7 ᠰᠠᠷ᠎ᠠ ᠵᠢᠨ 3ᠤ ᠦᠳᠡ ᠵᠢᠨ ᠡᠮᠦᠨ᠎ᠡ᠂ ᠳᠤᠮᠳᠠᠳᠤ ᠤᠯᠤᠰᠤᠨ ᠡᠪ ᠬᠠᠮᠲᠤ ᠨᠠᠮᠤᠨ ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠠᠷᠪᠠᠨ ᠨᠢᠭᠡᠳᠦᠭᠡᠷ ᠬᠤᠭᠤᠴᠠᠭ᠋ᠠᠨᠤ ᠬᠤᠷᠢᠶ᠎ᠠ ᠵᠢᠨ ᠵᠢᠷᠭᠤᠳᠤᠭ᠋ᠠᠷ ᠪᠦᠭᠦᠳᠡ ᠬᠤᠷᠠᠯ ᠭᠦᠭᠡᠬᠤᠲᠠᠳᠤ ᠬᠤᠷᠠᠯᠳᠤᠪᠠ᠂ ᠬᠤᠷᠠᠯᠤᠨ ᠬᠤᠭᠤᠴᠠᠭᠠᠨᠢ 2 ᠡᠳᠦᠷ ᠬᠠᠭ᠋ᠠᠰ ᠪᠣᠯᠣᠨ᠎ᠠ᠃
ᠡᠨᠡ ᠤᠳᠠᠭ᠎ᠠ ᠵᠢᠨ ᠪᠦᠭᠦᠳᠡ ᠬᠤᠷᠠᠯᠤᠨ ᠭᠤᠣᠯ ᠡᠭᠦᠷᠭᠡ ᠪᠣᠯ᠄ ᠰᠢ ᠵᠢᠨ ᠫᠢᠩᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰᠤᠨ ᠣᠨᠴᠠᠯᠢᠭᠲᠠᠢ ᠨᠡᠶ᠋ᠢᠭᠡᠮ ᠵᠢᠷᠤᠮᠤᠨ ᠦᠵᠡᠯ ᠰᠠᠨᠠᠭᠠᠪᠠᠷ ᠵᠢᠯᠣᠭᠤᠳᠤᠯᠭ᠎ᠠ ᠪᠤᠯᠭ᠋ᠠᠵᠤ᠂ ᠨᠠᠮᠤᠨ ᠬᠤᠷᠢᠳᠤᠭ᠋ᠠᠷ ᠶᠡᠭᠡ ᠬᠤᠷᠠᠯᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩᠤᠨ ᠥᠪᠥᠷ ᠮᠣᠩᠭᠤᠯᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠪᠣᠯᠣᠨ ᠴᠢᠬᠤᠯᠠ ᠶᠠᠷᠢᠶᠠᠨᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠠᠵᠢᠯᠢ ᠪᠦᠭᠦ ᠲᠠᠯᠠᠪᠠᠷ ᠲᠣᠬᠢᠷᠠᠭᠤᠯᠤᠨ ᠪᠠᠶ᠋ᠢᠷᠢᠯᠠᠭᠤᠯᠵᠤ᠂ ᠣᠷᠣᠨ ᠳᠠᠶᠠᠭ᠋ᠠᠷᠢ ᠳᠠᠶ᠋ᠢᠴᠢᠯᠠᠨ ᠶᠡᠷᠦᠩᠬᠡᠢ ᠱᠦᠵᠢ ᠰᠢ ᠵᠢᠨ ᠫᠢᠩᠤᠨ ᠵᠢᠭ᠋ᠠᠭᠰᠠᠨ ᠴᠢᠭᠯᠡᠯ ᠶᠣᠰᠣᠭ᠋ᠠᠷ᠂ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠪᠠᠨ ᠲᠥᠪᠯᠡᠷᠡᠭᠦᠯᠵᠦ ᠪᠠᠶ᠋ᠢᠭ᠋ᠠᠳ ᠬᠤᠶᠠᠷ ᠶᠡᠭᠡ ᠶᠠᠪᠤᠳᠠᠯᠢ ᠰᠠᠶ᠋ᠢᠲᠤᠷ ᠬᠢᠵᠦ᠂ ᠳᠤᠮᠳᠠᠳᠤ ᠤᠯᠤᠰᠤᠨ ᠮᠠᠶᠢᠭᠤᠨ ᠣᠳᠣᠬᠢᠴᠢᠯᠠᠯᠲᠠ ᠵᠢᠨ ᠥᠪᠥᠷ ᠮᠣᠩᠭᠤᠯᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠨ᠎ᠡ᠃
ᠲᠣᠰ ᠤᠳᠠᠭ᠎ᠠ ᠵᠢᠨ ᠪᠦᠭᠦᠳᠡ ᠬᠤᠷᠠᠯᠤᠨ ᠭᠤᠣᠯ ᠵᠥᠪᠯᠡᠬᠦ ᠰᠡᠳᠦᠪ ᠪᠣᠯ᠄ ᠥᠪᠡᠷᠲᠡᠭᠡᠨ ᠵᠠᠰᠠᠬᠤ ᠣᠷᠣᠨᠤ ᠨᠠᠮᠤᠨ ᠬᠤᠷᠢᠶ᠎ᠠ ᠵᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨᠤ ᠨᠠᠮᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢᠨ ᠡᠮᠦᠨᠡᠠᠴᠠ ᠪᠦᠭᠦᠳᠡ ᠬᠤᠷᠠᠯᠳᠤ ᠳᠡᠭᠡᠷ᠎ᠡ ᠬᠠᠭ᠋ᠠᠰ ᠵᠢᠯᠤᠨ ᠠᠵᠢᠯᠤᠨ ᠮᠡᠳᠡᠭᠦᠯᠦᠯᠲᠡ ᠬᠢᠭᠰᠡᠨ ᠪᠥᠭᠡᠳ ᠶᠠᠷᠢᠶ᠎ᠠ ᠲᠠᠯᠪᠢᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨᠢ ᠪᠦᠭᠦ ᠲᠠᠯᠠᠪᠠᠷ ᠪᠦᠲᠦᠭᠡᠨ ᠪᠠᠶ᠋ᠢᠭᠤᠯᠬᠤ ᠲᠤᠬᠠᠢ ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠨᠠᠮᠤᠨ ᠬᠤᠷᠢᠶ᠎ᠠ ᠵᠢᠨ ᠲᠣᠭᠲᠠᠭ᠋ᠠᠯ》ᠢ ᠬᠢᠨᠠᠨ ᠵᠥᠪᠯᠡᠵᠦ᠂ ᠡᠯ᠎ᠡ ᠠᠶ᠋ᠢᠮᠠᠭ ᠬᠤᠲᠠ ᠵᠢᠨ ᠨᠠᠮᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨᠤ ᠬᠤᠯᠪᠣᠭᠳᠠᠯ ᠪᠦᠬᠦᠢ ᠲᠠᠯ᠎ᠠ ᠵᠢᠨ ᠠᠵᠢᠯᠤᠨ ᠬᠠᠷᠢᠭᠤ ᠮᠡᠳᠡᠭᠦᠯᠦᠯᠲᠡ ᠵᠢ ᠰᠣᠨᠣᠰᠤᠨ᠎ᠠ᠃