9 ᠰᠠᠷ᠎ᠠ ᠵᠢᠨ 6᠎ᠤ ᠡᠳᠦᠷ᠂ ᠥᠪᠥᠷ ᠮᠣᠩᠭᠣᠯ ᠭᠠᠨᠰᠦ ᠬᠣᠶᠠᠷ ᠮᠤᠵᠢ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠥᠬᠡᠬᠣᠲᠠ᠎ᠳᠤ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠪᠠ 《ᠭᠤᠷᠪᠠᠨ ᠤᠮᠠᠷᠠᠲᠤ》 ᠵᠡᠷᠭᠡ ᠭᠣᠤᠯᠳᠠᠯᠭ᠎ᠠ᠎ᠲᠠᠢ ᠠᠮᠢ ᠠᠬᠤᠶ ᠵᠢᠨ ᠵᠠᠰᠠᠯᠲᠠ ᠵᠢᠨ ᠢᠨᠵᠧᠨᠧᠷᠢᠩ᠎ᠤᠨ ᠬᠠᠮᠲᠤᠷᠠᠨ ᠰᠡᠷᠭᠡᠢ᠌ᠯᠡᠨ ᠵᠠᠰᠠᠬᠤ ᠬᠠᠮᠲᠤᠷᠠᠯᠴᠠᠭ᠋ᠠᠨ᠎ᠤ ᠲᠦᠰᠦᠪ᠎ᠤᠨ ᠵᠥᠪᠯᠡᠯᠴᠡᠭᠡᠷ᠎ᠲᠤ ᠭᠠᠷᠤᠨ ᠥᠰᠥᠭ ᠵᠢᠷᠤᠪᠠ᠃ ᠥᠪᠥᠷ ᠮᠣᠩᠭᠣᠯ ᠭᠠᠨᠰᠦ ᠬᠣᠶᠠᠷ ᠮᠤᠵᠢ ᠣᠷᠣᠨ᠎ᠤ ᠬᠢᠯᠢ ᠳᠠᠭ᠋ᠠᠤ ᠣᠷᠣᠨ ᠪᠦᠰᠡ ᠵᠢᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠪᠠ 《ᠭᠤᠷᠪᠠᠨ ᠤᠮᠠᠷᠠᠲᠤ》 ᠵᠡᠷᠭᠡ ᠭᠣᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠳᠥᠯᠭᠢᠨ ᠠᠬᠢᠭᠤᠯᠵᠤ᠂ ᠡᠾᠸᠰᠢ ᠵᠢᠨ ᠬᠤᠡᠭᠬᠢᠯ — ᠲᠠᠺᠯᠢᠮᠠᠺᠠᠨ ᠡᠯᠡᠰᠦᠨ ᠴᠥᠯ᠎ᠤᠨ ᠵᠠᠬ᠎ᠠ ᠵᠢᠨ ᠤᠷᠤᠨ ᠪᠦᠰᠡ ᠵᠢ ᠰᠡᠷᠭᠡᠢ᠌ᠯᠡᠨ ᠵᠠᠰᠠᠬᠤ ᠠᠵᠢᠯᠯᠠᠭ᠋ᠠᠨ ᠪᠠ ᠬᠠᠲᠤᠨ ᠭᠣᠤᠯ᠎ᠤᠨ 《几 ᠦᠰᠦᠭ》 ᠤᠨ ᠤᠷᠤᠨ ᠪᠦᠰᠡ ᠵᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠬᠠᠮᠲᠤᠳᠤᠨᠢ ᠰᠠᠶ᠋ᠢᠲᠤᠷ ᠬᠢᠨ᠎ᠡ᠃ 2025 ᠣᠨ ᠪᠣᠯᠬᠤ᠎ᠳᠤ᠂ ᠥᠪᠥᠷ ᠮᠣᠩᠭᠣᠯ ᠭᠠᠨᠰᠦ ᠵᠢᠨ ᠬᠢᠯᠢ ᠳᠠᠭ᠋ᠠᠦ ᠣᠷᠣᠨ ᠪᠦᠰᠡ ᠵᠢᠨ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠪᠠ 《ᠭᠤᠷᠪᠠᠨ ᠤᠮᠠᠷᠠᠲᠤ》 ᠵᠡᠷᠭᠡ ᠭᠣᠤᠯᠳᠠᠯᠭ᠎ᠠ᠎ᠲᠠᠢ ᠠᠮᠢ ᠠᠬᠤᠶ ᠵᠢᠨ ᠵᠠᠰᠠᠯᠲᠠ ᠵᠢᠨ ᠣᠷᠣᠨ᠎ᠤ ᠭᠣᠤᠯ ᠪᠣᠯᠬᠤ ᠰᠠᠯᠬᠢᠨ᠎ᠤ ᠠᠮᠠ ᠪᠠ ᠡᠯᠡᠰᠦ ᠲᠣᠭᠣᠰᠣᠨ᠎ᠤ ᠡᠬᠢ ᠵᠢ ᠠᠩᠬ᠎ᠠ ᠠᠯᠬᠤᠮ ᠵᠠᠰᠠᠬᠤ᠎ᠪᠠᠷ ᠴᠢᠷᠮᠠᠶ᠋ᠢᠨ᠎ᠠ᠃ ᠡᠾᠸᠰᠢ ᠵᠢᠨ ᠬᠤᠡᠭᠬᠢᠯ - ᠲᠠᠺᠯᠢᠮᠠᠺᠠᠨ ᠡᠯᠡᠰᠦᠨ ᠴᠦᠯ᠎ᠤᠨ ᠵᠠᠬ᠎ᠠ ᠵᠢᠨ ᠤᠷᠤᠨ ᠪᠦᠰᠡ ᠵᠢ ᠰᠡᠷᠭᠡᠢ᠌ᠯᠡᠨ ᠵᠠᠰᠠᠬᠤ ᠪᠠᠶ᠋ᠢᠯᠳᠤᠭ᠋ᠠᠨ ᠪᠠ ᠬᠠᠳᠤᠨ ᠭᠣᠣᠯ᠎ᠤᠨ 《几 ᠦᠰᠦᠭ》 ᠤᠨ ᠤᠷᠤᠨ ᠪᠦᠰᠡ ᠵᠢᠨ ᠪᠡᠷᠬᠡ ᠠᠰᠠᠭᠤᠳᠠᠯ᠎ᠢ ᠰᠢᠢ᠍ᠳᠪᠦᠷᠢᠯᠡᠬᠦ ᠠᠵᠢᠯᠯᠠᠭ᠋ᠠᠨ ᠱᠠᠳᠤ ᠦᠶ᠎ᠡ ᠵᠢᠨ ᠴᠢᠨᠠᠷᠲᠠᠶ ᠦᠷ᠎ᠡ ᠪᠦᠲᠦᠮᠵᠢ ᠤᠯᠤᠨ᠎ᠠ᠃ 2030 ᠣᠨ ᠪᠣᠯᠬᠤ᠎ᠳᠤ᠂ ᠥᠪᠥᠷ ᠮᠣᠩᠭᠣᠯ ᠭᠠᠨᠰᠦ ᠵᠢᠨ ᠬᠢᠯᠢ ᠳᠠᠭ᠋ᠠᠤ ᠣᠷᠣᠨ ᠪᠦᠰᠡ ᠵᠢᠨ ᠡᠯᠡᠰᠦᠨ ᠴᠥᠯ᠎ᠢ ᠰᠡᠷᠭᠡᠢ᠌ᠯᠡᠨ ᠵᠠᠰᠠᠬᠤ ᠬᠢᠯᠢ ᠬᠢᠵᠠᠭ᠋ᠠᠷ᠎ᠤᠨ ᠰᠢᠰᠲ᠋ᠧᠮᠵᠢ ᠵᠢ ᠦᠨᠳᠦᠰᠦᠨ᠎ᠳᠡᠭᠡᠨ ᠪᠠᠶ᠋ᠢᠭᠤᠯᠤᠨ ᠳᠠᠭᠤᠰᠬᠠᠵᠤ᠂ ᠭᠣᠤᠯ ᠪᠣᠯᠬᠤ ᠰᠠᠯᠬᠢᠨ᠎ᠤ ᠠᠮᠠ ᠪᠠ ᠡᠯᠡᠰᠦ ᠲᠣᠭᠣᠰᠣᠨ᠎ᠤ ᠡᠬᠢ ᠵᠢ ᠪᠦᠲᠦᠮᠵᠢᠲᠡᠶ ᠵᠠᠰᠠᠵᠤ᠂ ᠠᠮᠢ ᠠᠬᠤᠶ ᠵᠢᠨ ᠰᠢᠰᠲ᠋ᠧᠮ᠎ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ᠎ᠢ ᠢᠯᠡᠳᠲᠡ ᠳᠡᠭᠡᠭᠰᠢᠯᠡᠭᠦᠯᠦᠨ᠎ᠡ᠃ ᠡᠾᠸᠰᠢ ᠵᠢᠨ ᠬᠤᠡᠭᠬᠢᠯ - ᠲᠠᠺᠯᠢᠮᠠᠺᠠᠨ ᠡᠯᠡᠰᠦᠨ ᠴᠦᠯ᠎ᠤᠨ ᠵᠠᠬ᠎ᠠ ᠵᠢ ᠰᠡᠷᠭᠡᠢ᠌ᠯᠡᠨ ᠵᠠᠰᠠᠬᠤ ᠪᠠ ᠬᠠᠳᠤᠨ ᠭᠣᠣᠯ᠎ᠤᠨ 《几 ᠦᠰᠦᠭ》 ᠤᠨ ᠤᠷᠤᠨ ᠪᠦᠰᠡ ᠵᠢᠨ ᠪᠡᠷᠬᠡ ᠠᠰᠠᠭᠤᠳᠠᠯ᠎ᠢ ᠰᠢᠢ᠍ᠳᠪᠦᠷᠢᠯᠡᠬᠦ ᠠᠵᠢᠯᠯᠠᠭ᠋ᠠᠨ ᠪᠡᠯᠭᠡ ᠲᠡᠮᠳᠡᠭ᠎ᠤᠨ ᠴᠢᠨᠠᠷᠲᠠᠶ ᠦᠷ᠎ᠡ ᠪᠦᠲᠦᠮᠵᠢ ᠤᠯᠤᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ᠊· ᠪᠠᠲᠤ᠂ ᠭᠠᠨᠰᠦ ᠮᠤᠵᠢ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠮᠤᠵᠢ ᠵᠢᠨ ᠳᠠᠷᠤᠭ᠎ᠠ ᠯᠸᠢ ᠰᠧ ᠸᠸᠢ ᠭᠠᠷᠤᠨ ᠥᠰᠥᠭ ᠵᠢᠷᠤᠬᠤ ᠶᠣᠰᠣᠯᠠᠯ᠎ᠳᠤ ᠣᠷᠣᠯᠴᠠᠪᠠ᠃

ᠬᠡᠯᠡᠯᠴᠡᠭᠡᠷ᠎ᠢ ᠦᠨᠳᠦᠰᠦᠯᠡᠪᠡᠯ᠂ ᠥᠪᠥᠷ ᠮᠣᠩᠭᠣᠯ ᠭᠠᠨᠰᠦ ᠬᠣᠶᠠᠷ ᠲᠠᠯ᠎ᠠ᠎ᠪᠠᠷ ᠵᠶ᠋ᠠᠨ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠱᠠᠭ᠋ᠠᠷᠳᠠᠯᠭ᠎ᠠ ᠶᠣᠰᠣᠭ᠋ᠠᠷ᠂ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠬᠢᠵᠠᠭ᠋ᠠᠷ᠎ᠢ ᠡᠪᠳᠡᠵᠦ᠂ ᠪᠠᠳᠠᠶ ᠵᠢᠨ ᠵᠢᠷᠢᠨ᠂ ᠲᠩᠷᠢ ᠡᠯᠡᠰᠦ ᠬᠣᠶᠠᠷ ᠶᠡᠬᠡ ᠡᠯᠡᠰᠦᠨ ᠴᠥᠯ ᠵᠶ᠋ᠠᠷ ᠭᠣᠣᠯᠳᠠᠯᠭ᠎ᠠ ᠪᠣᠯᠭ᠋ᠠᠵᠤ᠂ ᠡᠾᠸᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠤᠨ ᠵᠠᠬ᠎ᠠ ᠵᠢ ᠰᠡᠷᠭᠡᠢ᠌ᠯᠡᠨ ᠵᠠᠰᠠᠬᠤ ᠠᠵᠢᠯᠯᠠᠭ᠋ᠠᠨ ᠪᠠ ᠬᠠᠲᠤᠨ ᠭᠣᠣᠯ᠎ᠤᠨ 《几 ᠦᠰᠦᠭ》 ᠤᠨ ᠤᠷᠤᠨ ᠪᠦᠰᠡ ᠵᠢᠨ ᠪᠣᠭᠣᠮᠲᠠ ᠰᠢᠪᠲᠤᠯᠬᠤ ᠠᠵᠢᠯᠯᠠᠭ᠋ᠠᠨ᠎ᠤ ᠢᠯᠠᠯᠲᠠ ᠵᠢ ᠰᠠᠶ᠋ᠢᠲᠤᠷ ᠬᠢᠬᠦ᠎ᠳᠤ ᠬᠦᠴᠦᠨ ᠵᠶ᠋ᠡᠨ ᠲᠠᠯᠪᠢᠵᠦ᠂ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠴᠤ᠂ ᠣᠷᠣᠨ ᠪᠦᠰᠡ ᠵᠢᠨ ᠬᠣᠯᠪᠣᠭ᠋ᠠᠯᠠᠨ ᠬᠥᠳᠡᠯᠦᠯᠴᠡᠬᠦ ᠵᠢ ᠠᠬᠢᠭᠤᠯᠵᠤ᠂ ᠪᠠᠳᠠᠶ ᠵᠢᠨ ᠵᠢᠷᠠᠨ᠎ᠤ ᠡᠯᠡᠰᠦ ᠮᠠᠩᠬ᠎ᠠ ᠬᠢᠭᠡᠳ ᠲᠩᠷᠢ ᠡᠯᠡᠰᠦᠨ᠎ᠤ ᠭᠠᠨᠰᠦ ᠮᠣᠩᠭᠣᠯ᠎ᠤᠨ ᠠᠭᠤᠯᠵᠠᠷ ᠣᠷᠣᠨ᠎ᠤ ᠠᠮᠢ ᠠᠬᠤᠶ ᠵᠢᠨ ᠵᠠᠰᠠᠯᠲᠠ ᠵᠢ ᠬᠠᠮᠲᠤ᠎ᠪᠠᠷ ᠲᠥᠯᠥᠪᠵᠢᠭᠦᠯᠵᠦ᠂ ᠳᠡᠯ ᠠᠭᠤᠯᠠ ᠵᠢᠨ ᠪᠣᠭᠣᠮᠲᠠ᠂ ᠪᠠᠳᠠᠶ ᠵᠢᠨ ᠵᠢᠷᠠᠨ᠎ᠤ ᠡᠯᠡᠰᠦᠨ᠎ᠤ ᠪᠠᠷᠠᠭᠤᠨ ᠵᠠᠬ᠎ᠠ᠂ ᠪᠠᠳᠠᠶ ᠵᠢᠨ ᠵᠢᠷᠠᠨ᠎ᠤ ᠡᠯᠡᠰᠦᠨ᠎ᠤ ᠡᠮᠦᠨ᠎ᠡ ᠵᠠᠬ᠎ᠠ ᠬᠢᠭᠡᠳ ᠲᠩᠷᠢ ᠡᠯᠡᠰᠦᠨ᠎ᠤ ᠬᠣᠶ᠋ᠢᠲᠤ ᠵᠠᠬ᠎ᠠ ᠵᠢᠨ ᠠᠭᠤᠯᠵᠠᠷ᠂ ᠲᠩᠷᠢ ᠡᠯᠡᠰᠦᠨ᠎ᠤ ᠪᠠᠷᠠᠭᠤᠨ ᠡᠮᠦᠨ᠎ᠡ ᠵᠠᠬ᠎ᠠ ᠵᠢᠨ 《ᠳᠥᠷᠪᠡᠨ ᠶᠡᠬᠡ ᠬᠣᠷᠢᠭᠯᠠᠨ ᠴᠣᠬᠢᠬᠤ ᠰᠡᠷᠭᠡᠶ᠋ᠢᠯᠡᠯᠲᠡ ᠵᠢᠨ ᠱᠤᠭᠤᠮ》 ᠪᠠ 《ᠳᠥᠷᠪᠡᠨ ᠶᠡᠬᠡ ᠵᠠᠬ᠎ᠠ ᠵᠢᠨ ᠣᠶ ᠵᠢᠨ ᠤᠷᠤᠨ ᠪᠦᠰᠡ》 ᠵᠢ ᠪᠠᠶ᠋ᠢᠭᠤᠯᠵᠤ᠂ ᠬᠠᠮᠵᠢᠯᠴᠠᠨ ᠡᠯᠡᠰᠦ ᠵᠢ ᠵᠠᠰᠠᠬᠤ᠂ ᠡᠯᠡᠰᠦ ᠵᠢ ᠬᠠᠮᠢᠶᠠᠷᠬᠤ᠂ ᠡᠯᠡᠰᠦ ᠵᠢ ᠬᠡᠷᠡᠭᠯᠡᠬᠦ ᠠᠵᠢᠯ᠎ᠤᠨ ᠰᠢᠨ᠎ᠡ ᠪᠠᠶ᠋ᠢᠳᠠᠯ᠎ᠢ ᠪᠣᠶ ᠪᠣᠯᠭ᠋ᠠᠨ᠎ᠠ᠃ ᠡᠭᠦᠨ᠎ᠤ ᠬᠠᠮᠲᠤ᠂ ᠦᠪᠦᠷ ᠮᠣᠩᠭᠣᠯ ᠭᠠᠨᠰᠦ ᠬᠣᠶᠠᠷ ᠲᠠᠯ᠎ᠠ᠎ᠪᠠᠷ ᠵᠶ᠋ᠠᠨ ᠪᠠᠰᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ᠂ ᠭᠠᠨᠰᠦ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠬᠢ ᠪᠠᠶᠠᠯᠢᠭ᠎ᠤᠨ ᠥᠪᠥᠷ ᠮᠣᠩᠭᠣᠯ᠎ᠯᠤᠭ᠎ᠠ ᠬᠠᠮᠵᠢᠯᠴᠠᠬᠤ ᠲᠣᠭᠲᠠᠴᠠ ᠪᠠᠶ᠋ᠢᠭᠤᠯᠬᠤ ᠵᠢ ᠠᠬᠢᠭᠤᠯᠬᠤ᠂ ᠭᠠᠨᠰᠦ ᠵᠢᠨ ᠤᠢ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠦᠷᠢᠶᠡᠨ᠎ᠤ ᠬᠡᠷᠡᠭᠯᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ ᠵᠢᠴᠢ ᠰᠢᠨᠵᠢᠯᠡᠬᠦ ᠤᠬᠠᠭ᠋ᠠᠨ᠎ᠤ ᠬᠦᠷᠢᠶᠡᠯᠡᠩ ᠬᠢᠭᠡᠳ ᠥᠪᠥᠷ ᠮᠣᠩᠭᠣᠯ᠎ᠤᠨ ᠬᠠᠮᠢᠶ᠎ᠠ ᠪᠦᠬᠦᠢ ᠬᠦᠷᠢᠶᠡᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠪᠣᠯᠤᠨ ᠳᠡᠭᠡᠳᠦ ᠰᠢᠨ᠎ᠡ ᠮᠡᠷᠭᠡᠵᠢᠯ᠎ᠤᠨ ᠬᠦᠷᠢᠶᠡᠯᠡᠩ ᠲᠣᠭᠣᠷᠢᠭ᠎ᠤᠨ ᠬᠠᠮᠲᠤᠷᠠᠯᠴᠠᠭ᠎ᠠ ᠵᠢ ᠠᠬᠢᠭᠤᠯᠬᠤ ᠲᠠᠯ᠎ᠠ᠎ᠪᠠᠷ ᠬᠠᠮᠲᠤᠷᠠᠯᠴᠠᠭ᠋ᠠᠨ᠎ᠤ ᠪᠢᠴᠢᠭ᠎ᠲᠤ ᠭᠠᠷᠤᠨ ᠦᠰᠦᠭ ᠵᠢᠷᠤᠪᠠ᠃