ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ᠎ᠬᠢᠨ 2023 ᠣᠨ᠎ᠤ ᠤᠯᠤᠰ᠎ᠤᠨ ᠲᠣᠪᠴᠢᠶ᠎ᠠ ᠵᠢᠨ ᠨᠠᠶ᠋ᠢᠳᠠᠭᠰᠠᠨ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠲᠤᠰᠬᠠᠢ ᠬᠢᠨᠠᠯᠲᠠ ᠪᠠᠶ᠋ᠢᠴᠠᠭ᠋ᠠᠯᠲᠠ ᠵᠢ ᠤᠷᠤᠭᠰᠢᠲᠠᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2023-08-31

      ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠬᠦ ᠠᠵᠢᠯ᠎ᠤᠨ ᠶᠠᠪᠤᠴᠠ᠎ᠳᠠᠬᠢ ᠪᠠ ᠠᠵᠢᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠤᠰᠠᠳᠠ᠃ ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠵᠤᠷᠭ᠋ᠠᠨ᠂ ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠥᠪᠥᠷ ᠮᠣᠩᠭᠤᠯ᠎ᠳᠤ ᠰᠠᠭᠤᠭ᠎ᠠ ᠲᠤᠰᠬᠠᠢ ᠲᠤᠰᠢᠶᠠᠯᠲᠠᠨ᠎ᠤ ᠠᠯᠪᠠᠨ ᠭᠡᠷ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠥᠪᠥᠷ ᠮᠣᠩᠭᠤᠯ᠎ᠳᠤ ᠰᠠᠭᠤᠭ᠎ᠠ ᠲᠤᠰᠬᠠᠢ ᠲᠤᠰᠢᠶᠠᠯᠲᠠᠨ᠎ᠤ ᠠᠯᠪᠠᠨ ᠭᠡᠷ᠎ᠲᠠᠢ ᠬᠤᠯᠪᠣᠭ᠋ᠠᠯᠠᠨ᠂ ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠨᠠᠶ᠋ᠢᠳᠠᠵᠤ ᠬᠡᠷᠡᠭᠵᠢᠭᠦᠯᠦᠭᠦᠯᠦᠭᠰᠡᠨ 《ᠠᠭᠤᠷᠬᠠᠢ ᠵᠢᠨ ᠪᠤᠯᠠᠭᠳᠠᠴᠠ ᠵᠢ ᠨᠡᠭᠡᠭᠡᠨ ᠮᠠᠯᠲᠠᠬᠤ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠳᠤ 70 ᠾᠧᠺᠲ᠋ᠠᠷ᠎ᠠᠴᠠ ᠳᠡᠭᠡᠭᠰᠢᠬᠢ ᠨᠤᠲᠤᠭ ᠪᠡᠯᠴᠢᠭᠡᠷ᠎ᠢ ᠲᠠᠲᠠᠪᠤᠷᠢᠯᠠᠨ ᠬᠤᠷᠢᠶᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠵᠢ ᠬᠢᠨᠠᠨ ᠬᠠᠷᠭᠤᠭᠤᠯᠬᠤ》 ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠲᠤ 《ᠬᠤᠶᠠᠷ᠎ᠢ ᠲᠠᠰᠢᠷᠠᠮ᠎ᠳᠤ᠎ᠨᠢ ᠰᠤᠭᠤᠴᠢᠵᠤ᠂ ᠨᠢᠭᠡ ᠵᠢ ᠢᠯᠡ ᠪᠣᠯᠭ᠋ᠠᠬᠤ》 ᠪᠠᠶ᠋ᠢᠴᠠᠭ᠋ᠠᠯᠲᠠ ᠥᠷᠨᠢᠭᠦᠯᠪᠡ᠃

      ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠷᠢᠯᠳᠦᠭᠦᠨ᠎ᠨᠢ ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠥᠪᠥᠷ ᠮᠣᠩᠭᠤᠯ᠎ᠳᠤ ᠰᠠᠭᠤᠭ᠎ᠠ ᠲᠤᠰᠬᠠᠢ ᠲᠤᠰᠢᠶᠠᠯᠲᠠᠨ᠎ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠦᠪᠵᠢᠭᠦᠯᠭᠡ ᠵᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠬᠤᠶᠠᠳᠤᠭ᠋ᠠᠷ ᠣᠶ ᠰᠢᠭᠤᠢ ᠪᠠ ᠨᠤᠲᠤᠭ ᠪᠡᠯᠴᠢᠭᠡᠷ᠎ᠢ ᠬᠢᠨᠠᠨ ᠬᠡᠮᠵᠢᠬᠦ ᠲᠥᠯᠦᠪᠵᠢᠭᠦᠯᠭᠡ ᠵᠢᠨ ᠬᠦᠷᠢᠶᠡᠯᠡᠩ ᠵᠡᠷᠭᠡ ᠨᠢᠭᠡᠴᠢ ᠵᠢᠨ ᠤᠳᠤᠷᠢᠳᠤᠯᠭ᠎ᠠ ᠪᠠ ᠲᠤᠰᠬᠠᠢ ᠮᠡᠷᠭᠡᠵᠢᠯᠲᠡᠨ ᠵᠶ᠋ᠠᠷ ᠪᠦᠷᠢᠯᠳᠦᠵᠡᠢ᠃ ᠪᠠᠶ᠋ᠢᠴᠠᠭ᠋ᠠᠬᠤ ᠳᠤᠭᠤᠶ᠋ᠢᠯᠠᠩ᠎ᠨᠢ 《ᠪᠦᠬᠦᠨ᠎ᠢ ᠬᠠᠮᠤᠷᠬᠤ》 ᠵᠠᠷᠴᠢᠮ ᠶᠣᠰᠣᠭ᠋ᠠᠷ ᠳᠣᠲᠣᠭ᠋ᠠᠳᠤ ᠠᠵᠢᠯ᠎ᠤᠨ ᠬᠠᠷᠭᠤᠭᠤᠯᠤᠨ ᠪᠠᠶ᠋ᠢᠴᠠᠭ᠋ᠠᠯᠲᠠ ᠵᠢ ᠥᠷᠨᠢᠭᠦᠯᠵᠦ᠂ ᠬᠤᠯᠪᠣᠭᠳᠠᠯ ᠪᠦᠬᠦᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠲᠤᠬᠠᠢ ᠵᠢᠨ ᠲᠠᠯᠠᠪᠤᠷ᠎ᠤᠨ ᠪᠠᠶ᠋ᠢᠴᠠᠭ᠋ᠠᠨ ᠰᠢᠯᠭ᠋ᠠᠭᠰᠠᠨ ᠮᠠᠲ᠋ᠧᠷᠢᠶᠠᠯ ᠪᠠ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ᠎ᠤᠨ ᠪᠢᠴᠢᠭ ᠵᠡᠷᠭᠡ ᠮᠠᠲ᠋ᠧᠷᠢᠶᠠᠯ᠎ᠢ ᠬᠢᠨᠠᠮᠠᠭ᠋ᠠᠢ ᠪᠠᠶ᠋ᠢᠴᠠᠭ᠋ᠠᠨ ᠦᠵᠡᠵᠦ᠂ ᠬᠢᠨᠠᠨ ᠬᠠᠮᠢᠶᠠᠷᠬᠤ ᠡᠲᠡᠭᠡᠳ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠪᠥᠬᠦ ᠲᠠᠯ᠎ᠠ᠎ᠪᠠᠷ ᠣᠶ᠋ᠢᠯᠠᠭ᠋ᠠᠨ ᠡᠵᠡᠮᠰᠢᠪᠡ᠃ 《ᠭᠤᠣᠯᠳᠠᠯᠭ᠎ᠠ᠎ᠲᠠᠢ ᠪᠠᠶ᠋ᠢᠴᠠᠭ᠋ᠠᠬᠤ ᠪᠠ ᠲᠠᠰᠢᠷᠠᠮ ᠳᠠᠭ᠋ᠠᠤ ᠰᠤᠭᠤᠴᠢᠨ ᠪᠠᠶ᠋ᠢᠴᠠᠭ᠋ᠠᠬᠤ ᠵᠢ ᠬᠠᠷᠢᠯᠴᠠᠨ ᠤᠶᠠᠯᠳᠤᠭᠤᠯᠬᠤ》 ᠠᠷᠭ᠎ᠠ ᠮᠠᠶᠢᠭ ᠵᠶ᠋ᠠᠷ ᠲᠤᠬᠠᠢ ᠵᠢᠨ ᠲᠠᠯᠠᠪᠤᠷ᠎ᠲᠤ᠎ᠨᠢ ᠣᠴᠢᠨ ᠪᠠᠶ᠋ᠢᠴᠠᠭ᠋ᠠᠵᠤ᠂ ᠠᠭᠤᠷᠬᠠᠢ ᠵᠢᠨ ᠪᠤᠯᠠᠭᠳᠠᠴᠠ ᠵᠢ ᠨᠡᠭᠡᠭᠡᠨ ᠮᠠᠯᠲᠠᠬᠤ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠳᠤ ᠲᠣᠭᠲᠠᠭ᠋ᠠᠭᠰᠠᠨ ᠬᠡᠷᠡᠭᠴᠡᠭᠡ ᠶᠣᠰᠣᠭ᠋ᠠᠷ ᠨᠤᠲᠤᠭ ᠪᠡᠯᠴᠢᠭᠡᠷ᠎ᠢ ᠬᠡᠷᠡᠭᠯᠡᠭᠰᠡᠨ ᠡᠰᠡᠬᠦ ᠵᠢ ᠭᠤᠣᠯᠳᠠᠯᠭ᠎ᠠ᠎ᠲᠠᠢ ᠪᠠᠶ᠋ᠢᠴᠠᠭ᠋ᠠᠵᠠᠢ᠃ ᠭᠤᠣᠯ ᠴᠣᠭᠴᠠ ᠵᠢᠨ ᠪᠠᠷᠢᠯᠭ᠎ᠠ᠎ᠤᠨ ᠠᠵᠢᠯ ᠪᠣᠯᠣᠨ ᠨᠤᠲᠤᠭ ᠪᠡᠯᠴᠢᠭᠡᠷ᠎ᠢ ᠲᠥᠷ ᠴᠠᠭ ᠡᠵᠡᠯᠡᠨ ᠬᠡᠷᠡᠭᠯᠡᠭᠰᠡᠨ ᠬᠠᠮᠢᠶ᠎ᠠ ᠪᠦᠬᠦᠢ ᠳᠠᠭ᠋ᠠᠯᠳᠤᠬᠤ ᠪᠡᠯᠡᠳᠬᠡᠮᠵᠢ ᠪᠤᠶᠤ ᠲᠤᠰᠠᠯᠠᠬᠤ ᠪᠠᠷᠢᠯᠭ᠎ᠠ᠎ᠤᠨ ᠠᠵᠢᠯ᠎ᠳᠤ ᠵᠢᠯᠣᠭᠤᠴᠢ ᠦᠭᠡᠢ ᠨᠢᠰᠬᠡᠯ ᠵᠶ᠋ᠠᠷ ᠬᠡᠮᠵᠢᠯᠲᠡ ᠬᠢᠵᠦ᠂ ᠨᠤᠲᠤᠭ ᠪᠡᠯᠴᠢᠭᠡᠷ᠎ᠢ ᠬᠡᠪᠴᠢᠶ᠎ᠡ ᠪᠣᠯᠣᠨ ᠬᠤᠭᠤᠴᠠᠭ᠎ᠠ᠎ᠠᠴᠠ᠎ᠨᠢ ᠬᠡᠲᠦᠷᠡᠭᠦᠯᠦᠨ ᠬᠡᠷᠡᠭᠯᠡᠭᠰᠡᠨ ᠪᠠᠶ᠋ᠢᠳᠠᠯ ᠣᠷᠣᠰᠢᠵᠤ ᠪᠠᠶ᠋ᠢᠬᠤ ᠡᠰᠡᠬᠦ ᠵᠢ ᠪᠠᠶ᠋ᠢᠴᠠᠭ᠋ᠠᠪᠠ᠃ ᠬᠡᠰᠡᠭ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠣᠷᠣᠨ ᠪᠦᠰᠡ ᠵᠢᠨ ᠪᠠᠶ᠋ᠢᠷᠢᠰᠢᠯ᠎ᠢ ᠰᠣᠩᠭᠤᠨ ᠠᠪᠴᠤ᠂ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭᠯᠡᠭᠰᠡᠨ ᠭᠠᠵᠠᠷ᠂ ᠬᠡᠪᠴᠢᠶ᠎ᠡ ᠪᠠ ᠲᠠᠯᠠᠪᠠᠶ ᠵᠡᠷᠭᠡ ᠵᠢ ᠬᠠᠷᠭᠤᠭᠤᠯᠵᠤ᠂ ᠵᠥᠪᠰᠢᠶᠡᠷᠡᠭᠳᠡᠭᠴᠢ᠎ᠳᠤ ᠬᠠᠤᠯᠢ ᠲᠣᠭᠲᠠᠭ᠋ᠠᠯ᠎ᠠᠴᠠ ᠵᠥᠷᠢᠴᠡᠨ ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭᠯᠡᠭᠰᠡᠨ ᠠᠰᠠᠭᠤᠳᠠᠯ ᠣᠷᠣᠰᠢᠵᠤ ᠪᠠᠶ᠋ᠢᠬᠤ ᠡᠰᠡᠬᠦ ᠵᠢ ᠰᠤᠳᠤᠯᠤᠨ ᠮᠠᠭ᠋ᠠᠳᠯᠠᠵᠠᠢ᠃ ᠲᠤᠬᠠᠢ ᠵᠢᠨ ᠲᠠᠯᠠᠪᠠᠶ᠎ᠳᠤ ᠪᠠᠶ᠋ᠢᠴᠠᠭ᠋ᠠᠯᠲᠠ ᠬᠢᠭᠰᠡᠨ᠎ᠤ ᠳᠠᠷᠠᠭ᠎ᠠ᠂ ᠪᠠᠶ᠋ᠢᠴᠠᠭ᠋ᠠᠬᠤ ᠳᠤᠭᠤᠶ᠋ᠢᠯᠠᠩ᠎ᠨᠢ ᠵᠥᠪᠰᠢᠶᠡᠷᠡᠭᠳᠡᠭᠴᠢ ᠵᠢᠴᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠠᠶ᠋ᠢᠭ᠎ᠠ ᠭᠠᠵᠠᠷ᠎ᠤᠨ ᠬᠤᠰᠢᠭᠤ ᠰᠢᠶᠠᠨ᠎ᠤ ᠵᠠᠰᠠᠭ᠎ᠤᠨ ᠣᠷᠳᠣᠨ ᠪᠣᠯᠣᠨ ᠣᠶ ᠰᠢᠭᠤᠢ ᠪᠠ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠯᠦᠭᠡ ᠶᠠᠷᠢᠯᠴᠠᠬᠤ ᠬᠤᠷᠠᠯ ᠬᠢᠵᠦ᠂ ᠪᠠᠶ᠋ᠢᠴᠠᠭ᠋ᠠᠭᠰᠠᠨ ᠰᠠᠨᠠᠯ ᠵᠶ᠋ᠠᠨ ᠬᠠᠷᠢᠭᠤ ᠲᠤᠰᠬᠠᠵᠤ᠂ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠳᠤᠷᠠᠳᠴᠤ᠂ ᠴᠡᠭᠴᠡᠯᠡᠨ ᠰᠠᠶ᠋ᠢᠵᠢᠷᠠᠭᠤᠯᠬᠤ ᠬᠤᠭᠤᠴᠠᠭ᠎ᠠ ᠵᠢ ᠲᠣᠳᠣᠷᠬᠠᠶ᠋ᠢᠯᠠᠪᠠ᠃ ᠲᠣᠰ ᠤᠳᠠᠭ᠋ᠠᠨ᠎ᠤ ᠪᠠᠶ᠋ᠢᠴᠠᠭ᠋ᠠᠯᠲᠠ᠎ᠳᠤ ᠣᠷᠳᠣᠰ ᠬᠤᠲᠠ᠂ ᠪᠠᠶᠠᠨᠨᠠᠭᠤᠷ ᠬᠤᠲᠠ᠂ ᠲᠦᠩᠯᠢᠶᠣᠣ ᠬᠤᠲᠠ᠂ ᠬᠥᠯᠥᠨ ᠪᠤᠶ᠋ᠢᠷ ᠬᠤᠲᠠ᠂ ᠰᠢᠯᠢ ᠵᠢᠨ ᠭᠤᠣᠯ ᠠᠶ᠋ᠢᠮᠠᠭ᠂ ᠬᠢᠩᠭ᠋ᠠᠨ ᠠᠶ᠋ᠢᠮᠠᠭ ᠵᠡᠷᠭᠡ 6 ᠠᠶ᠋ᠢᠮᠠᠭ ᠬᠤᠲᠠ ᠵᠢᠨ 11 ᠲᠥᠷᠥᠯ ᠵᠦᠢ᠍ᠯ᠎ᠢ ᠰᠤᠭᠤᠴᠢᠨ ᠪᠠᠶ᠋ᠢᠴᠠᠭ᠋ᠠᠵᠤ᠂ ᠬᠤᠯᠪᠣᠭᠳᠠᠭᠰᠠᠨ ᠨᠤᠲᠤᠭ ᠪᠡᠯᠴᠢᠭᠡᠷ᠎ᠤᠨ ᠲᠠᠯᠠᠪᠠᠶ 2612 ᠾᠧᠺᠲ᠋ᠠᠷ᠎ᠲᠤ ᠬᠦᠷᠴᠡᠢ᠃ ᠪᠠᠶ᠋ᠢᠴᠠᠭ᠋ᠠᠵᠤ ᠳᠠᠭᠤᠰᠤᠭᠰᠠᠨ᠎ᠤ ᠳᠠᠷᠠᠭ᠎ᠠ᠂ ᠪᠠᠶ᠋ᠢᠴᠠᠭ᠋ᠠᠯᠲᠠ ᠵᠢᠨ ᠮᠡᠳᠡᠭᠦᠯᠦᠯᠲᠡ ᠭᠠᠷᠭ᠋ᠠᠵᠤ ᠴᠠᠭ ᠲᠤᠬᠠᠢ᠎ᠳᠤ᠎ᠨᠢ ᠬᠠᠮᠢᠶ᠎ᠠ ᠪᠦᠬᠦᠢ ᠠᠶ᠋ᠢᠮᠠᠭ ᠬᠤᠲᠠ ᠬᠤᠰᠢᠭᠤ ᠰᠢᠶᠠᠨ᠎ᠳᠤ ᠬᠠᠷᠢᠭᠤ ᠲᠤᠰᠬᠠᠬᠤ ᠪᠣᠯᠣᠨ᠎ᠠ᠃

      ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠤᠰ ᠤᠳᠠᠭ᠋ᠠᠨ᠎ᠤ ᠪᠠᠶ᠋ᠢᠴᠠᠭ᠋ᠠᠯᠲᠠ᠎ᠪᠠᠷ ᠲᠣᠬᠢᠶᠠᠯ ᠪᠣᠯᠭ᠋ᠠᠵᠤ᠂ ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭᠯᠡᠬᠦ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠬᠦ ᠠᠵᠢᠯ᠎ᠳᠤ 《ᠰᠤᠳᠠᠯ ᠪᠠᠷᠢᠵᠤ ᠣᠨᠣᠰᠢᠯᠠᠨ》 ᠰᠠᠶ᠋ᠢᠨ ᠵᠣᠷ ᠭᠠᠷᠭ᠋ᠠᠵᠤ᠂ ᠲᠤᠬᠠᠢ ᠵᠢᠨ ᠲᠠᠯᠠᠪᠠᠶ ᠵᠢᠨ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ 《ᠪᠠᠶ᠋ᠢᠳᠠᠯ᠎ᠳᠤ᠎ᠨᠢ ᠲᠣᠬᠢᠷᠠᠭᠤᠯᠤᠨ》 ᠣᠨᠣᠪᠴᠢᠲᠠᠶ ᠵᠢᠯᠤᠭᠤᠳᠴᠤ᠂ ᠨᠤᠲᠤᠭ ᠪᠡᠯᠴᠢᠭᠡᠷ᠎ᠢ ᠡᠪᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠴᠠᠭ ᠲᠤᠬᠠᠢ᠎ᠳᠤ᠎ᠨᠢ ᠪᠠᠶ᠋ᠢᠴᠠᠭ᠋ᠠᠨ ᠰᠢᠢ᠍ᠳᠪᠦᠷᠢᠯᠡᠵᠦ ᠴᠡᠭᠴᠡᠯᠡᠨ ᠵᠠᠰᠠᠬᠤ ᠵᠢᠨ ᠬᠠᠮᠲᠤ᠂ ᠪᠥᠬᠦ ᠣᠷᠣᠨ᠎ᠤ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ ᠵᠢᠨ ᠠᠵᠢᠯᠲᠠᠳ᠎ᠲᠤ 《ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠵᠤ ᠬᠠᠷᠢᠯᠴᠠᠨ ᠠᠬᠢᠭᠤᠯᠬᠤ》 ᠲᠠᠪᠴᠠᠩ ᠪᠠᠶ᠋ᠢᠭᠤᠯᠤᠨ ᠥᠭᠴᠦ᠂ ᠲᠤᠬᠠᠢ ᠵᠢᠨ ᠭᠠᠵᠠᠷ᠎ᠲᠤ᠎ᠨᠢ ᠬᠢᠨᠠᠨ ᠬᠠᠮᠢᠶᠠᠷᠬᠤ᠎ᠪᠠᠷ ᠳᠠᠮᠵᠢᠭᠤᠯᠤᠨ ᠵᠥᠷᠢᠶ᠎ᠡ᠎ᠪᠠᠨ ᠡᠷᠢᠵᠦ᠂ ᠣᠯᠠᠨ ᠲᠠᠯ᠎ᠠ ᠵᠢᠨ ᠰᠣᠯᠢᠯᠴᠠᠭ᠎ᠠ᠎ᠪᠠᠷ ᠳᠠᠪᠰᠢᠯᠲᠠ ᠵᠢ ᠠᠬᠢᠭᠤᠯᠤᠨ᠂ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠬᠢᠷᠢ ᠲᠦᠪᠰᠢᠨ᠎ᠢ ᠪᠦᠬᠦᠯᠢ ᠴᠣᠭᠴᠠ᠎ᠪᠠᠷ᠎ᠨᠢ ᠳᠡᠭᠡᠭᠰᠢᠯᠡᠬᠦᠯᠬᠦ ᠵᠢ ᠪᠦᠲᠦᠮᠵᠢᠲᠡᠶ ᠠᠬᠢᠭᠤᠯᠤᠨ᠎ᠠ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠠᠶ᠋ᠢᠰᠢᠶᠠᠯ᠄ ᠣᠷᠳᠣᠰ᠎ᠤᠨ ᠬᠥᠪᠴᠢ ᠵᠢᠨ ᠡᠯᠡᠰᠦ ᠵᠢ ᠵᠠᠰᠠᠭᠰᠠᠨ ᠶᠠᠪᠤᠳᠠᠯ ᠪᠣᠯ ᠳᠡᠯᠡᠬᠡᠢ ᠵᠢᠨ ᠠᠩᠬᠠᠳᠠᠭᠴᠢ ᠨᠡᠶ᠋ᠢᠲᠡᠯᠢᠭ ᠵᠢᠱ᠌ᠢᠶ᠎ᠡ ᠮᠥᠨ
ᠰᠢ ᠵᠢᠨ ᠫᠢᠩ ᠸᠧᠨᠧᠽᠦ᠋ᠧᠯᠠ ᠵᠢᠨ ᠶᠡᠷᠦᠩᠬᠡᠶ᠋ᠢᠯᠡᠭᠴᠢ ᠮᠠᠳᠦ᠋ᠯᠦ᠋ᠸᠧ᠎ᠲᠠᠢ ᠬᠡᠯᠡᠯᠴᠡᠭᠡ ᠬᠢᠪᠡ
ᠥᠪᠥᠷ ᠮᠣᠩᠭᠣᠯ᠎ᠤᠨ ᠭᠠᠨᠰᠦ ᠬᠣᠶᠠᠷ ᠮᠤᠵᠢ ᠣᠷᠣᠨ ᠵᠥᠪᠯᠡᠯᠴᠡᠭᠡᠷ ᠲᠣᠭᠲᠠᠵᠤ ᠬᠢᠯᠢ ᠳᠠᠭ᠋ᠠᠤ ᠣᠷᠣᠨ ᠪᠦᠰᠡ ᠵᠢᠨ ᠠᠮᠢ ᠠᠬᠤᠶ ᠵᠢᠨ ᠠᠮᠤᠷ ᠲᠦᠪᠰᠢᠨ᠎ᠢ ᠬᠠᠮᠲᠤᠪᠠᠷ ᠬᠠᠮᠠᠭ᠋ᠠᠯᠠᠪᠠ
ᠰᠢ ᠵᠢᠨ ᠫᠢᠩ ᠵᠧᠵᠢᠶᠠᠩ᠎ᠤᠨ ᠱᠣᠤᠰᠢᠩ ᠬᠤᠳᠠ᠎ᠳᠤ ᠰᠢᠨᠵᠢᠯᠡᠨ ᠪᠠᠶ᠋ᠢᠴᠠᠭ᠋ᠠᠪᠠ
ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠭᠰᠠᠨ ᠰᠢᠨ᠎ᠡ ᠭᠠᠶ᠋ᠢᠬᠠᠮᠰᠢᠭ᠎ᠢ ᠡᠭᠦᠳᠦᠨᠡᠮ
 
             蒙ICP备05000248号