᠴᠦ ᠰᠦᠯᠵᠢᠶ᠎ᠡ ᠵᠢᠨ ᠬᠦᠴᠦᠷᠬᠡᠭ ᠤᠯᠤᠰ᠎ᠤᠨ ᠲᠤᠬᠠᠢ ᠨᠠᠮ᠎ᠤᠨ ᠲᠥᠪ ᠬᠤᠷᠢᠶ᠎ᠠ ᠵᠢᠨ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠶᠡᠭᠡ᠎ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠼᠠᠢ ᠴᠢ ᠪᠦᠭᠦ ᠤᠯᠤᠰ᠎ᠤᠨ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ᠎ᠤᠨ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ ᠳ᠋ᠢᠩ ᠰᠢᠤᠸᠠᠢ ᠰᠢᠶᠠᠩ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2023-07-18

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 15᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠶ᠋ᠢᠷ᠎ᠠ᠎ᠳᠤ ᠰᠦᠯᠵᠢᠶ᠎ᠡ ᠵᠢᠨ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠵᠢᠨ ᠠᠵᠢᠯ᠎ᠳᠤ ᠴᠢᠬᠤᠯᠠ ᠵᠢᠭ᠋ᠠᠪᠤᠷᠢ ᠥᠭᠬᠦ᠎ᠳᠡᠭᠡᠨ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠮᠠᠨ᠎ᠤ ᠤᠯᠤᠰ᠎ᠤᠨ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ ᠦᠢ᠍ᠯᠡᠰ ᠴᠢᠬᠤᠯᠠ ᠶᠡᠭᠡ ᠠᠮᠵᠢᠯᠲᠠ ᠪᠦᠲᠦᠮᠵᠢ ᠣᠯᠵᠤ᠂ ᠢᠨᠲ᠋ᠧᠷ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠳᠠᠬᠢ ᠨᠠᠮ᠎ᠤᠨ ᠤᠳᠤᠷᠢᠳᠤᠯᠭ᠎ᠠ ᠪᠦᠭᠦ ᠲᠠᠯ᠎ᠠ᠎ᠪᠠᠷ ᠴᠢᠩᠭ᠋ᠠᠷᠠᠵᠤ᠂ ᠰᠦᠯᠵᠢᠶ᠎ᠡ ᠵᠢᠨ ᠣᠷᠣᠨ ᠵᠠᠢ᠎ᠳᠠᠬᠢ ᠭᠤᠣᠯ ᠪᠤᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠪᠠᠬᠢᠵᠢᠨ ᠪᠤᠵᠠᠭ᠋ᠠᠶ᠋ᠢᠷᠠᠵᠤ᠂ ᠰᠦᠯᠵᠢᠶ᠎ᠡ ᠵᠢ ᠶᠡᠷᠦᠩᠬᠡᠶ᠋ᠢᠯᠡᠨ ᠵᠠᠰᠠᠬᠤ ᠰᠢᠰᠲ᠋ᠧᠮ᠎ᠢ ᠦᠨᠳᠦᠰᠦᠨ᠎ᠳᠡᠭᠡᠨ ᠪᠠᠶ᠋ᠢᠭᠤᠯᠵᠤ᠂ ᠰᠦᠯᠵᠢᠶ᠎ᠡ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠰᠢᠰᠲ᠋ᠧᠮ ᠪᠣᠯᠣᠨ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠰᠦᠯᠵᠢᠶ᠎ᠡ ᠵᠢᠨ ᠮᠡᠳᠡᠭᠡ ᠵᠠᠩᠭᠢ ᠵᠢᠨ ᠬᠦᠷᠢᠶ᠎ᠡ ᠵᠢᠨ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠠᠯᠬᠤᠭ᠎ᠠ ᠲᠦᠷᠭᠡᠳᠴᠦ᠂ ᠮᠡᠳᠡᠭᠡ ᠵᠠᠩᠭᠢᠵᠢᠯᠲᠠ ᠵᠢᠨ ᠬᠥᠳᠡᠯᠭᠡᠭᠦᠷ ᠵᠶ᠋ᠠᠷ ᠬᠥᠲᠥᠯᠥᠨ ᠳᠠᠭ᠋ᠠᠭᠤᠯᠬᠤ ᠦᠢ᠍ᠯᠡᠳᠦᠯ ᠪᠦᠲᠦᠮᠵᠢᠲᠡᠶ ᠪᠠᠳᠠᠷᠠᠵᠤ᠂ ᠰᠦᠯᠵᠢᠶ᠎ᠡ ᠵᠢᠨ ᠣᠷᠣᠨ ᠵᠠᠢ᠎ᠳᠠᠬᠢ ᠬᠠᠤᠯᠢᠵᠢᠯ᠎ᠤᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ᠂ ᠰᠦᠯᠵᠢᠶ᠎ᠡ ᠵᠢᠨ ᠣᠷᠣᠨ ᠵᠠᠢ ᠵᠢᠨ ᠳᠡᠯᠡᠬᠡᠢ ᠳᠡᠭᠡᠷᠡᠬᠢ ᠦᠭᠡ ᠬᠡᠯᠡᠬᠦ ᠡᠷᠬᠡ ᠪᠠ ᠨᠥᠯᠥᠭᠡᠯᠡᠬᠦ ᠬᠦᠴᠦᠨ ᠢᠯᠡᠳᠲᠡ ᠴᠢᠩᠭ᠋ᠠᠷᠠᠵᠤ᠂ ᠰᠦᠯᠵᠢᠶ᠎ᠡ ᠵᠢᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠰᠢᠨ᠎ᠡ ᠠᠯᠬᠤᠮ ᠠᠯᠬᠤᠪᠠ ᠭᠡᠵᠦ ᠵᠢᠭ᠋ᠠᠵᠤ ᠭᠠᠷᠭ᠋ᠠᠵᠠᠢ᠃

      ᠰᠢ ᠵᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ ᠦᠢ᠍ᠯᠡᠰ᠎ᠤᠨ ᠴᠢᠬᠤᠯᠠ ᠪᠠᠶ᠋ᠢᠷᠢ ᠰᠠᠭᠤᠷᠢ ᠦᠢ᠍ᠯᠡᠳᠦᠯ ᠡᠳᠦᠷ ᠢᠷᠡᠬᠦᠶ᠎ᠡ ᠲᠣᠪᠣᠶ᠋ᠢᠮ᠎ᠠ ᠪᠣᠯᠵᠤ ᠪᠠᠶ᠋ᠢᠨ᠎ᠠ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠦᠯᠵᠢᠶ᠎ᠡ ᠵᠢᠨ ᠬᠦᠴᠦᠷᠬᠡᠭ ᠤᠯᠤᠰ᠎ᠤᠨ ᠲᠤᠬᠠᠢ ᠨᠠᠮ᠎ᠤᠨ ᠲᠥᠪ ᠬᠤᠷᠢᠶ᠎ᠠ ᠵᠢᠨ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠲᠤᠭ᠎ᠢ ᠮᠠᠨᠳᠤᠭᠤᠯᠤᠨ ᠠᠷᠠᠳ᠎ᠤᠨ ᠰᠡᠳᠬᠢᠯ᠎ᠢ ᠨᠢᠭᠲᠠᠷᠠᠭᠤᠯᠬᠤ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠠᠮᠤᠷ ᠲᠦᠪᠰᠢᠨ᠎ᠢ ᠪᠠᠲᠤᠯᠠᠬᠤ᠂ ᠵᠠᠰᠠᠯᠲᠠ ᠵᠢ ᠴᠢᠩᠭ᠋ᠠᠳᠬᠠᠨ ᠠᠷᠠᠳ᠎ᠲᠤ ᠠᠰᠢᠭ ᠬᠦᠷᠲᠡᠭᠡᠬᠦ᠂ ᠬᠥᠳᠡᠯᠭᠡᠬᠦ ᠬᠦᠴᠦᠨ᠎ᠢ ᠨᠡᠮᠡᠭᠳᠡᠭᠦᠯᠦᠨ ᠬᠥᠭᠵᠢᠯᠲᠡ ᠵᠢ ᠠᠬᠢᠭᠤᠯᠬᠤ᠂ ᠬᠠᠮᠲᠤᠷᠠᠯᠴᠠᠭ᠎ᠠ ᠵᠢ ᠡᠷᠢᠯᠬᠢᠯᠡᠨ ᠬᠠᠮᠲᠤ᠎ᠪᠠᠷ ᠠᠰᠢᠭ ᠭᠦᠷᠲᠡᠭᠦ ᠵᠢ ᠪᠣᠳᠣᠯᠬᠢᠯᠠᠬᠤ ᠡᠭᠦᠷᠭᠡ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ᠂ ᠨᠠᠮ᠎ᠠᠴᠠ ᠢᠨᠲ᠋ᠧᠷ ᠰᠦᠯᠵᠢᠶ᠎ᠡ ᠵᠢ ᠬᠠᠮᠢᠶᠠᠷᠬᠤ ᠵᠢ ᠪᠠᠷᠢᠮᠲᠠᠯᠠᠵᠤ᠂ ᠰᠦᠯᠵᠢᠶᠡᠨ᠎ᠤ ᠮᠡᠳᠡᠭᠡ ᠵᠠᠩᠭᠢ᠎ᠨᠢ ᠠᠷᠠᠳ᠎ᠤᠨ ᠲᠥᠯᠥᠭᠡ ᠪᠠᠶ᠋ᠢᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠰᠦᠯᠵᠢᠶ᠎ᠡ ᠵᠢ ᠵᠠᠰᠠᠬᠤ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠵᠢ ᠪᠠᠷᠢᠮᠲᠠᠯᠠᠵᠤ᠂ ᠢᠳᠡᠪᠬᠢ ᠬᠦᠴᠦᠨ ᠪᠣᠯ ᠶᠡᠷᠦᠩᠬᠡᠢ ᠱᠠᠭ᠋ᠠᠷᠳᠠᠯᠭ᠎ᠠ᠂ ᠬᠠᠮᠢᠶᠠᠷᠴᠤ ᠳᠡᠶ᠋ᠢᠯᠭᠦ ᠪᠣᠯ ᠬᠠᠲᠠᠭᠤ ᠶᠣᠰᠣ᠂ ᠰᠠᠶ᠋ᠢᠲᠤᠷ ᠬᠡᠷᠡᠭᠯᠡᠬᠦ ᠪᠣᠯ ᠦᠨᠡᠨ ᠴᠢᠳᠠᠪᠤᠷᠢ ᠮᠥᠨ ᠭᠡᠳᠡᠭ᠎ᠢ ᠪᠠᠷᠢᠮᠲᠠᠯᠠᠵᠤ᠂ ᠤᠯᠤᠰ᠎ᠤᠨ ᠰᠦᠯᠵᠢᠶ᠎ᠡ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠵᠢ ᠪᠠᠷᠢᠮᠲᠠᠯᠠᠵᠤ᠂ ᠮᠡᠳᠡᠭᠡ ᠵᠠᠩᠭᠢᠵᠢᠯᠲᠠ᠎ᠪᠠᠷ ᠬᠥᠳᠡᠯᠭᠡᠭᠦᠷ ᠪᠤᠯᠭ᠋ᠠᠵᠤ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠵᠢ ᠪᠠᠷᠢᠮᠲᠠᠯᠠᠵᠤ᠂ ᠬᠠᠤᠯᠢ ᠶᠣᠰᠣᠭ᠋ᠠᠷ ᠰᠦᠯᠵᠢᠶ᠎ᠡ ᠵᠢ ᠬᠠᠮᠢᠶᠠᠷᠬᠤ᠂ ᠬᠠᠤᠯᠢ ᠶᠣᠰᠣᠭ᠋ᠠᠷ ᠰᠦᠯᠵᠢᠶ᠎ᠡ ᠡᠷᠭᠢᠯᠡᠭᠦ᠂ ᠬᠠᠤᠯᠢ ᠶᠣᠰᠣᠭ᠋ᠠᠷ ᠰᠦᠯᠵᠢᠶ᠎ᠡ ᠵᠢ ᠬᠡᠷᠡᠭᠯᠡᠬᠦ ᠵᠢ ᠪᠠᠷᠢᠮᠲᠠᠯᠠᠵᠤ᠂ ᠰᠦᠯᠵᠢᠶ᠎ᠡ ᠵᠢᠨ ᠣᠷᠣᠨ ᠵᠠᠢ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ ᠵᠢ ᠪᠠᠷᠢᠮᠲᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠤᠨ ᠡᠩᠨᠡᠭᠡ ᠵᠢ ᠪᠠᠶ᠋ᠢᠭᠤᠯᠬᠤ ᠵᠢ ᠪᠠᠷᠢᠮᠲᠠᠯᠠᠵᠤ᠂ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠶᠡᠭᠡ᠎ᠪᠠᠷ ᠠᠬᠢᠭᠤᠯᠵᠤ᠂ ᠰᠦᠯᠵᠢᠶ᠎ᠡ ᠵᠢᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ᠃

      ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠤᠨ ᠲᠤᠬᠠᠢ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠭᠡᠷᠡᠭᠲᠡᠶ; ᠡᠯ᠎ᠡ ᠱᠠᠲᠤᠨ᠎ᠤ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠰᠠᠯᠠᠭ᠎ᠠ ᠮᠥᠴᠢᠷ ᠨᠠᠮ ᠪᠣᠯᠣᠨ ᠠᠷᠠᠳ ᠲᠦᠮᠡᠨ᠎ᠳᠤ ᠦᠨᠡᠨᠴᠢ ᠰᠢᠳᠤᠷᠭᠤ ᠪᠠᠶ᠋ᠢᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠵᠠᠮ ᠨᠡᠭᠡᠭᠡᠨ ᠰᠢᠨ᠎ᠡ ᠵᠢ ᠡᠭᠦᠳᠬᠦ᠎ᠳᠡᠭᠡᠨ ᠴᠢᠳᠠᠮᠠᠭ᠋ᠠᠢ ᠪᠠᠶ᠋ᠢᠵᠤ᠂ ᠵᠣᠷᠢᠭᠲᠠᠢ᠎ᠪᠠᠷ ᠲᠡᠮᠡᠴᠡᠵᠦ᠂ ᠳᠤᠷᠠᠲᠠᠶ᠎ᠠ ᠴᠢᠷᠮᠠᠶ᠋ᠢᠨ ᠵᠢᠳᠬᠦᠵᠦ ᠬᠤᠪᠢ ᠨᠡᠮᠡᠷᠢ ᠦᠵᠡᠭᠦᠯᠵᠦ᠂ ᠰᠦᠯᠵᠢᠶ᠎ᠡ ᠵᠢᠨ ᠮᠡᠳᠡᠭᠡ ᠵᠠᠩᠭᠢ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠪᠦᠭᠦ ᠤᠯᠤᠰ᠎ᠤᠨ ᠰᠦᠯᠵᠢᠶ᠎ᠡ ᠵᠢᠨ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠵᠢᠨ ᠠᠵᠢᠯ᠎ᠤᠨ ᠬᠤᠷᠠᠯ 7 ᠰᠠᠷ᠎ᠠ ᠵᠢᠨ 14᠎ᠠᠴᠠ 15᠎ᠤ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ ᠼᠠᠢ ᠴᠢ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠶ᠋ᠢᠳ ᠳ᠋ᠢᠩ ᠰᠢᠤᠸᠠᠢ ᠰᠢᠶᠠᠩ ᠬᠤᠷᠠᠯ᠎ᠳᠤ ᠣᠷᠣᠯᠴᠠᠬᠰᠠᠨ ᠪᠥᠭᠡᠳ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠪᠠ᠃

      ᠼᠠᠢ ᠴᠢ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ᠎ᠳᠤ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ ᠳᠤᠷᠠᠳᠴᠤ᠂ 《ᠠᠷᠪᠠ ᠵᠢ ᠪᠠᠷᠢᠮᠲᠠᠯᠠᠬᠤ》 ᠴᠢᠬᠤᠯᠠ ᠵᠠᠷᠴᠢᠮ᠎ᠢ ᠲᠣᠳᠣᠷᠬᠠᠶ᠋ᠢᠯᠠᠭᠰᠠᠨ ᠪᠥᠭᠡᠳ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠳᠤ ᠱᠠᠭ᠋ᠠᠷᠳᠠᠯᠭ᠎ᠠ ᠳᠤᠷᠠᠳᠤᠭᠰᠠᠨ᠎ᠨᠢ ᠮᠠᠰᠢ ᠴᠢᠩᠭ᠎ᠠ ᠤᠯᠤᠰ ᠲᠥᠷᠥᠴᠢ ᠴᠢᠨᠠᠷ᠂ ᠪᠠᠶ᠋ᠢᠯᠳᠤᠬᠤ ᠪᠣᠳᠣᠯᠭ᠎ᠠ ᠵᠢᠨ ᠴᠢᠨᠠᠷ᠂ ᠵᠢᠯᠤᠭᠤᠳᠬᠤ ᠴᠢᠨᠠᠷ᠎ᠲᠠᠢ ᠶᠤᠮ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠢ ᠰᠠᠶ᠋ᠢᠲᠤᠷ ᠬᠢᠬᠦ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠂ ᠪᠢᠳᠡ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃

      ᠼᠠᠢ ᠴᠢ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ ᠦᠢ᠍ᠯᠡᠰ ᠴᠢᠬᠤᠯᠠ ᠶᠡᠭᠡ ᠠᠮᠵᠢᠯᠲᠠ ᠪᠦᠲᠦᠮᠵᠢ ᠣᠯᠣᠭᠰᠠᠨ᠎ᠤ ᠬᠠᠮᠤᠭ᠎ᠤᠨ ᠦᠨᠳᠦᠰᠦᠨ ᠵᠦᠢ᠍ᠯ᠎ᠨᠢ ᠶᠡᠷᠦᠩᠬᠡᠢ ᠱᠦᠵᠢ ᠰᠢ ᠵᠢᠨ ᠫᠢᠩ ᠠᠶᠠᠯᠠᠯ᠎ᠢ ᠵᠢᠯᠣᠭᠤᠳᠤᠨ ᠵᠠᠯᠠᠭᠤᠷ᠎ᠢ ᠡᠵᠡᠮᠳᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠵᠢᠯᠣᠭᠤᠳᠤᠯᠭ᠎ᠠ᠎ᠳᠤ ᠪᠠᠶ᠋ᠢᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶ᠎ᠡ ᠵᠢᠨ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠎ᠠ᠎ᠨᠢ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠦᠢ᠍ᠯᠡᠰ᠎ᠤᠨ ᠬᠥᠭᠵᠢᠯᠲᠡ ᠵᠢᠨ ᠠᠯᠢ ᠤᠯᠠᠨ ᠴᠢᠬᠤᠯᠠ ᠶᠡᠭᠡ ᠤᠨᠤᠯ ᠪᠠ ᠦᠢ᠍ᠯᠡᠳᠦᠯᠭᠡ ᠵᠢᠨ ᠠᠰᠠᠭᠤᠳᠠᠯ᠎ᠳᠤ ᠰᠢᠨᠵᠢᠯᠡᠬᠦ ᠤᠬᠠᠭ᠋ᠠᠨᠴᠢ ᠬᠠᠷᠢᠭᠤᠯᠲᠠ ᠥᠭᠴᠦ᠂ ᠨᠠᠮ᠎ᠤᠨ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ᠎ᠤᠨ ᠵᠢᠮ᠎ᠡ ᠶᠣᠰᠣᠴᠢ ᠴᠢᠨᠠᠷᠲᠠᠢ ᠲᠠᠨᠢᠯᠲᠠ ᠵᠢ ᠴᠣ᠋ ᠰᠢᠨ᠎ᠡ ᠥᠨᠳᠥᠷᠴᠡ᠎ᠳᠤ ᠭᠦᠷᠲᠡᠯ᠎ᠡ ᠳᠡᠭᠡᠭᠰᠢᠯᠡᠭᠦᠯᠪᠡ᠂ ᠡᠨᠡ ᠪᠣᠯ ᠰᠢᠨ᠎ᠡ ᠴᠠᠭ ᠦᠶ᠎ᠡ ᠰᠢᠨ᠎ᠡ ᠠᠶᠠᠨ᠎ᠳᠤ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠥᠲᠥᠯᠥᠨ ᠳᠠᠭ᠋ᠠᠭᠤᠯᠬᠤ᠂ ᠰᠦᠯᠵᠢᠶ᠎ᠡ ᠵᠢᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠠᠵᠢᠯᠯᠠᠭ᠋ᠠᠨ᠎ᠤ ᠵᠦᠭᠯᠡᠭᠦᠷ ᠪᠣᠯᠣᠨ᠎ᠠ᠂ ᠪᠢᠳᠡ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ 《ᠬᠤᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ᠎ᠢ ᠨᠡᠩ ᠭᠦᠨᠵᠡᠭᠡᠢ ᠣᠶ᠋ᠢᠯᠠᠭ᠋ᠠᠵᠤ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠤᠨ ᠪᠦᠭᠦ ᠶᠠᠪᠤᠴᠠ᠎ᠳᠤ ᠦᠨᠡᠨ ᠬᠦ᠌ ᠲᠤᠭᠤᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃

      ᠼᠠᠢ ᠴᠢ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠠᠴᠠ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠳᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠬᠢᠵᠦ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠡᠭᠦᠷᠭᠡ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠤ᠂ ᠨᠠᠶ᠋ᠢᠳᠠᠪᠤᠷᠢᠵᠢᠭᠤᠯᠤᠯᠲᠠ ᠵᠢ ᠬᠦᠴᠦᠯᠡᠨ ᠠᠬᠢᠭᠤᠯᠬᠤ ᠬᠡᠷᠡᠭᠲᠡᠢ᠃ ᠰᠦᠯᠵᠢᠶᠡᠨ ᠳᠡᠭᠡᠷᠡᠬᠢ ᠵᠥᠪ ᠲᠠᠯ᠎ᠠ ᠵᠢᠨ ᠤᠬᠠᠭᠤᠯᠭ᠎ᠠ ᠵᠢᠯᠣᠭᠤᠳᠤᠯᠭ᠎ᠠ ᠵᠢ ᠴᠢᠩᠭ᠋ᠠᠳᠬᠠᠵᠤ᠂ ᠰᠦᠯᠵᠢᠶ᠎ᠡ ᠵᠢᠨ ᠦᠵᠡᠯ ᠤᠬᠠᠮᠰᠠᠷ᠎ᠤᠨ ᠭᠡᠯᠪᠡᠷᠢ ᠵᠢᠨ ᠠᠶᠤᠯ ᠲᠦᠭᠰᠢᠭᠦᠷᠢ ᠵᠢ ᠰᠡᠷᠭᠡᠶ᠋ᠢᠯᠡᠵᠦ᠂ ᠰᠦᠯᠵᠢᠶ᠎ᠡ ᠵᠢᠨ ᠶᠡᠷᠦᠩᠬᠡᠶ᠋ᠢᠯᠡᠭᠰᠡᠨ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠰᠠᠶ᠋ᠢᠨ ᠰᠠᠶ᠋ᠢᠬᠠᠨ ᠰᠦᠯᠵᠢᠶ᠎ᠡ ᠵᠢᠨ ᠠᠮᠢ ᠠᠬᠤᠢ ᠵᠢ ᠪᠦᠷᠢᠯᠳᠦᠭᠦᠯᠵᠦ᠂ ᠰᠦᠯᠵᠢᠶ᠎ᠡ ᠵᠢᠨ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠤᠳᠤᠷᠢᠳᠬᠤ ᠡᠷᠬᠡ ᠵᠢ ᠪᠠᠲᠤ ᠡᠵᠡᠮᠳᠡᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠰᠦᠯᠵᠢᠶ᠎ᠡ ᠵᠢᠨ ᠠᠮᠤᠷ ᠲᠦᠪᠰᠢᠨ᠎ᠤ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠪᠠ ᠡᠭᠦᠷᠭᠡ ᠵᠢ ᠬᠡᠷᠡᠭᠵᠢᠭᠦᠯᠵᠦ᠂ ᠶᠡᠭᠡ ᠰᠦᠯᠵᠢᠶ᠎ᠡ ᠵᠢᠨ ᠠᠮᠤᠷ ᠲᠦᠪᠰᠢᠨ᠎ᠤ ᠠᠵᠢᠯ᠎ᠤᠨ ᠪᠠᠶ᠋ᠢᠷᠢᠰᠢᠯ᠎ᠢ ᠪᠠᠶ᠋ᠢᠭᠤᠯᠵᠤ᠂ ᠤᠯᠤᠰ᠎ᠤᠨ ᠰᠦᠯᠵᠢᠶ᠎ᠡ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ ᠬᠡᠷᠡᠭᠲᠡᠢ᠃ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠤ᠂ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ᠂ ᠬᠥᠭᠵᠢᠯᠲᠡ᠎ᠳᠤ ᠴᠢᠳᠠᠪᠤᠷᠢ ᠨᠡᠮᠡᠷᠢᠯᠡᠬᠦ᠂ ᠲᠦᠭᠡᠮᠡᠯ ᠠᠰᠢᠭ ᠬᠦᠷᠲᠡᠭᠡᠬᠦ ᠲᠥᠪ ᠭᠤᠤᠯᠴᠢ ᠪᠠᠶ᠋ᠢᠬᠤ ᠵᠢ ᠪᠠᠷᠢᠮᠲᠠᠯᠠᠵᠤ᠂ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ᠎ᠪᠠᠨ ᠢᠯᠡᠨ ᠳᠠᠪᠠᠵᠤ᠂ ᠮᠡᠳᠡᠭᠡ ᠵᠠᠩᠭᠢᠵᠢᠯᠲᠠ᠎ᠪᠠᠷ ᠬᠥᠳᠡᠯᠭᠡᠭᠦᠷ ᠪᠤᠯᠭ᠋ᠠᠵᠤ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃ ᠰᠦᠯᠵᠢᠶ᠎ᠡ ᠵᠢᠨ ᠲᠤᠬᠠᠢ ᠬᠠᠤᠯᠢ ᠲᠣᠭᠲᠠᠭ᠋ᠠᠬᠤ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠤᠯᠢ ᠵᠢᠨ ᠮᠡᠳᠡᠯᠭᠡ ᠵᠢ ᠲᠦᠭᠡᠮᠡᠯᠵᠢᠭᠦᠯᠬᠦ ᠵᠢ ᠴᠢᠩᠭ᠋ᠠᠳᠬᠠᠵᠤ᠂ ᠰᠦᠯᠵᠢᠶ᠎ᠡ ᠵᠢᠨ ᠣᠷᠣᠨ ᠵᠠᠢ ᠵᠢᠨ ᠬᠠᠤᠯᠢᠵᠢᠯ᠎ᠤᠨ ᠠᠬᠢᠴᠠ ᠵᠢ ᠠᠬᠢᠭᠤᠯᠬᠤ ᠬᠡᠷᠡᠭᠲᠡᠢ᠃ ᠰᠦᠯᠵᠢᠶ᠎ᠡ ᠵᠢᠨ ᠮᠡᠳᠡᠭᠡ ᠵᠠᠩᠭᠢ ᠵᠢᠨ ᠬᠦᠷᠢᠶᠡᠨ᠎ᠳᠠᠬᠢ ᠣᠯᠠᠨ ᠤᠯᠤᠰ᠎ᠤᠨ ᠰᠣᠯᠢᠯᠴᠠᠭ᠎ᠠ ᠪᠠ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ ᠬᠡᠷᠡᠭᠲᠡᠢ᠃ ᠨᠠᠮ᠎ᠠᠴᠠ ᠢᠨᠲ᠋ᠧᠷ ᠰᠦᠯᠵᠢᠶ᠎ᠡ ᠵᠢ ᠬᠠᠮᠢᠶᠠᠷᠬᠤ ᠵᠢ ᠪᠠᠷᠢᠮᠲᠠᠯᠠᠵᠤ᠂ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠳᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠲᠥᠪ᠎ᠤᠨ ᠰᠦᠯᠵᠢᠶ᠎ᠡ ᠵᠢᠨ ᠮᠡᠳᠡᠭᠡ ᠵᠠᠩᠭᠢ ᠵᠢᠨ ᠬᠤᠷᠢᠶ᠎ᠠ ᠵᠢᠴᠢ ᠪᠦᠷᠢᠯᠳᠦᠭᠦᠨ ᠨᠢᠭᠡᠴᠢ᠂ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠴᠢ ᠰᠦᠯᠵᠢᠶ᠎ᠡ ᠵᠢᠨ ᠮᠡᠳᠡᠭᠡ ᠵᠠᠩᠭᠢ ᠵᠢᠨ ᠰᠠᠯᠠᠭ᠎ᠠ ᠮᠥᠴᠢᠷ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠵᠤ᠂ ᠬᠦᠴᠦ᠎ᠪᠠᠨ ᠬᠠᠮᠲᠤᠳᠬᠠᠨ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠤᠨ ᠠᠮᠢᠳᠤᠯᠢᠭ ᠪᠠᠶ᠋ᠢᠳᠠᠯ᠎ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃

      ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠲᠥᠪ᠎ᠤᠨ ᠤᠬᠠᠭᠤᠯᠬᠤ ᠬᠡᠯᠲᠡᠰ᠎ᠤᠨ ᠳᠠᠷᠤᠭ᠎ᠠ ᠯᠢ ᠱᠤ᠌ ᠯᠧᠢ ᠳ᠋ᠦᠩᠨᠡᠯᠲᠡ ᠵᠢᠨ ᠶᠠᠷᠢᠶᠠᠨ᠎ᠳᠠᠭᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠦᠯᠵᠢᠶ᠎ᠡ ᠵᠢᠨ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠬᠤᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠲᠤᠭ᠎ᠢ ᠮᠠᠨᠳᠤᠭᠤᠯᠤᠨ ᠠᠷᠠᠳ᠎ᠤᠨ ᠰᠡᠳᠬᠢᠯ᠎ᠢ ᠨᠢᠭᠲᠠᠷᠠᠭᠤᠯᠬᠤ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠠᠮᠤᠷ ᠲᠦᠪᠰᠢᠨ᠎ᠢ ᠪᠠᠲᠤᠯᠠᠬᠤ᠂ ᠵᠠᠰᠠᠯᠲᠠ ᠵᠢ ᠴᠢᠩᠭ᠋ᠠᠳᠬᠠᠨ ᠠᠷᠠᠳ᠎ᠲᠤ ᠠᠰᠢᠭ ᠬᠦᠷᠲᠡᠭᠡᠬᠦ᠂ ᠬᠥᠳᠡᠯᠭᠡᠬᠦ ᠬᠦᠴᠦᠨ᠎ᠢ ᠨᠡᠮᠡᠭᠳᠡᠭᠦᠯᠦᠨ ᠬᠥᠭᠵᠢᠯᠲᠡ ᠵᠢ ᠠᠬᠢᠭᠤᠯᠬᠤ᠂ ᠬᠠᠮᠲᠤᠷᠠᠯᠴᠠᠭ᠎ᠠ ᠵᠢ ᠡᠷᠢᠯᠬᠢᠯᠡᠨ ᠬᠠᠮᠲᠤ᠎ᠪᠠᠷ ᠠᠰᠢᠭ ᠭᠦᠷᠲᠡᠭᠦ ᠵᠢ ᠪᠣᠳᠣᠯᠬᠢᠯᠠᠬᠤ ᠡᠭᠦᠷᠭᠡ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ᠎ᠤᠨ ᠡᠯ᠎ᠡ ᠲᠠᠯ᠎ᠠ ᠪᠦᠭᠦ ᠶᠠᠪᠤᠴᠠ᠎ᠳᠤ ᠢᠯᠡᠷᠡᠭᠦᠯᠵᠦ᠂ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠲᠤ ᠪᠠᠲᠤ ᠪᠠᠬᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠭᠡᠵᠦ ᠢᠯᠡᠳᠬᠡᠪᠡ᠃

      ᠪᠡᠭᠡᠵᠢᠩ ᠬᠤᠳᠠ᠂ ᠱᠠᠩᠬᠠᠢ ᠬᠤᠳᠠ᠂ ᠭᠤᠸᠠᠩᠳᠦ᠋ᠩ ᠮᠤᠵᠢ᠂ ᠰᠤᠷᠭ᠋ᠠᠨ ᠬᠥᠮᠦᠵᠢᠯ᠎ᠤᠨ ᠶᠠᠮᠤᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠠᠷᠠᠳ᠎ᠤᠨ ᠡᠳᠦᠷ᠎ᠤᠨ ᠰᠣᠨᠢᠨ᠎ᠤ ᠬᠤᠷᠢᠶ᠎ᠠ ᠵᠢᠨ ᠬᠤᠯᠪᠣᠭᠳᠠᠯ ᠪᠦᠬᠦᠢ ᠨᠥᠬᠦᠳ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃

      ᠱ᠌ᠢ᠎ᠲᠠᠢ ᠹᠧᠩ᠂ ᠾᠧ ᠯᠢ ᠹᠧᠩ᠂ ᠵᠠᠩ ᠶᠢᠦ ᠰᠢᠶᠠ᠂ ᠴᠧᠨ ᠸᠧᠨ ᠴᠢᠩ᠂ ᠸᠠᠩ ᠰᠢᠶᠣᠣ ᠬᠤᠩ᠂ ᠦ᠋ ᠵᠧᠩ ᠯᠦᠩ ᠬᠤᠷᠠᠯ᠎ᠳᠤ ᠣᠷᠣᠯᠴᠠᠵᠠᠢ᠃

      ᠲᠥᠪ᠎ᠤᠨ ᠰᠦᠯᠵᠢᠶ᠎ᠡ ᠵᠢᠨ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠵᠢᠨ ᠬᠤᠷᠢᠶ᠎ᠠ ᠵᠢᠨ ᠪᠦᠷᠢᠯᠳᠦᠭᠦᠨ᠂ ᠡᠯ᠎ᠡ ᠮᠤᠵᠢ ᠣᠷᠣᠨ ᠬᠤᠲᠠ ᠪᠣᠯᠣᠨ ᠲᠥᠯᠥᠪᠯᠡᠭᠡ᠎ᠳᠤ ᠲᠤᠰᠠᠭ᠋ᠠᠷ ᠵᠢᠭᠰᠠᠭ᠋ᠠᠭᠰᠠᠨ ᠬᠤᠲᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ᠎ᠤᠨ ᠪᠦᠯᠭᠦᠮ᠂ ᠬᠤᠯᠪᠣᠭᠳᠠᠯ ᠪᠦᠬᠦᠢ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠂ ᠴᠡᠷᠢᠭ ᠠᠩᠭᠢ ᠵᠢᠨ ᠬᠤᠯᠪᠣᠭᠳᠠᠯ ᠪᠦᠬᠦᠢ ᠨᠢᠭᠡᠴᠢ᠂ ᠲᠥᠪ᠎ᠤᠨ ᠭᠤᠣᠯᠳᠠᠯᠭ᠎ᠠ᠎ᠲᠠᠢ ᠰᠣᠨᠢᠨ ᠮᠡᠳᠡᠭᠡ ᠵᠢᠨ ᠰᠦᠯᠵᠢᠶ᠎ᠡ ᠵᠢᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ᠎ᠬᠢᠨ 2023 ᠣᠨ᠎ᠤ ᠤᠯᠤᠰ᠎ᠤᠨ ᠲᠣᠪᠴᠢᠶ᠎ᠠ ᠵᠢᠨ ᠨᠠᠶ᠋ᠢᠳᠠᠭᠰᠠᠨ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠲᠤᠰᠬᠠᠢ ᠬᠢᠨᠠᠯᠲᠠ ᠪᠠᠶ᠋ᠢᠴᠠᠭ᠋ᠠᠯᠲᠠ ᠵᠢ ᠤᠷᠤᠭᠰᠢᠲᠠᠢ ᠪᠡᠶᠡᠯᠡᠭᠦᠯᠪᠡ
ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠠᠶ᠋ᠢᠰᠢᠶᠠᠯ᠄ ᠣᠷᠳᠣᠰ᠎ᠤᠨ ᠬᠥᠪᠴᠢ ᠵᠢᠨ ᠡᠯᠡᠰᠦ ᠵᠢ ᠵᠠᠰᠠᠭᠰᠠᠨ ᠶᠠᠪᠤᠳᠠᠯ ᠪᠣᠯ ᠳᠡᠯᠡᠬᠡᠢ ᠵᠢᠨ ᠠᠩᠬᠠᠳᠠᠭᠴᠢ ᠨᠡᠶ᠋ᠢᠲᠡᠯᠢᠭ ᠵᠢᠱ᠌ᠢᠶ᠎ᠡ ᠮᠥᠨ
ᠰᠢ ᠵᠢᠨ ᠫᠢᠩ ᠸᠧᠨᠧᠽᠦ᠋ᠧᠯᠠ ᠵᠢᠨ ᠶᠡᠷᠦᠩᠬᠡᠶ᠋ᠢᠯᠡᠭᠴᠢ ᠮᠠᠳᠦ᠋ᠯᠦ᠋ᠸᠧ᠎ᠲᠠᠢ ᠬᠡᠯᠡᠯᠴᠡᠭᠡ ᠬᠢᠪᠡ
ᠥᠪᠥᠷ ᠮᠣᠩᠭᠣᠯ᠎ᠤᠨ ᠭᠠᠨᠰᠦ ᠬᠣᠶᠠᠷ ᠮᠤᠵᠢ ᠣᠷᠣᠨ ᠵᠥᠪᠯᠡᠯᠴᠡᠭᠡᠷ ᠲᠣᠭᠲᠠᠵᠤ ᠬᠢᠯᠢ ᠳᠠᠭ᠋ᠠᠤ ᠣᠷᠣᠨ ᠪᠦᠰᠡ ᠵᠢᠨ ᠠᠮᠢ ᠠᠬᠤᠶ ᠵᠢᠨ ᠠᠮᠤᠷ ᠲᠦᠪᠰᠢᠨ᠎ᠢ ᠬᠠᠮᠲᠤᠪᠠᠷ ᠬᠠᠮᠠᠭ᠋ᠠᠯᠠᠪᠠ
 
             蒙ICP备05000248号